ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠤ ᠪᠤᠯᠬᠤ ᠮᠦᠷᠳᠡᠭᠡᠨ ᠵᠠᠰᠠᠵᠤ ᠲᠠᠶᠢᠯᠤᠨ᠎ᠠ
ᠨᠡᠶᠢᠲᠡᠯᠡᠭᠰᠡᠨ ᠴᠠᠭ᠄
2020-08-12
ᠨᠠᠶᠢᠷᠠᠭᠤᠯᠤᠭᠴᠢ ᠶᠢᠨ ᠦᠭᠡ     ︽ᠬᠤᠯᠤᠭᠠᠨ᠎ᠠ ᠶᠢᠨ ᠬᠢᠵᠢᠭ︾ ᠪᠢᠳᠠᠨ ᠠᠴᠠ ᠶᠡᠭᠡ ᠬᠤᠯᠠᠳᠠᠭᠰᠠᠨ ᠰᠢᠬ ᠰᠠᠨᠠᠭᠳᠠᠵᠤ ᠪᠠᠶᠢᠪᠠ᠃ ᠤᠢᠢᠷ᠎ᠠ ᠶᠢᠨ ᠡᠳᠤᠷ ᠰᠢᠯᠢ ᠶᠢᠨ ᠭᠤᠤᠯ ᠠᠶᠢᠮᠠᠭ ᠲᠤ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠡᠪᠡᠳᠴᠢᠳᠠᠨ ᠲᠤᠳᠤᠯᠠᠭᠳᠠᠭᠰᠠᠨ ᠨᠢ ᠬᠤᠯᠤᠭᠠᠨ᠎ᠠ ᠶᠢᠨ ᠬᠢᠵᠢᠭ ᠤᠨ ᠲᠤᠬᠠᠢ ᠬᠠᠮᠢᠶ᠎ᠠ ᠪᠦᠭᠦᠢ ᠮᠡᠳᠡᠯᠭᠡ ᠶᠢ ᠡᠵᠡᠮᠰᠢᠭᠦ ᠴᠢᠬᠤᠯᠠᠳᠠᠢ ᠪᠤᠯᠤᠯ᠎ᠠ᠃ ᠭᠡᠪᠡᠴᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠤ ᠪᠤᠯᠬᠤ ᠮᠦᠷᠳᠡᠭᠡᠨ ᠵᠠᠰᠠᠵᠤ ᠡᠳᠡᠭᠡᠷᠡᠭᠦᠯᠵᠤ ᠲᠠᠶᠢᠯᠤᠨ᠎ᠠ ᠭᠡᠳᠡᠭ ᠢ ᠬᠦᠮᠤᠨ ᠪᠦᠭᠦᠨ ᠮᠡᠳᠡᠭᠦ ᠭᠡᠷᠡᠭᠳᠡᠢ᠃     ᠬᠤᠯᠤᠭᠠᠨ᠎ᠠ ᠶᠢᠨ ᠬᠢᠵᠢᠭ ᠨᠢ ᠭᠡᠳᠦ᠋ᠢᠪᠠᠷ ᠴᠢᠩᠭ᠎ᠠ ᠬᠠᠯᠳᠠᠪᠤᠷᠢᠯᠠᠬᠤ ᠴᠢᠨᠠᠷᠳᠠᠢ ᠡᠪᠡᠳᠴᠢᠨ ᠪᠤᠯᠪᠠᠴᠤ ᠤᠷᠢᠳᠴᠢᠯᠠᠨ ᠰᠡᠷᠭᠡᠶᠢᠯᠡᠵᠤ᠂ ᠤᠷᠢᠳᠴᠢᠯᠡᠨ ᠤᠨᠤᠰᠢᠯᠠᠵᠤ᠂ ᠡᠷᠳᠡ ᠲᠤᠳᠤᠯᠠᠵᠤ᠂ ᠡᠷᠳᠡ ᠡᠮᠴᠢᠯᠡᠭᠦᠯᠪᠡᠯ ᠤᠯᠠᠩᠬᠢ ᠡᠪᠡᠳᠴᠢᠳᠠᠨ ᠨᠢ ᠪᠦᠷᠢᠮᠤᠰᠤᠨ ᠡᠳᠡᠭᠡᠷᠡᠳᠡᠭ᠃ ᠪᠢᠳᠠ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠳᠡᠭᠡᠭᠦ ᠦᠭᠡᠢ ᠪᠠᠷ ᠰᠢᠨᠵᠢᠯᠡᠭᠦ ᠤᠬᠠᠭᠠᠨᠴᠢ ᠪᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠶ᠎ᠠ︕     ᠲᠡᠭᠡᠪᠡᠯ ᠲᠤᠤᠷ᠎ᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠭᠦ᠂ ᠬᠤᠯᠤᠭᠠᠨ᠎ᠠ ᠶᠢᠨ ᠬᠢᠵᠢᠭ ᠤᠨ ᠢᠯᠡᠷᠡᠯ᠂ ᠬᠤᠯᠤᠭᠠᠨ᠎ᠠ ᠶᠢᠨ ᠬᠢᠵᠢᠭ ᠢ ᠤᠷᠢᠳᠴᠢᠯᠠᠨ ᠰᠡᠷᠭᠡᠶᠢᠯᠡᠭᠦ ᠲᠤᠬᠠᠢ ᠬᠠᠮᠢᠶ᠎ᠠ ᠪᠦᠬᠦᠢ ᠮᠡᠳᠡᠯᠭᠡ ᠠᠴᠠ ᠬᠤᠪᠢᠶᠠᠯᠴᠠᠶ᠎ᠠ᠃     ᠶᠠᠭᠤ ᠶᠢ ᠬᠤᠯᠤᠭᠠᠨ᠎ᠠ ᠶᠢᠨ ᠬᠢᠵᠢᠭ ᠭᠡᠭᠦ ᠪᠤᠢ︖     ᠬᠤᠯᠤᠭᠠᠨ᠎ᠠ ᠶᠢᠨ ᠬᠢᠵᠢᠭ ᠪᠤᠯ ᠨᠢᠭᠡ ᠵᠦᠢᠯ ᠤᠨ ᠠᠯᠢ ᠡᠷᠳᠡ ᠪᠠᠶᠢᠵᠤ ᠦᠡᠭᠭᠡᠷᠡᠭᠰᠡᠨ ᠪᠦᠭᠡᠳ ᠬᠤᠯᠤᠭᠠᠨ᠎ᠠ ᠶᠢᠨ ᠰᠠᠪᠬᠠᠨᠴᠢᠷ  ᠪᠠᠺᠲ᠋ᠧᠷᠢ ᠠᠴᠠ ᠡᠭᠦᠰᠦᠭᠰᠡᠨ ᠲᠡᠯᠭᠡᠷᠡᠭᠦ ᠨᠢ ᠬᠤᠷᠳᠤᠨ᠂ ᠬᠠᠯᠳᠠᠪᠤᠷᠢᠯᠬᠠᠤ ᠴᠢᠨᠠᠷ ᠢᠶᠠᠷ ᠴᠢᠩᠭ᠎ᠠ᠂ ᠦᠭᠦᠭᠦ ᠨᠤᠷᠮ᠎ᠠ ᠪᠠᠷ ᠦᠨᠳᠤᠷ ᠲᠤᠭᠰᠢᠨ ᠴᠢᠨᠠᠷᠳᠠᠢ ᠲᠠᠬᠤᠯ ᠡᠪᠡᠳᠴᠢᠨ ᠪᠤᠯᠤᠨ᠎ᠠ᠃ ᠲᠡᠷᠡ ᠨᠢ ᠡᠬᠢᠯᠡᠭᠦ ᠳᠡᠭᠡᠨ ᠬᠤᠯᠤᠭᠠᠨ᠎ᠠ ᠶᠢᠨ ᠲᠤᠮᠳᠠ ᠲᠡᠯᠭᠡᠷᠡᠵᠤ᠂ ᠵᠤᠬᠢᠬᠤ ᠨᠦᠬᠦᠴᠡᠯ ᠲᠤᠤᠷ᠎ᠠ ᠨᠤᠬᠠᠢ ᠶᠢᠨ ᠪᠦᠭᠡᠰᠤᠨ ᠳᠤ ᠬᠠᠵᠠᠭᠳᠠᠭᠰᠠᠨ ᠪᠤᠶᠤ ᠪᠤᠰᠤᠳ ᠵᠠᠮ ᠢᠶᠠᠷ ᠲᠡᠮᠵᠢᠨ ᠬᠦᠮᠤᠨ ᠳᠤ ᠬᠠᠯᠳᠠᠪᠤᠷᠢᠯᠠᠨ᠂ ᠬᠦᠮᠤᠰ ᠤᠨ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠪᠤᠢ ᠪᠤᠯᠭᠠᠳᠠᠭ᠃
    ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠯ ᠤᠨ ᠵᠠᠮ     ᠬᠠᠯᠳᠠᠪᠤᠷᠢᠯᠠᠯ ᠤᠨ ᠡᠬᠢ᠄ ᠬᠢᠵᠢᠭ ᠲᠤ ᠨᠡᠷᠪᠡᠭᠳᠡᠭᠰᠡᠨ ᠠᠮᠢᠳᠠᠨ ᠪᠤᠯᠤᠨ ᠠᠭᠤᠰᠬᠢᠨ ᠤ ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠪᠤᠯ ᠭᠤᠤᠯ ᠬᠠᠯᠳᠠᠪᠤᠷᠢᠯᠠᠯ ᠤᠨ ᠡᠬᠢ ᠰᠤᠷᠪᠤᠯᠵᠢ ᠪᠤᠯᠬᠤ ᠶᠤᠮ᠃ ᠬᠢᠵᠢᠭ ᠤᠨ ᠡᠬᠢ ᠡᠭᠦᠰᠤᠯ ᠪᠤᠯᠬᠤ ᠠᠮᠢᠳᠠᠨ ᠳᠤ ᠮᠡᠷᠡᠭᠴᠢ ᠠᠮᠢᠳᠠᠨ ᠪᠠ ᠵᠠᠷᠢᠮ ᠵᠡᠷᠯᠢᠭ ᠮᠢᠬᠠᠴᠢᠨ ᠠᠮᠢᠳᠠᠨ ᠪᠠᠶᠢᠳᠠᠭ᠃ ᠵᠢᠱᠢᠶᠠᠯᠠᠪᠠᠯ ᠤᠭᠤᠳᠤᠨ᠎ᠠ᠂ ᠵᠤᠷᠮ᠎ᠠ ᠵᠡᠷᠭᠡ᠃     ᠬᠠᠯᠳᠠᠪᠤᠷᠢᠯᠠᠯ ᠤᠨ ᠵᠠᠮ     ᠨᠢᠭᠡ᠂ ᠨᠤᠬᠠᠢ ᠶᠢᠨ ᠪᠦᠭᠡᠰᠤᠨ ᠠᠴᠠ ᠬᠠᠯᠳᠠᠪᠤᠷᠢᠯᠠᠭᠰᠠᠨ ᠬᠠᠯᠳᠠᠪᠤᠷᠢᠯᠠᠯ ᠤᠨ ᠵᠠᠮ᠂ ᠲᠠᠷᠤᠢ ᠬᠤᠯᠤᠭᠠᠨ᠎ᠠ — ᠨᠤᠬᠠᠢ ᠶᠢᠨ ᠪᠦᠭᠡᠰᠤ — ᠬᠦᠮᠤᠨ ᠤ ᠬᠠᠯᠳᠠᠪᠤᠷᠢᠯᠠᠯ ᠤᠨ ᠵᠠᠮ᠃ ᠨᠤᠬᠠᠢ ᠶᠢᠨ ᠪᠦᠭᠡᠰᠤ ᠨᠢ ᠬᠢᠵᠢᠭ ᠲᠠᠢ ᠬᠤᠯᠤᠭᠠᠨ᠎ᠠ ᠶᠢ ᠬᠠᠵᠠᠭᠰᠠᠨ ᠤ ᠲᠠᠷᠠᠭ᠎ᠠ ᠬᠦᠮᠤᠨ ᠢ ᠬᠠᠵᠠᠬᠤ ᠡᠰᠡᠭᠦᠯ᠎ᠠ ᠬᠢᠵᠢᠭ ᠲᠤ ᠨᠡᠷᠪᠡᠭᠳᠡᠭᠰᠡᠨ ᠲᠠᠤᠯᠠᠢ᠂ ᠦᠨᠡᠭᠡ ᠶᠢᠨ ᠠᠷᠠᠰᠤ ᠶᠢ ᠦᠪᠴᠢᠭᠦ ᠪᠤᠶᠤ ᠬᠢᠵᠢᠭ ᠲᠤ ᠨᠡᠷᠪᠡᠭᠳᠡᠭᠰᠡᠨ ᠠᠮᠢᠳᠠᠨ ᠢ ᠢᠳᠡᠭᠦ ᠠᠴᠠ ᠬᠠᠯᠳᠠᠪᠤᠷᠢᠯᠠᠭᠳᠠᠨ᠎ᠠ ᠃ ᠲᠤᠰ ᠬᠠᠯᠳᠠᠪᠤᠷᠢᠯᠠᠬᠤ ᠵᠠᠮ ᠨᠢ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠪᠤᠶᠤ ᠴᠢᠰᠤ ᠦᠭᠦᠰᠢᠷᠡᠭᠦ ᠴᠢᠨᠠᠷᠳᠠᠢ ᠬᠤᠯᠤᠭᠠᠨ᠎ᠠ ᠶᠢᠨ ᠬᠢᠵᠢᠭ ᠢ ᠡᠭᠦᠰᠭᠡᠳᠡᠭ᠃     ᠬᠤᠶᠠᠷ᠂ ᠬᠦᠮᠤᠨ — ᠬᠦᠮᠤᠨ ᠳᠤ ᠬᠠᠯᠳᠠᠪᠤᠷᠢᠯᠠᠬᠤ ᠵᠠᠮ᠃ ᠲᠠᠷᠤᠢ ᠡᠷᠡᠭᠦᠯ ᠬᠦᠮᠤᠨ ᠠᠭᠤᠰᠬᠢᠨ ᠤ ᠬᠤᠯᠤᠭᠠᠨ᠎ᠠ ᠶᠢᠨ ᠬᠢᠵᠢᠭ ᠲᠠᠢ ᠡᠪᠡᠳᠴᠢᠳᠠᠨ ᠲᠠᠢ ᠤᠢᠢᠷᠠᠳᠤᠵᠤ ᠬᠦᠷᠤᠯᠴᠡᠭᠰᠡᠨ ᠠᠴᠠ ᠠᠮᠢᠰᠬᠤᠯ ᠤᠨ ᠵᠠᠮ ᠢᠶᠠᠷ ᠭᠤᠤᠯᠳᠠᠭᠤ ᠬᠠᠯᠳᠠᠪᠤᠷᠢᠯᠠᠳᠠᠭ᠃ ᠲᠤᠰ ᠬᠠᠯᠳᠠᠪᠤᠷᠢᠯᠠᠯ ᠤᠨ ᠵᠠᠮ ᠨᠢ ᠠᠭᠤᠰᠬᠢᠨ ᠤ ᠬᠤᠯᠤᠭᠠᠨ᠎ᠠ ᠶᠢᠨ ᠬᠢᠵᠢᠭ ᠢ ᠡᠭᠦᠰᠭᠡᠨ᠎ᠠ᠃     ᠭᠤᠷᠪᠠ᠂ ᠠᠮᠠᠷᠬᠠᠨ ᠬᠠᠯᠳᠠᠪᠤᠷᠢᠯᠠᠬᠤ ᠬᠦᠮᠤᠰ᠄ ᠬᠦᠮᠤᠨ ᠲᠦᠷᠤᠯᠬᠢᠳᠠᠨ ᠨᠠᠶᠢᠳᠠᠮ ᠠᠮᠠᠷᠬᠠᠨ ᠬᠠᠯᠳᠠᠪᠤᠷᠢᠯᠠᠭᠳᠠᠨ᠎ᠠ᠃ ᠬᠢᠵᠢᠭᠳᠤ ᠤᠷᠤᠨ ᠤ ᠭᠡᠭᠡᠷ᠎ᠠ ᠭᠠᠳᠠᠨ᠎ᠠ ᠠᠵᠢᠯᠯᠠᠳᠠᠭ ᠬᠦᠮᠤᠰ ᠪᠠ ᠭᠡᠭᠡᠷ᠎ᠠ ᠶᠢᠨ ᠲᠠᠤᠯᠠᠢ᠂ ᠦᠨᠡᠭᠡ ᠵᠡᠷᠭᠡ ᠶᠢ ᠠᠪᠠᠯᠠᠵᠤ᠂ ᠦᠪᠴᠢᠵᠤ ᠢᠳᠡᠳᠡᠭ ᠬᠦᠮᠤᠨ᠂ ᠮᠠᠯᠴᠢᠳ ᠬᠢᠯᠪᠠᠷ ᠬᠠᠯᠳᠠᠪᠤᠷᠢᠯᠠᠬᠤ ᠪᠦᠭᠡᠳ ᠬᠠᠯᠳᠠᠪᠤᠷᠢᠯᠠᠬᠤ ᠪᠤᠯᠤᠮᠵᠢ ᠨᠢ ᠪᠤᠰᠤᠳ ᠬᠦᠮᠤᠨ ᠠᠴᠠ ᠦᠨᠳᠤᠷ ᠪᠠᠶᠢᠳᠠᠭ᠃
    ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠢᠯᠠᠷᠠᠯ     ᠬᠤᠯᠤᠭᠠᠨ᠎ᠠ ᠶᠢᠨ ᠬᠢᠵᠢᠭ ᠤᠨ ᠬᠤᠤᠷ ᠤᠨ ᠬᠦᠴᠤᠨ᠂ ᠬᠠᠯᠳᠠᠪᠤᠷᠢᠯᠠᠭᠰᠠᠨ ᠭᠡᠰᠡᠭ᠂ ᠬᠠᠯᠳᠠᠭᠰᠠᠨ ᠶᠠᠪᠤᠴᠠ ᠵᠢᠴᠢ ᠡᠪᠡᠳᠴᠢᠳᠠᠨ ᠤ ᠡᠰᠡᠷᠭᠦᠴᠡᠭᠦ ᠴᠢᠳᠠᠪᠤᠷᠢ ᠶᠢᠨ ᠠᠳᠠᠯᠢ ᠪᠤᠰᠤ ᠪᠠᠶᠢᠳᠠᠯ ᠢ ᠦᠨᠳᠤᠰᠤᠯᠡᠨ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ᠂ ᠴᠢᠰᠤ ᠦᠷᠡᠵᠢᠭᠦ ᠬᠤᠯᠤᠭᠠᠨ᠎ᠠ ᠶᠢᠨ ᠬᠢᠵᠢᠭ ᠂ ᠠᠷᠠᠰᠤᠨ ᠤ ᠬᠤᠯᠤᠭᠠᠨ᠎ᠠ ᠶᠢᠨ ᠬᠢᠵᠢᠭ᠂ ᠭᠡᠳᠡᠰᠤᠨ ᠤ ᠬᠤᠯᠤᠭᠠᠨ᠎ᠠ ᠶᠢᠨ ᠬᠢᠵᠢᠭ ᠵᠡᠷᠭᠡ ᠤᠯᠠᠨ ᠵᠦᠢᠯ ᠤᠨ ᠭᠡᠯᠪᠡᠷᠢ ᠬᠤᠪᠢᠶᠠᠳᠠᠭ᠃ ᠡᠭᠦᠨ ᠤ ᠲᠤᠮᠳᠠ ᠦᠷᠭᠦᠯᠵᠢ ᠲᠤᠬᠢᠶᠠᠯᠳᠤᠳᠠᠭ ᠨᠢ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠪᠤᠯᠤᠨ᠎ᠠ᠃     ᠶᠠᠮᠠᠷᠪᠠ ᠵᠦᠢᠯ ᠤᠨ ᠬᠤᠯᠤᠭᠠᠨ᠎ᠠ ᠶᠢᠨ ᠬᠢᠵᠢᠭ ᠪᠤᠯᠤᠭᠰᠠᠨ ᠴᠤ ᠪᠦᠷ ᠬᠤᠯᠤᠭᠠᠨ᠎ᠠ ᠶᠢᠨ ᠬᠢᠵᠢᠭ ᠤᠨ ᠶᠡᠷᠤᠳᠠ ᠶᠢᠨ ᠪᠠᠶᠢᠳᠠᠯ ᠢᠶᠠᠷ ᠡᠪᠡᠳᠴᠢᠨ ᠤ ᠡᠭᠦᠰᠤᠯᠳᠠ ᠨᠢ ᠲᠦᠷᠭᠡᠨ ᠪᠠᠶᠢᠵᠤ᠂ ᠡᠪᠡᠳᠴᠢᠳᠠᠨ ᠭᠡᠨᠡᠳᠳᠡ ᠪᠠᠷ ᠲᠠᠭᠠᠷᠠᠳᠠᠰᠤ ᠬᠦᠷᠭᠦ ᠠᠴᠠ ᠭᠠᠳᠠᠨ᠎ᠠ᠂ ᠪᠠᠶ᠎ᠠ ᠶᠢᠨ ᠬᠠᠯᠠᠭᠤᠨ ᠤ ᠭᠡᠮᠵᠢᠶ᠎ᠠ ᠲᠡᠭᠡᠭᠰᠢᠯᠡᠨ 39 ᠭᠷᠠᠳᠦ᠋ᠰ ᠠᠴᠠ ᠲᠡᠭᠡᠭᠰᠢ ᠪᠤᠯᠵᠤ᠂ ᠪᠠᠰᠠ ᠲᠤᠯᠤᠭᠠᠢ ᠡᠷᠬᠢᠭᠦ᠂ ᠲᠤᠯᠤᠭᠠᠢ ᠡᠪᠡᠳᠭᠦ᠂ ᠠᠮᠢᠰᠬᠤᠯ ᠪᠠ ᠵᠢᠷᠤᠭᠡᠨ ᠴᠤᠬᠢᠯᠭ᠎ᠠ ᠲᠦᠷᠭᠡᠳᠴᠤ᠂ ᠭᠡᠤᠭᠡᠨ ᠬᠠᠷᠠᠭ᠎ᠠ ᠲᠤᠮᠤᠷᠠᠵᠤ᠂ ᠨᠢᠳᠤᠨ ᠳᠤ ᠴᠢᠰᠤ ᠬᠤᠷᠠᠬᠤ᠂ ᠴᠢᠷᠠᠢ ᠴᠠᠶᠢᠷᠠᠬᠤ ᠪᠤᠶᠤ ᠤᠯᠠᠶᠢᠵᠤ᠂ ᠠᠯᠬᠤᠭ᠎ᠠ ᠨᠢ ᠰᠤᠭᠳᠤᠭᠤᠷᠠᠭᠰᠠᠨ ᠮᠡᠳᠤ ᠪᠤᠯᠳᠠᠭ᠃ ᠵᠠᠷᠢᠮ ᠡᠪᠡᠳᠴᠢᠳᠠᠨ ᠪᠠᠰᠠ ᠪᠦᠭᠡᠯᠵᠢᠰᠤ ᠬᠦᠷᠭᠦ᠂ ᠬᠦᠶᠤᠯᠭᠡᠭᠦ᠂ ᠴᠢᠰᠤ ᠪᠠᠷ ᠲᠤᠭᠤᠯᠭᠠᠬᠤ᠂ ᠴᠢᠰᠤ ᠪᠠᠷ ᠰᠢᠭᠡᠭᠦ᠂ ᠵᠢᠷᠮᠤᠰᠤᠨ ᠡᠮᠡᠭᠳᠡᠢ ᠤᠷᠤᠭ ᠤᠨᠠᠭᠠᠬᠤ ᠵᠡᠷᠭᠡ ᠪᠠᠶᠢᠳᠠᠯ ᠢᠯᠡᠷᠡᠨ᠎ᠠ᠃ ᠭᠡᠷᠪᠡ ᠴᠠᠭ ᠲᠤᠬᠠᠢ ᠳᠤᠨᠢ ᠡᠮᠴᠢᠯᠡᠭᠦᠯᠭᠦ ᠦᠭᠡᠢ ᠪᠤᠯ 3~5 ᠡᠳᠤᠷ ᠤᠨ ᠰᠡᠭᠦᠯᠡᠷ ᠵᠢᠷᠤᠭᠡᠨ ᠤ ᠴᠢᠳᠠᠪᠤᠷᠢ ᠲᠤᠷᠦ᠋ᠢᠳᠠᠨ᠂ ᠭᠡᠨᠡᠳᠳᠡ ᠪᠠᠷ ᠦᠭᠦᠭᠦ ᠪᠤᠯᠤᠨ᠎ᠠ᠃     ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠨᠢ ᠬᠤᠯᠤᠭᠠᠨ᠎ᠠ ᠶᠢᠨ ᠬᠢᠵᠢᠭ ᠤᠨ ᠶᠡᠷᠤᠳᠠ ᠶᠢᠨ ᠢᠯᠡᠷᠡᠯ ᠠᠴᠠ ᠭᠠᠳᠠᠨ᠎ᠠ᠂ ᠭᠤᠤᠯᠳᠠᠭᠤ ᠴᠠᠪᠢ ᠶᠢᠨ ᠤᠭ ᠪᠤᠶᠤ ᠰᠤᠭᠤᠨ ᠲᠤᠳᠤᠷ᠎ᠠ᠂ ᠬᠦᠵᠤᠭᠦᠨ ᠤ ᠭᠡᠰᠡᠭ ᠵᠡᠷᠭᠡ ᠶᠢᠨ ᠭᠠᠳᠠᠨ᠎ᠠ ᠬᠦᠪᠳᠤᠷᠤᠳᠡᠵᠤ ︵ᠯᠢᠮᠪᠠ ᠶᠢᠨ ᠬᠠᠪᠤᠳᠠᠷ ᠶᠡᠭᠡᠳᠤᠨ᠎ᠠ︶᠂ ᠬᠠᠪᠤᠳᠠᠷ ᠤᠨ ᠶᠡᠭᠡᠳᠭᠦ ᠬᠤᠷᠳᠤᠴᠠ ᠲᠦᠷᠭᠡᠨ ᠪᠠᠶᠢᠵᠤ᠂ ᠠᠷᠠᠰᠤᠨ ᠤ ᠲᠤᠳᠤᠭᠠᠳᠤ ᠶᠢᠨ ᠨᠡᠭᠡᠳᠡᠰᠤ ᠨᠠᠭᠠᠯᠳᠤᠨ ᠬᠦᠳᠡᠯᠭᠡᠭᠡᠨᠳᠤ ᠴᠢᠨᠠᠷ ᠢᠶᠠᠨ ᠠᠯᠳᠠᠵᠤ᠂ ᠰᠦᠷᠡᠭᠡᠢ ᠡᠪᠡᠳᠴᠤ᠂ ᠡᠪᠡᠳᠴᠢᠳᠠᠨ ᠢ ᠲᠡᠰᠪᠤᠷᠢ ᠠᠯᠳᠠᠭᠤᠯᠤᠨ᠎ᠠ᠃ ᠠᠭᠤᠰᠬᠢᠨ ᠤ ᠬᠤᠯᠤᠭᠠᠨ᠎ᠠ ᠶᠢᠨ ᠬᠢᠵᠢᠭ ᠨᠢ ᠶᠡᠷᠤᠳᠡ ᠶᠢᠨ ᠪᠠᠶᠢᠳᠠᠯ ᠲᠤᠤᠷ᠎ᠠ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠭᠢᠭᠡᠳ ᠴᠢᠰᠤ ᠦᠷᠡᠵᠢᠭᠦ ᠭᠡᠯᠪᠡᠷᠢ ᠶᠢᠨ ᠬᠤᠯᠤᠭᠠᠨ᠎ᠠ ᠶᠢᠨ ᠬᠢᠵᠢᠭ ᠨᠢ ᠴᠢᠰᠤ ᠪᠠᠷ ᠲᠡᠮᠵᠢᠨ ᠲᠡᠯᠭᠡᠷᠡᠭᠰᠡᠨ ᠠᠴᠠ ᠡᠭᠦᠰᠴᠤ᠂ ᠭᠤᠤᠯ ᠢᠯᠡᠷᠡᠯ ᠨᠢ ᠬᠠᠨᠢᠶᠠᠯᠭᠠᠵᠤ᠂ ᠡᠪᠡᠳᠴᠢᠨ ᠡᠬᠢᠯᠡᠮᠡᠭᠴᠡ ᠠᠮᠢᠰᠬᠤᠭ᠎ᠠ ᠲᠠᠭᠡᠷᠡᠳᠡᠵᠤ᠂ ᠠᠮᠢᠰᠬᠤᠭ᠎ᠠ ᠪᠦᠭᠯᠡᠷᠡᠭᠦ᠂ ᠠᠮᠢᠰᠬᠤᠬᠤ ᠳᠤ ᠬᠦᠴᠢᠷᠳᠡᠭᠦ᠂ ᠴᠢᠷᠠᠢ ᠵᠢᠰᠤ᠂ ᠲᠦᠷᠪᠡᠨ ᠮᠦᠴᠢ᠂ ᠲᠡᠷᠡᠴᠢᠯᠡᠨ ᠪᠦᠬᠦ ᠪᠡᠶ᠎ᠠ ᠶᠢᠨ ᠠᠷᠠᠰᠤ ᠬᠠᠳᠠᠩᠬᠢᠷᠡᠵᠤ᠂ ᠮᠠᠰᠢ ᠲᠦᠷᠭᠡᠨ ᠢᠶᠠᠷ ᠮᠠᠨᠠᠷᠠᠳᠠᠭ᠃     ᠬᠦᠮᠤᠰ ᠤᠨ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠢ ᠭᠡᠷᠬᠢᠨ ᠤᠷᠢᠳᠴᠢᠯᠡᠨ ᠰᠡᠷᠭᠡᠶᠢᠯᠡᠭᠦ ᠪᠤᠢ︖    ᠬᠤᠯᠤᠭᠠᠨ᠎ᠠ ᠶᠢᠨ ᠬᠢᠵᠢᠭ ᠨᠢ ᠭᠡᠳᠦ᠋ᠢᠪᠠᠷ ᠨᠢᠭᠡ ᠵᠦᠢᠯ ᠤᠨ ᠲᠤᠭᠰᠢᠨ ᠴᠢᠨᠠᠷᠳᠠᠢ ᠬᠠᠯᠳᠠᠪᠤᠷᠢᠳᠤ ᠡᠪᠡᠳᠴᠢᠨ ᠪᠤᠯᠪᠠᠴᠤ ᠤᠯᠠᠨ ᠲᠦᠮᠡᠨ ᠢ ᠲᠠᠶᠢᠴᠢᠯᠠᠵᠤ᠂ ᠤᠷᠢᠳᠴᠢᠯᠠᠨ ᠬᠠᠮᠠᠭᠠᠯᠠᠬᠤ ᠪᠠᠷ ᠭᠤᠤᠯ ᠪᠤᠯᠭᠠᠭᠰᠠᠨ ᠶᠡᠷᠦᠩᠭᠡᠶᠢᠯᠡᠭᠰᠡᠨ ᠴᠢᠨᠠᠷᠳᠠᠢ ᠰᠡᠷᠭᠡᠶᠢᠯᠡᠨ ᠵᠠᠰᠠᠬᠤ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠤᠷᠳᠤ ᠬᠤᠭᠤᠴᠠᠭ᠎ᠠ ᠪᠠᠷ ᠪᠠᠷᠢᠮᠳᠠᠯᠠᠳᠠᠭ ᠯᠠ ᠶᠤᠮ ᠪᠤᠯ ᠬᠦᠮᠤᠰ ᠤᠨ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠭᠦ ᠶᠢ ᠪᠦᠷᠢᠮᠤᠰᠤᠨ ᠬᠤᠷᠢᠭᠯᠠᠵᠤ ᠲᠠᠶᠢᠯᠤᠨ᠎ᠠ᠃ ᠭᠡᠪᠡᠴᠤ ᠬᠢᠵᠢᠭ ᠤᠨ ᠲᠡᠯᠭᠡᠷᠡᠭᠰᠡᠨ ᠭᠠᠵᠠᠷ ᠲᠤ ᠠᠮᠢᠳᠤᠷᠠᠵᠤ ᠪᠠᠶᠢᠭ᠎ᠠ ᠡᠯ᠎ᠠ ᠦᠨᠳᠤᠰᠤᠳᠡᠨ ᠤ ᠤᠯᠠᠨ ᠲᠦᠮᠡᠨ ᠲᠤᠤᠷᠠᠬᠢ ᠭᠡᠳᠤᠨ ᠵᠦᠢᠯ ᠢ ᠰᠠᠶᠢᠳᠤᠷ ᠬᠢᠭᠦ ᠭᠡᠷᠡᠭᠳᠡᠢ᠃     1᠂ ᠬᠤᠯᠤᠭᠠᠨ᠎ᠠ ᠶᠢᠨ ᠬᠢᠵᠢᠭ ᠢ ᠤᠷᠢᠳᠴᠢᠯᠠᠨ ᠰᠡᠷᠭᠡᠶᠢᠯᠡᠭᠦ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠨ᠂ ᠤᠬᠠᠮᠰᠠᠷ ᠠᠴᠠ ᠪᠠᠨ ᠤᠷᠢᠳᠴᠢᠯᠡᠨ ᠰᠡᠷᠭᠡᠶᠢᠯᠡᠭᠦ ᠠᠷᠭ᠎ᠠ ᠪᠠᠷᠢᠯ ᠢ ᠭᠡᠷᠡᠭᠵᠢᠭᠦᠯᠵᠤ᠂ ᠤᠯᠠᠨ ᠢᠶᠠᠷ ᠢᠶᠠᠨ ᠬᠤᠯᠤᠭᠠᠨ᠎ᠠ ᠶᠢᠨ ᠬᠢᠵᠢᠭ ᠤᠨ ᠠᠶᠤᠯᠳᠠᠢ ᠴᠢᠨᠠᠷ ᠢ ᠲᠠᠨᠢᠬᠤ ᠶᠢᠨ ᠬᠠᠮᠳᠤ᠂ ᠮᠢᠨᠴᠤᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠢᠯᠡᠷᠡᠭᠦ ᠶᠢ ᠰᠡᠷᠭᠡᠶᠢᠯᠡᠵᠤ᠂ ᠪᠠᠰᠠ ᠬᠤᠯᠤᠭᠠᠨ᠎ᠠ ᠶᠢᠨ ᠬᠢᠵᠢᠭ ᠪᠤᠯ ᠤᠷᠢᠳᠴᠢᠯᠡᠨ ᠰᠡᠷᠭᠡᠶᠢᠯᠡᠵᠤ ᠪᠤᠯᠳᠠᠭ ᠢ ᠲᠤᠳᠤᠷᠬᠠᠢᠢᠯᠠᠵᠤ᠂ ᠠᠶᠤᠬᠤ ᠰᠦᠷᠳᠡᠭᠦ ᠰᠡᠳᠬᠢᠯᠭᠡ ᠶᠢ ᠢᠯᠠᠨ ᠲᠠᠪᠠᠵᠤ᠂ ᠬᠤᠯᠤᠭᠠᠨ᠎ᠠ ᠶᠢᠨ ᠬᠢᠵᠢᠭ ᠤᠨ ᠲᠡᠮᠵᠢᠬᠳᠠᠬᠤ ᠶᠠᠪᠤᠴᠠ ᠶᠢ ᠡᠵᠡᠮᠰᠢᠵᠤ ᠬᠠᠯᠳᠠᠪᠤᠷᠢᠯᠠᠬᠤ ᠶᠢ ᠢᠮᠠᠭᠳᠠ ᠰᠡᠷᠭᠡᠶᠢᠯᠡᠭᠦ ᠭᠡᠷᠡᠭᠳᠡᠢ᠃
    2᠂ ᠬᠤᠯᠤᠭᠠᠨ᠎ᠠ ᠶᠢᠨ ᠬᠢᠵᠢᠭ ᠤᠨ ᠲᠤᠮᠳᠠᠬᠢ ᠬᠢᠵᠢᠭ ᠤᠨ ᠪᠠᠶᠢᠳᠠᠯ ᠬᠢᠭᠡᠳ ᠬᠤᠯᠤᠭᠠᠨ᠎ᠠ ᠶᠢᠨ ᠲᠦᠷᠤᠯ ᠤᠨ ᠲᠤᠭ᠎ᠠ ᠭᠡᠮᠵᠢᠶ᠎ᠠ ᠶᠢᠨ ᠬᠤᠪᠢᠷᠠᠯᠳᠠ ᠶᠢ ᠬᠢᠨᠠᠨ ᠭᠡᠮᠵᠢᠵᠤ᠂ ᠬᠤᠯᠤᠭᠠᠨ᠎ᠠ ᠶᠢᠨ ᠬᠤᠭᠤᠷᠤᠨᠳᠤᠬᠢ ᠬᠢᠵᠢᠭ ᠡᠭᠦᠰᠭᠡᠭᠦ ᠦᠶ᠎ᠠ ᠳᠤ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠬᠢᠵᠢᠭ ᠢ ᠰᠡᠷᠭᠡᠶᠢᠯᠡᠭᠦ ᠬᠦᠮᠤᠰ ᠲᠠᠢ ᠢᠳᠡᠪᠬᠢᠳᠠᠢ ᠬᠠᠮᠵᠢᠯᠴᠠᠨ ᠬᠤᠯᠤᠭᠠᠨ᠎ᠠ ᠶᠢ ᠤᠰᠠᠳᠬᠠᠬᠤ ᠪᠠ ᠪᠦᠭᠡᠰᠤ ᠶᠢ ᠨᠢ ᠠᠷᠢᠯᠭᠠᠬᠤ ᠠᠷᠭ᠎ᠠ ᠪᠠᠷᠢᠯ ᠢ ᠠᠪᠴᠤ᠂ ᠬᠢᠵᠢᠭ ᠤᠨ ᠪᠠᠶᠢᠳᠠᠯ ᠢ ᠠᠷᠢᠯᠭᠠᠨ᠂ ᠬᠦᠮᠤᠰ ᠢ ᠬᠠᠮᠠᠭᠠᠯᠠᠬᠤ ᠭᠡᠷᠡᠭᠳᠡᠢ᠃ ᠫᠤᠤᠵᠢᠩ᠂ ᠹᠤᠰᠹᠤᠷᠳᠤ ᠬᠦᠡᠭᠭᠡᠨᠴᠠᠭᠠᠨ ᠢ ᠭᠡᠷᠡᠭᠯᠡᠵᠤ ᠪᠠᠰᠠ ᠬᠤᠤᠷᠳᠤ ᠦᠭᠶᠤᠭᠡ ᠲᠠᠯᠪᠢᠵᠤ᠂ ᠭᠡᠷ ᠪᠠᠶᠢᠰᠢᠩ᠂ ᠫᠸᠡᠭ ᠬᠤᠷᠤᠭ᠎ᠠ᠂ ᠬᠦᠮᠤᠷᠭᠡ ᠶᠢᠨ ᠬᠤᠯᠤᠭᠠᠨ᠎ᠠ ᠪᠠ ᠨᠤᠬᠠᠢ ᠶᠢᠨ ᠪᠦᠭᠡᠰᠤ ᠶᠢ ᠤᠰᠠᠳᠬᠠᠬᠤ ᠭᠡᠷᠡᠭᠳᠡᠢ᠃     3᠂ ᠬᠤᠳᠠ ᠤᠰᠤ ᠪᠤᠯᠤᠨ ᠭᠡᠷ ᠤᠷᠤᠨ ᠤ ᠡᠷᠬᠢᠨ ᠲᠤᠭᠤᠷᠢᠨ ᠳᠤ ᠬᠤᠯᠤᠭᠠᠨ᠎ᠠ ᠪᠠ ᠨᠤᠬᠠᠢ ᠶᠢᠨ ᠪᠦᠭᠡᠰᠤ ᠶᠢ ᠤᠰᠠᠳᠬᠠᠬᠤ ᠠᠵᠢᠯ ᠢ ᠰᠠᠶᠢᠳᠤᠷ ᠬᠢᠵᠤ᠂ ᠨᠤᠬᠠᠢ ᠶᠢᠨ ᠪᠦᠭᠡᠰᠤᠨ ᠳᠤ ᠬᠠᠵᠠᠭᠳᠠᠬᠤ ᠠᠴᠠ ᠰᠡᠷᠭᠡᠶᠢᠯᠡᠭᠦ ᠠᠷᠭ᠎ᠠ ᠠᠪᠴᠠᠯ ᠠᠪᠴᠤ᠂ ᠦᠢᠯᠡᠳᠪᠤᠷᠢᠯᠡᠯ ᠠᠮᠢᠳᠤᠷᠠᠯ ᠤᠨ ᠠᠮᠤᠷ ᠲᠦᠪᠰᠢᠨ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠡᠢ᠃ ᠰᠢᠮᠠᠭᠤᠯ ᠦᠯᠳᠡᠭᠦ ᠡᠮ ᠨᠢ ᠨᠤᠬᠠᠢ ᠶᠢᠨ ᠪᠦᠭᠡᠰᠤ ᠶᠢ ᠦᠯᠳᠡᠭᠦ ᠦᠢᠯᠡᠳᠤᠯ ᠲᠠᠢ ᠪᠠᠶᠢᠳᠠᠭ᠃ ᠡᠨᠡ ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠭᠦ ᠭᠤᠤᠯ ᠠᠷᠭ᠎ᠠ ᠪᠠᠷᠢᠯ ᠪᠤᠯᠬᠤ ᠪᠠᠷ ᠦᠯᠤ ᠪᠠᠷᠠᠮ᠂ ᠪᠠᠰᠠ ᠨᠢᠭᠡ ᠵᠦᠢᠯ ᠤᠨ ᠠᠮᠤ ᠪᠤᠳᠠᠭ᠎ᠠ᠂ ᠡᠪᠡᠰᠤ ᠪᠡᠯᠴᠢᠭᠡᠷ᠂ ᠡᠳ᠋ ᠪᠠᠷᠠᠭ᠎ᠠ ᠪᠠᠨ ᠬᠠᠮᠠᠭᠠᠯᠠᠬᠤ ᠪᠦᠳᠤᠮᠵᠢᠳᠠᠢ ᠠᠷᠭ᠎ᠠ ᠭᠡᠮᠵᠢᠶ᠎ᠠ ᠪᠤᠯᠤᠨ᠎ᠠ᠃     4᠂ ᠬᠤᠪᠢ ᠬᠦᠮᠤᠨ ᠤ ᠰᠡᠷᠭᠡᠶᠢᠯᠡᠨ ᠬᠠᠮᠠᠭᠠᠯᠠᠯᠳᠠ ᠶᠢ ᠴᠢᠩᠭᠠᠳᠬᠠᠬᠤ ᠭᠡᠷᠡᠭᠳᠡᠢ᠃ ᠡᠨᠡ ᠪᠤᠯ ᠬᠤᠯᠤᠭᠠᠨ᠎ᠠ ᠶᠢᠨ ᠬᠢᠵᠢᠭ ᠬᠦᠮᠤᠰ ᠤᠨ ᠬᠤᠭᠤᠷᠤᠨᠳᠤ ᠬᠠᠯᠳᠠᠪᠤᠷᠢᠯᠠᠬᠤ ᠶᠢ ᠰᠡᠷᠭᠡᠶᠢᠯᠡᠨ ᠬᠤᠷᠢᠭᠯᠠᠬᠤ ᠴᠢᠬᠤᠯᠠ ᠨᠢᠭᠡ ᠭᠤᠭᠴᠤᠭ᠎ᠠ ᠪᠤᠯᠤᠨ᠎ᠠ᠃ ᠭᠡᠭᠡᠷ᠎ᠠ ᠭᠠᠳᠠᠭ᠎ᠠ ᠮᠠᠯ ᠠᠳᠤᠭᠤᠯᠠᠬᠤ᠂ ᠠᠳᠠᠷ ᠬᠠᠭᠠᠯᠪᠤᠷᠢᠯᠠᠬᠤ ᠪᠠ ᠪᠤᠰᠤᠳ ᠠᠵᠢᠯ ᠬᠢᠳᠡᠭ ᠬᠦᠮᠤᠰ ᠬᠠᠮᠤᠭ ᠰᠠᠶᠢᠨ ᠨᠢ ᠦᠨᠳᠤᠷ ᠲᠦᠷᠠᠶᠢᠲᠠᠢ ᠦᠢᠮᠤᠰᠤ ᠪᠤᠶᠤ ᠭᠤᠳᠤᠯ ᠡᠮᠤᠰᠴᠤ᠂ ᠠᠮᠤᠰᠬᠢᠬᠤ ᠦᠶ᠎ᠠ ᠳᠡᠭᠡᠨ ᠬᠤᠯᠤᠭᠠᠨ᠎ᠠ ‍ᠦᠭᠡᠢ᠂ ᠬᠤᠯᠤᠭᠠᠨ᠎ᠠ ᠶᠢᠨ ᠨᠦᠭᠡ ᠦᠭᠡᠢ ᠭᠠᠵᠠᠷ ᠢ ᠰᠤᠩᠭᠤᠬᠤ ᠭᠡᠷᠡᠭᠳᠡᠢ᠃ ᠲᠤᠬᠠᠢᠢᠯᠠᠪᠠᠯ ᠭᠡᠭᠡᠷ᠎ᠠ ᠭᠠᠳᠠᠨ᠎ᠠ ᠫᠸᠡᠭ ᠰᠠᠷᠠᠪᠴᠢ ᠪᠠᠷᠢᠵᠤ ᠰᠠᠭᠤᠬᠤ ᠳᠠᠭᠠᠨ ᠡᠷᠭᠡᠪᠰᠢ ᠬᠤᠯᠤᠭᠠᠨ᠎ᠠ ᠦᠭᠡᠢ᠂ ᠬᠤᠯᠤᠭᠠᠨ᠎ᠠ ᠶᠢᠨ ᠨᠦᠭᠡ ᠦᠭᠡᠢ ᠭᠠᠵᠠᠷ ᠢ ᠰᠤᠩᠭᠤᠵᠤ᠂ ᠪᠠᠰᠠ ᠬᠤᠯᠤᠭᠠᠨ᠎ᠠ ᠪᠠ ᠨᠤᠬᠠᠢ ᠶᠢᠨ ᠪᠦᠭᠡᠰᠤ ᠶᠢ ᠤᠰᠠᠳᠬᠠᠬᠤ ᠠᠵᠢᠯ ᠢ ᠰᠠᠶᠢᠳᠤᠷ ᠬᠢᠪᠡᠯ ᠵᠤᠬᠢᠨ᠎ᠠ᠃     5᠂ ᠭᠡᠭᠡᠷ᠎ᠠ ᠭᠠᠳᠠᠨ᠎ᠠ ᠠᠵᠢᠯ ᠶᠠᠪᠤᠳᠠᠯ ᠬᠢᠵᠤ ᠪᠠᠶᠢᠭ᠎ᠠ ᠬᠦᠮᠤᠰ ᠡᠪᠡᠳᠴᠢᠯᠡᠨ ᠦᠭᠦᠭᠰᠡᠨ ᠬᠤᠯᠤᠭᠠᠨ᠎ᠠ᠂ ᠲᠠᠤᠯᠠᠢ᠂ ᠦᠨᠡᠭᠡ ᠵᠡᠷᠭᠡ ᠠᠮᠢᠳᠠᠨ ᠢ ᠦᠵᠡᠭᠰᠡᠨ ᠴᠤ ᠪᠠᠷᠢᠵᠤ ᠪᠤᠯᠬᠤ ᠦᠭᠡᠢ᠂ ᠨᠡᠩ ᠴᠤ ᠠᠷᠠᠰᠤ ᠶᠢ ᠨᠢ ᠦᠪᠴᠢᠵᠤ ᠢᠳᠡᠵᠤ ᠪᠤᠯᠬᠤ ᠦᠭᠡᠢ᠃ ᠪᠦᠰ ᠤᠭᠤᠳᠠ ᠪᠤᠶᠤ ᠰᠦᠯᠢᠶᠤᠤ ᠤᠭᠤᠳᠠᠨ ᠳᠤ ᠬᠢᠵᠤ᠂ ᠬᠢᠵᠢᠭ ᠢ ᠰᠡᠷᠭᠡᠶᠢᠯᠡᠭᠦ ᠰᠠᠯᠠᠭ᠎ᠠ ᠮᠦᠴᠢᠷ ᠲᠤ ᠬᠦᠷᠭᠡᠨ ᠰᠢᠯᠭᠠᠨ ᠪᠠᠶᠢᠴᠠᠭᠠᠯᠳᠠ ᠬᠢᠯᠭᠡᠪᠡᠯ ᠵᠤᠬᠢᠨ᠎ᠠ᠃ ᠭᠡᠷᠪᠡ ᠤᠭᠤᠳᠠ ᠦᠭᠡᠢ ᠪᠤᠯ ᠦᠵᠡᠭᠰᠡᠨ ᠭᠠᠵᠠᠷ ᠲᠠᠭᠠᠨ ᠲᠡᠮᠳᠡᠭ ᠲᠠᠯᠪᠢᠵᠤ᠂ ᠤᠷᠢᠳ ᠢᠶᠠᠷ ᠰᠢᠷᠤᠢ ᠪᠠᠷ ᠪᠤᠯᠠᠨ ᠪᠤᠰᠤᠳ ᠠᠮᠢᠳᠠᠨ ᠤ ᠢᠳᠡᠭᠦ ᠠᠴᠠ ᠰᠡᠷᠭᠡᠶᠢᠯᠡᠨ᠂ ᠲᠡᠷᠡᠴᠢᠯᠡᠨ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠭᠦ ᠰᠠᠯᠠᠭ᠎ᠠ ᠮᠦᠴᠢᠷ ᠲᠤ ᠮᠡᠳᠡᠭᠦᠯᠭᠦ ᠭᠡᠷᠡᠭᠳᠡᠢ᠃     6᠂ ᠬᠤᠳᠠ ᠤᠰᠤ ᠪᠤᠯᠤᠨ ᠭᠡᠷ ᠤᠷᠤᠨ ᠤ ᠡᠷᠬᠢᠨ ᠲᠤᠭᠤᠷᠢᠨ ᠳᠤ ᠬᠤᠯᠤᠭᠠᠨ᠎ᠠ ᠶᠢᠨ ᠬᠤᠭᠤᠷᠤᠨᠳᠤᠬᠢ ᠬᠢᠵᠢᠭ ᠢ ᠢᠯᠡᠷᠡᠭᠦᠯᠦᠭᠰᠡᠨ ᠦᠶ᠎ᠠ ᠳᠤ ᠨᠤᠬᠠᠢ ᠮᠤᠤᠷ ᠢᠶᠠᠨ ᠰᠠᠶᠢᠨ ᠬᠠᠮᠢᠶᠠᠷᠴᠤ᠂ ᠭᠡᠭᠡᠷ᠎ᠠ ᠭᠠᠳᠠᠨᠠᠬᠢ ᠬᠢᠵᠢᠭ ᠲᠠᠢ ᠬᠤᠯᠤᠭᠠᠨ᠎ᠠ ᠶᠢ ᠲᠡᠭᠦᠵᠢᠯᠡᠨ ᠭᠡᠷ ᠲᠤ ᠴᠢᠨᠢ ᠠᠪᠴᠤ ᠢᠷᠡᠭᠰᠡᠨ ᠪᠤᠯ ᠬᠤᠯᠤᠭᠠᠨ᠎ᠠ ᠶᠢᠨ ᠬᠢᠵᠢᠭ ᠢ ᠲᠠᠷᠬᠠᠭᠠᠬᠤ ᠶᠢ ᠰᠠᠶᠢᠳᠤᠷ ᠰᠡᠷᠭᠡᠶᠢᠯᠡᠭᠦ ᠭᠡᠷᠡᠭᠳᠡᠢ᠃ ᠭᠡᠤᠭᠡᠳ ᠤᠨ ᠭᠡᠭᠡᠷ᠎ᠠ ᠭᠠᠳᠠᠭ᠎ᠠ ᠨᠠᠭᠠᠳᠤᠬᠤ ᠳᠠᠭᠠᠨ ᠬᠤᠯᠤᠭᠠᠨ᠎ᠠ ᠪᠠᠷᠢᠬᠤ ᠦᠭᠡᠢ᠂ ᠨᠤᠬᠠᠢ ᠲᠠᠢ ᠤᠢᠢᠷᠠᠳᠤᠬᠤ ᠦᠭᠡᠢ ᠪᠠᠶᠢᠬᠤ ᠶᠢ ᠰᠠᠨᠠᠭᠤᠯᠤᠶ᠎ᠠ᠃     ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠢ ᠭᠡᠷᠬᠢᠨ ᠤᠨᠤᠰᠢᠯᠠᠬᠤ ᠪᠤᠢ︖     ᠬᠦᠮᠤᠰ ᠤᠨ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠢ ᠤᠨᠤᠰᠢᠯᠠᠬᠤ ᠳᠤ ᠲᠤᠤᠷᠠᠬᠢ ᠲᠦᠷᠪᠡᠨ ᠪᠠᠶᠢᠴᠠᠭᠠᠯᠳᠠ ᠶᠢᠨ ᠦᠷ᠎ᠠ ᠳ᠋ᠦᠡᠭ ᠢ ᠦᠨᠳᠤᠰᠤᠯᠡᠨ ᠶᠡᠷᠦᠩᠭᠡᠶᠢᠯᠡᠭᠰᠡᠨ ᠮᠠᠭᠠᠳᠯᠠᠯᠳᠠ ᠬᠢᠨ᠎ᠠ᠃ ᠲᠠᠷᠤᠢ ᠬᠤᠯᠤᠭᠠᠨ᠎ᠠ ᠶᠢᠨ ᠬᠢᠵᠢᠭ ᠤᠨ ᠲᠠᠬᠤᠯ ᠡᠪᠡᠳᠴᠢᠨ ᠤ ᠰᠤᠳᠤᠯᠤᠯ ᠢᠶᠠᠷ ᠪᠠᠷᠢᠮᠳᠠ ᠪᠤᠯᠭᠠᠵᠤ᠂ ᠬᠤᠯᠤᠭᠠᠨ᠎ᠠ ᠶᠢᠨ ᠬᠢᠵᠢᠭ ᠤᠨ ᠡᠮᠴᠢᠯᠡᠭᠡᠨ ᠤ ᠤᠷᠠᠯᠢᠭ᠂ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠶᠢᠨ ᠰᠤᠳᠤᠯᠤᠯ ᠢᠶᠠᠷ ᠤᠨᠤᠰᠢᠯᠠᠬᠤ ᠂ ᠬᠤᠯᠤᠭᠠᠨ᠎ᠠ ᠶᠢᠨ ᠬᠢᠵᠢᠭ ᠤᠨ ᠴᠢᠰᠤᠨ ᠤ ᠴᠠᠶᠢᠪᠠᠨᠭ᠌ ᠤᠨ ᠰᠤᠳᠤᠯᠤᠯ ᠢᠶᠠᠷ ᠤᠨᠤᠰᠢᠯᠠᠨ᠎ᠠ᠃     1᠂ ᠲᠠᠬᠤᠯ ᠡᠪᠡᠳᠴᠢᠨ ᠤ ᠰᠤᠳᠤᠯᠤᠯ ᠤᠨ ᠪᠠᠷᠢᠮᠳᠠ     ᠡᠪᠡᠳᠴᠢᠳᠠᠨ ᠡᠪᠡᠳᠴᠢᠨ ᠡᠭᠦᠰᠭᠦ ᠠᠴᠠ 10 ᠡᠳᠤᠷ ᠤᠨ ᠡᠮᠤᠨ᠎ᠠ ︵ᠨᠢᠭᠤᠭᠳᠠᠵᠤ ᠪᠠᠶᠢᠬᠤ ᠬᠤᠭᠤᠴᠠᠭᠠᠨ ᠳᠤ︶ ᠬᠤᠯᠤᠭᠠᠨ᠎ᠠ ᠶᠢᠨ ᠬᠢᠵᠢᠭᠳᠤ ᠤᠷᠤᠨ ᠢᠶᠠᠷ ᠤᠴᠢᠵᠤ ᠦᠡᠭᠭᠡᠷᠡᠭᠰᠡᠨ ᠪᠤᠶᠤ ᠬᠤᠯᠤᠭᠠᠨ᠎ᠠ ᠶᠢᠨ ᠬᠢᠵᠢᠭ ᠲᠠᠢ ᠤᠷᠤᠨ ᠤ ᠬᠢᠵᠢᠭ ᠤᠨ ᠢᠷᠡᠯᠳᠡ ᠲᠠᠢ ᠠᠮᠢᠳᠠᠨ ᠪᠠ ᠠᠮᠢᠳᠠᠨ ᠤ ᠦᠢᠯᠡᠳᠭᠦᠨ ᠵᠢᠴᠢ ᠬᠤᠯᠤᠭᠠᠨ᠎ᠠ ᠶᠢᠨ ᠬᠢᠵᠢᠭ ᠲᠠᠢ ᠡᠪᠡᠳᠴᠢᠳᠠᠨ ᠲᠠᠢ ᠤᠢᠢᠷᠡᠳᠤᠵᠤ ᠦᠡᠭᠭᠡᠷᠡᠭᠰᠡᠨ᠃     2᠂ ᠤᠨᠴᠠᠭᠠᠢ ᠪᠠᠶᠢᠳᠠᠭ ᠡᠪᠡᠳᠴᠢᠨ ᠤ ᠪᠠᠶᠢᠳᠠᠯ ᠬᠢᠭᠡᠳ ᠪᠠᠶ᠎ᠠ ᠶᠢᠨ ᠤᠨᠴᠠᠯᠢᠭ     ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠨᠢ ᠤᠨᠴᠠᠭᠠᠢ ᠪᠠᠶᠢᠳᠠᠭ ᠡᠮᠴᠢᠯᠡᠭᠡᠨ ᠤ ᠪᠠᠶᠢᠳᠠᠯ ᠬᠢᠭᠡᠳ ᠪᠠᠶ᠎ᠠ ᠶᠢᠨ ᠤᠨᠴᠠᠯᠢᠭ ᠢ ᠪᠦᠷᠢᠯᠳᠤᠭᠦᠯᠳᠡᠭ᠃     3᠂ ᠪᠠᠺᠲ᠋ᠧᠷᠢ ᠶᠢᠨ ᠰᠤᠳᠤᠯᠤᠯ ᠢᠶᠠᠷ ᠰᠢᠯᠭᠠᠨ ᠪᠠᠶᠢᠴᠠᠭᠠᠬᠤ     ᠡᠶᠢᠮᠤᠷᠭᠦᠦ ᠡᠪᠡᠳᠴᠢᠳᠠᠨ ᠲᠤᠬᠢᠶᠠᠯᠳᠤᠬᠤ ᠦᠶ᠎ᠠ ᠳᠤ ᠲᠦᠷᠭᠡᠨ ᠠᠪᠤᠷᠠᠯᠳᠠ ᠪᠠᠷ ᠡᠮᠴᠢᠯᠡᠨ ᠵᠠᠰᠠᠬᠤ ᠠᠷᠭ᠎ᠠ ᠪᠠᠷᠢᠯ ᠢ ᠠᠪᠬᠤ ᠶᠢᠨ ᠬᠠᠮᠳᠤ᠂ ᠰᠢᠯᠭᠠᠬᠤ ᠡᠳ᠋ ᠠᠪᠴᠤ ᠪᠠᠺᠲ᠋ᠧᠷᠢ ᠭᠢᠭᠡᠳ ᠡᠪᠡᠳᠴᠢᠨ ᠢ ᠡᠰᠡᠷᠭᠦᠴᠡᠭᠦ ᠰᠢᠯᠭᠠᠨ ᠪᠠᠶᠢᠴᠠᠭᠠᠯᠳᠠ ᠬᠢᠯᠭᠡᠭᠦ ᠭᠡᠷᠡᠭᠳᠡᠢ᠃     4᠂ ᠴᠢᠰᠤᠨ ᠤ ᠴᠠᠶᠢᠪᠠᠨᠭ᠌ ᠤᠨ ᠰᠤᠳᠤᠯᠤᠯ ᠢᠶᠠᠷ ᠰᠢᠯᠭᠠᠨ ᠪᠠᠶᠢᠴᠠᠭᠠᠬᠤ     ᠴᠢᠰᠤᠨ ᠤ ᠴᠠᠶᠢᠪᠠᠨᠭ᠌ ᠤᠨ ᠰᠤᠳᠤᠯᠤᠯ ᠢᠶᠠᠷ ᠤᠨᠤᠰᠢᠯᠠᠬᠤ ᠠᠷᠭ᠎ᠠ ᠲᠤᠩ ᠠᠷᠪᠢᠨ ᠪᠠᠶᠢᠳᠠᠭ᠃ ᠲᠤᠬᠠᠢᠢᠯᠠᠪᠠᠯ ᠴᠢᠰᠤᠨ ᠤ ᠰᠢᠯᠭᠠᠨ ᠲᠤᠷᠰᠢᠯᠳᠠ᠂ ᠡᠰᠭᠡᠭᠦᠷ ᠲᠡᠮᠳᠡᠭᠳᠤ ᠪᠠᠷ ᠭᠡᠮᠵᠢᠭᠦ ᠠᠷᠭ᠎ᠠ᠂ ᠰᠠᠴᠤᠷᠠᠭ ᠢᠶᠠᠷ ᠭᠡᠮᠵᠢᠭᠦ ᠠᠷᠭ᠎ᠠ ᠵᠡᠷᠭᠡ ᠪᠤᠯᠤᠨ᠎ᠠ᠃     ᠬᠤᠯᠤᠭᠠᠨ᠎ᠠ ᠶᠢᠨ ᠬᠢᠵᠢᠭ ᠲᠤ ᠨᠡᠷᠪᠡᠭᠳᠡᠪᠡᠯ ᠡᠮᠨᠡᠨ ᠡᠳᠡᠭᠡᠷᠡᠭᠦᠯᠵᠤ ᠲᠡᠶᠢᠯᠤᠨ᠎ᠠ ᠤᠤ︖     ᠬᠤᠯᠤᠭᠠᠨ᠎ᠠ ᠶᠢᠨ ᠬᠢᠵᠢᠭ ᠲᠤ ᠨᠡᠷᠪᠡᠭᠳᠡᠪᠡᠯ ᠡᠮᠨᠡᠨ ᠡᠳᠡᠭᠡᠷᠡᠭᠦᠯᠵᠤ ᠲᠠᠶᠢᠯᠤᠨ᠎ᠠ᠃ ᠤᠳᠤ ᠦᠶ᠎ᠠ ᠶᠢᠨ ᠡᠮᠴᠢᠯᠡᠭᠡᠨ ᠤ ᠰᠤᠳᠤᠯᠤᠯ ᠤᠨ ᠰᠢᠨᠵᠢᠯᠡᠭᠦ ᠤᠬᠠᠭᠠᠨ ᠨᠢ ᠬᠤᠯᠤᠭᠠᠨ᠎ᠠ ᠶᠢᠨ ᠬᠢᠵᠢᠭ ᠢ ᠤᠷᠢᠳᠴᠢᠯᠡᠨ ᠰᠡᠷᠭᠡᠶᠢᠯᠡᠭᠦ ᠪᠠ ᠡᠮᠴᠢᠯᠡᠨ ᠵᠠᠰᠠᠬᠤ ᠳᠤ ᠲᠡᠷᠢᠭᠦᠨ ᠤ ᠮᠡᠷᠭᠡᠵᠢᠯ ᠤᠨ ᠨᠦᠬᠦᠴᠡᠯ ᠢ ᠬᠠᠨᠭ᠍ᠭᠠᠵᠤ᠂ ᠡᠷᠳᠡ ᠢᠯᠡᠷᠡᠭᠦᠯᠵᠤ ᠡᠷᠳᠡ ᠤᠨᠤᠰᠢᠯᠠᠨ᠂ ᠡᠷᠳᠡ ᠡᠮᠴᠢᠯᠡᠨ ᠵᠠᠰᠠᠳᠠᠭ ᠯᠠ ᠶᠤᠮ ᠪᠤᠯ ᠤᠯᠠᠩᠬᠢ ᠲᠤᠭᠠᠨ ᠤ ᠡᠪᠡᠳᠴᠢᠳᠠᠨ ᠢ ᠡᠮᠨᠡᠨ ᠡᠳᠡᠭᠡᠷᠡᠭᠦᠯᠵᠤ ᠲᠡᠶᠢᠯᠭᠦ ᠪᠦᠭᠡᠳ ᠲᠡᠷᠡᠴᠢᠯᠡᠨ ᠬᠤᠵᠢᠮ ᠤᠨ ᠭᠡᠮ ᠠᠷᠬᠠᠭ ᠭᠡᠵᠤ ᠦᠯᠡᠳᠡᠭᠦ ᠦᠭᠡᠢ᠃ ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠢ ᠶᠡᠷᠤᠳᠡ ᠶᠢᠨ ᠠᠷᠭ᠎ᠠ ᠪᠠᠷ ᠵᠠᠰᠠᠬᠤ ᠠᠴᠠ ᠭᠠᠳᠠᠨ᠎ᠠ ᠤᠨᠴᠠ ᠦᠷ᠎ᠠ ᠪᠦᠳᠤᠮᠵᠢᠳᠠᠢ ᠵᠠᠰᠠᠯᠭ᠎ᠠ ᠶᠢᠨ ᠡᠮ ᠪᠠᠶᠢᠵᠤ᠂ ᠡᠯ᠎ᠠ ᠭᠡᠯᠪᠡᠷᠢ ᠶᠢᠨ ᠬᠤᠯᠤᠭᠠᠨ᠎ᠠ ᠶᠢᠨ ᠬᠢᠵᠢᠭ ᠲᠤ ᠤᠨᠴᠠ ᠦᠷ᠎ᠠ ᠪᠦᠳᠤᠮᠵᠢᠳᠠᠢ ᠵᠠᠰᠠᠯᠭ᠎ᠠ ᠶᠢᠨ ᠡᠮ ᠢ ᠡ᠊ᠡᠭ ᠤᠨ ᠪᠠᠶᠢᠳᠠᠯ ᠲᠤᠤᠷ᠎ᠠ ᠯᠢᠶᠠᠨ ᠮᠸᠢ ᠰᠥ᠋ ᠶᠢ ᠲᠡᠷᠢᠭᠦᠨ ᠳᠤ ᠰᠤᠩᠭᠤᠨ᠎ᠠ᠃ ᠲᠠᠷᠠᠭ᠎ᠠ ᠨᠢ ᠭᠤᠸᠡᠩ ᠹᠦ᠋ ᠡᠪᠡᠳᠴᠢᠨ ᠢ ᠡᠰᠡᠷᠭᠦᠴᠡᠭᠦ ᠡᠮ᠂ ᠬᠤᠸᠠᠩ ᠠᠨ ᠤ ᠲᠦᠷᠤᠯ ᠤᠨ ᠡᠮ ᠢ ᠲᠠᠭᠠᠯᠳᠠ ᠡᠮᠴᠢᠯᠡᠭᠡᠨ ᠪᠤᠶᠤ ᠤᠷᠢᠳᠴᠢᠯᠡᠨ ᠰᠡᠷᠭᠡᠶᠢᠯᠡᠭᠦ ᠴᠢᠨᠠᠷᠳᠠᠢ ᠡᠮ ᠪᠤᠯᠭᠠᠨ᠎ᠠ᠃ ᠬᠤᠯᠤᠭᠠᠨ᠎ᠠ ᠶᠢᠨ ᠬᠢᠵᠢᠭ ᠤᠨ ᠡᠪᠡᠳᠴᠢᠳᠠᠨ ᠲᠠᠢ ᠤᠢᠢᠷᠠᠳᠤᠭᠰᠠᠨ ᠬᠦᠮᠤᠨ ᠢ ᠤᠷᠢᠳᠴᠢᠯᠡᠨ ᠰᠡᠷᠭᠡᠶᠢᠯᠡᠭᠦ ᠴᠢᠨᠠᠷᠳᠠᠢ ᠡᠮ ᠭᠡᠷᠡᠭᠯᠡᠵᠤ᠂ ᠲᠤᠰᠠᠭᠠᠷᠯᠠᠨ ᠪᠠᠶᠢᠴᠠᠭᠠᠬᠤ ᠳᠤ ᠰᠡᠷᠭᠡᠶᠢᠯᠡᠯᠳᠡ ᠶᠢᠨ ᠴᠢᠨᠠᠷᠳᠠᠢ ᠡᠮ ᠱᠠᠭᠠᠷᠳᠠᠭᠳᠠᠵᠤ᠂ ᠬᠤᠸᠠᠩ ᠠᠨ ᠤ ᠨᠠᠷᠠᠮᠠᠯ ᠪᠤᠯᠤᠨ ᠡᠪᠡᠳᠴᠢᠨ ᠢ ᠡᠰᠡᠷᠭᠦᠴᠡᠭᠦ ᠡᠮ ᠢ ᠤᠤᠭᠤᠬᠤ ᠭᠡᠷᠡᠭᠳᠡᠢ᠃     ᠮᠠᠨ ᠤ ᠤᠯᠤᠰ ᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ     ᠲᠡᠤᠭᠡᠨ ᠳᠤ 3 ᠤᠳᠠᠭᠠᠨ ᠤ ᠲᠡᠯᠡᠭᠡᠢ ᠶᠢᠨ ᠴᠢᠨᠠᠷᠳᠠᠢ ᠬᠤᠯᠤᠭᠠᠨ᠎ᠠ ᠶᠢᠨ ᠬᠢᠵᠢᠭ ᠲᠡᠯᠭᠡᠷᠡᠵᠤ ᠦᠡᠭᠭᠡᠷᠡᠵᠠᠢ᠃ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠨ ᠬᠦᠮᠤᠨ ᠮᠠᠰᠢ ᠲᠦᠷᠭᠡᠨ ᠦᠭᠦᠳᠡᠭ ᠢᠶᠠᠷ ᠬᠦᠮᠤᠰ ᠲᠡᠭᠦᠨ ᠢ ︽ᠬᠠᠷ᠎ᠠ ᠦᠭᠦᠯ ᠡᠪᠡᠳᠴᠢᠨ︾ ᠭᠡᠳᠡᠭ ᠪᠠᠶᠢᠪᠠ᠃ ᠤᠯᠤᠰ ᠪᠠᠶᠢᠭᠤᠯᠤᠭᠳᠠᠬᠤ ᠠᠴᠠ ᠡᠮᠤᠨᠡᠭᠡᠨ ᠮᠠᠨ ᠤ ᠤᠯᠤᠰ ᠤᠨ ᠬᠤᠯᠤᠭᠠᠨ᠎ᠠ ᠶᠢᠨ ᠬᠢᠵᠢᠭ ᠴᠤ ᠮᠠᠰᠢ ᠬᠦᠨᠳᠤ ᠨᠤᠴᠢᠳᠠᠢ ᠪᠠᠶᠢᠵᠤ ᠦᠡᠭᠭᠡᠷᠡᠭᠰᠡᠨ ᠶᠤᠮ᠃     ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ ᠤᠯᠤᠰ ᠤᠷᠤᠨ ᠠᠴᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠭᠦ ᠠᠵᠢᠯ ᠢ ᠰᠠᠶᠢᠳᠤᠷ ᠬᠢᠭᠰᠡᠨ ᠠᠴᠠ ᠡᠪᠡᠳᠴᠢᠨ ᠤ ᠪᠠᠶᠢᠳᠠᠯ ᠦᠨᠳᠤᠰᠤᠨ ᠳᠡᠭᠡᠨ ᠲᠠᠷᠤᠭᠳᠠᠵᠤ᠂ ᠨᠠᠶᠠᠭᠠᠳ ᠤᠨ ᠤ ᠦᠶᠡᠰ 20 ᠡᠪᠡᠳᠴᠢᠳᠠᠨ ᠢᠯᠡᠷᠡᠵᠤ᠂ ᠶᠡᠷᠡᠭᠡᠳ ᠤᠨ ᠤ ᠦᠶᠡᠰ ᠮᠠᠨ ᠤ ᠤᠯᠤᠰ ᠤᠨ ᠡᠮᠤᠨᠡᠳᠤ ᠤᠷᠤᠨ ᠳᠤ ᠪᠠᠰᠠ ᠨᠢᠭᠡ ᠤᠳᠠᠭᠠᠨ ᠤ ᠪᠠᠭ᠎ᠠ ᠭᠡᠪᠴᠢᠶᠠᠨ ᠤ ᠬᠤᠯᠤᠭᠠᠨ᠎ᠠ ᠶᠢᠨ ᠬᠢᠵᠢᠭ ᠡᠭᠦᠰᠴᠤ ᠦᠡᠭᠭᠡᠷᠡᠵᠠᠢ᠃ 2000 ᠤᠨ ᠠᠴᠠ ᠨᠠᠭᠠᠰᠢ ᠬᠤᠯᠤᠭᠠᠨ᠎ᠠ ᠶᠢᠨ ᠬᠢᠵᠢᠭ ᠪᠠᠷᠤᠭ ᠰᠤᠷᠠᠭ ᠲᠠᠰᠤᠷᠠᠭᠰᠠᠨ ᠪᠠᠶᠢᠳᠠᠯ ᠲᠠᠢ ᠪᠤᠯᠵᠠᠢ᠃                           ︵︽ᠪᠠᠷᠠᠭᠤᠨ ᠦᠵᠤᠮᠤᠴᠢᠨ ᠬᠤᠰᠢᠭᠤᠨ ᠤ ᠡᠪᠡᠳᠴᠢᠨ ᠬᠢᠵᠢᠭ ᠢ                             ᠰᠡᠷᠭᠡᠶᠢᠯᠡᠨ ᠬᠢᠵᠠᠭᠠᠷᠯᠠᠬᠤ ᠲᠦᠪ︾ ᠤᠨ ᠵᠢᠷᠬᠢᠶ ᠎ᠠ ᠲᠠᠪᠴᠠᠩ ᠠᠴᠠ︶
 
ᠢᠷᠡᠯᠲᠡ᠄ ᠣᠷᠳᠣᠰ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号