ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠥᠭᠡᠮᠡᠯᠵᠢᠬᠦᠯᠬᠦ  ᠮᠡᠲᠡᠯᠭᠡ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2020-08-12
     ᠨᠢᠭᠡ᠂  ᠡᠩ ᠤᠨ ᠤᠯᠠᠨ ᠲᠥᠮᠡᠨ ᠳᠤ ᠬᠠᠨᠲᠤᠭᠤᠯᠤᠭᠰᠠᠨ ᠮᠡᠳᠡᠯᠭᠡ      3᠂ ᠶᠠᠮᠠᠷ ᠶᠠᠮᠠᠷ ᠠᠵᠢᠯᠯᠠᠭ᠎ᠠ ᠨᠢ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠳᠡᠭ ᠪᠤᠢ︖     ᠬᠦᠮᠦᠰ ᠬᠤᠯᠤᠭᠠᠨ᠎ᠠ ᠶᠢᠨ ᠬᠢᠵᠢᠭ ᠢ ᠠᠶᠠᠨᠳᠠᠭᠠᠨ ᠡᠰᠡᠷᠬᠦᠴᠡᠬᠦ ᠴᠢᠳᠠᠪᠤᠷᠢ ᠪᠠᠶᠢᠬᠤ ᠦᠭᠡᠢ᠂ ᠲᠤᠬᠠᠢᠢᠯᠠᠪᠠᠯ ᠲᠤᠤᠷᠠᠬᠢ ᠠᠵᠢᠯᠯᠠᠭ᠎ᠠ ᠳᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠬᠦ ᠲᠦᠭᠰᠢᠬᠦᠷᠢ ᠨᠡᠮᠡᠭᠳᠡᠳᠡᠭ᠃      ︵1︶ ᠬᠢᠵᠢᠭ ᠭᠡᠮ ᠲᠠᠢ ᠠᠮᠢᠳᠠᠨ ᠢ ᠠᠩᠨᠠᠬᠤ︔      ︵2︶ ᠬᠢᠵᠢᠭ ᠭᠡᠮ ᠲᠠᠢ ᠠᠮᠢᠳᠠᠨ ᠤ ᠠᠷᠠᠰᠦ ᠶᠢ ᠦᠪᠴᠢᠬᠦ᠂ ᠰᠢᠢᠳᠪᠦᠷᠢᠯᠡᠬᠦ︔      ︵3︶ ᠬᠢᠵᠢᠭ ᠭᠡᠮ ᠲᠠᠢ ᠠᠮᠢᠳᠠᠨ ᠪᠠ ᠲᠡᠬᠦᠨ ᠤ ᠪᠦᠳᠦᠭᠡᠭᠳᠡᠬᠦᠨ ᠢ ᠠᠪᠴᠦ ᠶᠠᠪᠤᠬᠤ︔      ︵4︶ ᠬᠤᠯᠤᠭᠠᠨ᠎ᠠ ᠶᠢᠨ ᠬᠢᠵᠢᠭ ᠡᠭᠦᠰᠦᠭᠰᠡᠨ ᠭᠠᠵᠠᠷ ᠲᠤ ᠬᠢᠵᠢᠭ ᠢᠶᠠᠷ ᠦᠭᠦᠭᠰᠡᠨ ᠬᠤᠯᠤᠭᠠᠨ᠎ᠠ ᠶᠢᠨ ᠲᠦᠷᠦᠯ ︵ᠲᠠᠷᠪᠠᠭ᠎ᠠ︶᠂ ᠭᠡᠭᠡᠷ᠎ᠠ ᠶᠢᠨ ᠲᠠᠤᠯᠠᠢ᠂ ᠦᠨᠡᠭᠡ᠂ ᠨᠤᠬᠠᠢ᠂ ᠮᠤᠤᠷ᠂ ᠵᠡᠭᠡᠷ᠎ᠠ ᠵᠡᠷᠭᠡ ᠠᠮᠢᠳᠠᠨ ᠲᠠᠢ ᠤᠢᠢᠷᠠᠳᠤᠬᠤ︔      ︵5︶ ᠬᠤᠯᠤᠭᠠᠨ᠎ᠠ ᠶᠢᠨ ᠬᠢᠵᠢᠭ ᠡᠭᠦᠰᠦᠭᠰᠡᠨ ᠭᠠᠵᠠᠷ ᠤᠨ ᠬᠤᠯᠤᠭᠠᠨ᠎ᠠ ᠶᠢᠨ ᠲᠦᠷᠦᠯ ︵ᠲᠠᠷᠪᠠᠭ᠎ᠠ︶᠂ ᠭᠡᠭᠡᠷ᠎ᠠ ᠶᠢᠨ ᠲᠠᠤᠯᠠᠢ ᠵᠡᠷᠭᠡ ᠠᠮᠢᠳᠠᠨ ᠤ ᠨᠦᠭᠡᠨ ᠤ ᠤᠢᠢᠷ᠎ᠠ ᠬᠠᠪᠢ ᠪᠠᠷ ᠠᠮᠠᠷᠠᠬᠤ᠂ ᠠᠮᠢᠳᠠᠨ ᠤ ᠨᠦᠭᠡ ᠶᠢ ᠤᠬᠤᠵᠦ ᠮᠠᠯᠳᠠᠬᠤ︔      ︵6︶ ᠬᠤᠪᠢ ᠪᠡᠶ᠎ᠠ ᠶᠢᠨ ᠰᠡᠷᠭᠡᠶᠢᠯᠡᠯᠳᠡ ᠬᠢᠭᠰᠡᠨ ᠦᠭᠡᠢ ᠪᠠᠶᠢᠳᠠᠯ ᠲᠤᠤᠷ᠎ᠠ᠂ ᠠᠭᠤᠰᠬᠢᠨ ᠤ ᠬᠤᠯᠤᠭᠠᠨ᠎ᠠ ᠶᠢᠨ ᠬᠢᠵᠢᠭ ᠲᠠᠢ ᠡᠪᠡᠳᠴᠢᠳᠡᠨ ᠲᠠᠢ ᠨᠢᠬᠳᠠ ᠤᠢᠢᠷᠠᠳᠤᠬᠤ᠃      4᠂ ᠬᠤᠯᠤᠭᠠᠨ᠎ᠠ ᠶᠢᠨ ᠬᠢᠵᠢᠭ ᠡᠭᠦᠰᠦᠭᠰᠡᠨ ᠭᠠᠵᠠᠷ ᠢᠶᠠᠷ ᠵᠤᠭᠠᠴᠠᠬᠤ ᠳᠤ ᠶᠠᠭᠤ ᠶᠢ ᠠᠩᠬᠠᠷᠬᠤ ᠴᠢᠬᠤᠯᠠᠲᠠᠢ ᠪᠤᠢ︖      ︵1︶ ᠬᠢᠵᠢᠭ ᠡᠭᠦᠰᠦᠭᠰᠡᠨ ᠭᠠᠵᠠᠷ ᠤᠨ ᠠᠮᠢᠲᠠᠨ ᠢ ᠠᠩᠨᠠᠬᠤ ᠥᠭᠡᠢ︔      ︵2︶ ᠬᠢᠵᠢᠭ ᠡᠭᠦᠰᠦᠭᠰᠡᠨ ᠭᠠᠵᠠᠷ ᠤᠨ ᠠᠮᠢᠲᠠᠨ ᠤ ᠠᠷᠠᠰᠦ ᠶᠢ ᠦᠪᠴᠢᠵᠦ ᠴᠢᠨᠠᠵᠦ ᠪᠤᠯᠭᠤᠵᠦ ᠢᠲᠡᠬᠦ ᠥᠭᠡᠢ᠂ ᠰᠢᠢᠳᠪᠤᠷᠢᠯᠡᠬᠦ ᠥᠭᠡᠢ︔      ︵3︶ ᠬᠢᠵᠢᠭ ᠡᠭᠦᠰᠦᠭᠰᠡᠨ ᠭᠠᠵᠠᠷ ᠤᠨ ᠠᠮᠢᠲᠠᠨ ᠵᠢᠴᠢ ᠲᠡᠬᠦᠨ ᠤ ᠪᠥᠲᠥᠭᠡᠭᠲᠡᠬᠦᠨ ᠢ ᠨᠢ ᠠᠪᠴᠥ ᠶᠠᠪᠤᠬᠤ ᠥᠭᠡᠢ︔      ︵4︶ ᠬᠢᠵᠢᠭ ᠢᠶᠠᠷ ᠥᠬᠦᠭᠰᠡᠨ ᠬᠤᠯᠤᠭᠠᠨ᠎ᠠ ᠶᠢᠨ ᠲᠥᠷᠥᠯ ︵ᠲᠠᠷᠪᠠᠭ᠎ᠠ︶᠂ ᠬᠡᠭᠡᠷ᠎ᠠ ᠶᠢᠨ ᠲᠠᠤᠯᠠᠢ᠂ ᠥᠨᠡᠭᠡ᠂ ᠴᠢᠨ᠋ᠸ᠎ᠠ᠂ ᠨᠤᠬᠠᠢ᠂ ᠮᠤᠤᠷ ᠵᠡᠷᠭᠡ ᠠᠮᠢᠲᠠᠨ ᠲᠠᠢ ᠤᠢᠢᠷᠠᠳᠤᠬᠤ ᠥᠭᠡᠢ︔      ︵5︶ ᠬᠤᠯᠤᠭᠠᠨ᠎ᠠ ᠶᠢᠨ ᠬᠢᠵᠢᠭ ᠡᠭᠦᠰᠦᠭᠰᠡᠨ ᠭᠠᠵᠠᠷ ᠤᠨ ᠬᠤᠯᠤᠭᠠᠨ᠎ᠠ ᠶᠢᠨ ᠲᠥᠷᠥᠯ ︵ᠲᠠᠷᠪᠠᠭ᠎ᠠ︶᠂ ᠭᠡᠭᠡᠷ᠎ᠠ ᠶᠢᠨ ᠲᠠᠤᠯᠠᠢ ᠵᠡᠷᠭᠡ ᠠᠮᠢᠲᠠᠨ ᠤ ᠨᠥᠭᠡ ᠶᠢᠨ ᠤᠢᠢᠷ᠎ᠠ ᠬᠠᠪᠢ ᠳᠤ ᠠᠮᠠᠷᠠᠬᠤ ᠥᠭᠡᠢ᠂ ᠠᠮᠢᠲᠠᠨ ᠤ ᠨᠥᠭᠡ ᠶᠢ ᠮᠠᠯᠲᠠᠬᠤ ᠥᠭᠡᠢ᠃ 
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号