ᠪᠠᠶᠠᠨᠰᠢᠯᠢ ᠭᠠᠴᠠᠭ᠎ᠠ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠲᠤᠬᠢᠷᠠᠭᠤᠯᠵᠤ ᠶᠠᠳᠠᠭᠤ ᠶᠢ ᠲᠡᠳᠭᠦᠵᠤ ᠪᠠᠶᠢᠨ᠎ᠠ
ᠨᠡᠶᠢᠲᠡᠯᠡᠭᠰᠡᠨ ᠴᠠᠭ᠄
2020/8/20
    ᠶᠠᠳᠠᠭᠤ ᠭᠦᠴᠢᠷᠳᠡᠯᠳᠡᠢ ᠡᠷᠦᠬᠡ ᠶᠢᠨ ᠭᠦᠴᠢᠷᠳᠡᠯ ᠢ ᠰᠢᠢᠳᠪᠤᠷᠢᠯᠡᠵᠤ᠂ ᠤᠷᠤᠯᠭ᠎ᠠ ᠶᠢ ᠨᠢ ᠨᠡᠮᠡᠭᠳᠡᠭᠦᠯᠭᠦ ᠶᠢᠨ ᠲᠦᠯᠦᠬᠡ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭ᠎ᠠ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠬᠠᠩᠭᠠᠵᠤ᠂ ᠭᠠᠴᠠᠭᠠᠨ ᠤ ᠪᠠᠨ ᠮᠠᠯᠴᠢᠨ ᠲᠠᠷᠢᠶᠠᠴᠢᠳ ᠤᠨ ᠠᠵᠢᠯ ᠣᠯᠬᠤ ᠵᠠᠮ ᠢ ᠦᠷᠭᠡᠳᠭᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠣᠯᠬᠤ ᠳᠤ ᠰᠠᠭᠤᠷᠢ ᠲᠠᠯᠪᠢᠬᠰᠠᠨ ᠪᠠᠶᠢᠨ᠎ᠠ᠃      47 ᠨᠠᠰᠤᠳᠠᠢ ᠰᠡᠴᠡᠨᠪᠠᠳᠤ ᠪᠣᠯ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ 2017 ᠣᠨ ᠳᠤ ᠡᠪᠡᠳᠴᠢᠨ ᠠᠴᠠ ᠪᠤᠯᠵᠤ ᠶᠠᠳᠠᠭᠤᠷᠠᠭᠰᠠᠨ ᠳᠠᠩᠰᠡᠯᠡᠵᠤ ᠺᠠᠷᠲᠯᠠᠬᠰᠡᠨ ᠶᠠᠳᠠᠭᠤ ᠭᠦᠴᠢᠷᠳᠡᠯᠳᠡᠢ ᠡᠷᠦᠭᠡ ᠪᠤᠯᠤᠨ᠎ᠠ᠃ ᠪᠠᠯᠭᠠᠰᠤᠨ ᠤ ᠵᠠᠰᠠᠭ ᠤᠨ ᠤᠷᠳᠤᠨ ᠠᠴᠠ ᠲᠡᠭᠦᠨ ᠤ ᠠᠮᠢᠳᠤᠷᠠᠯ ᠤᠨ ᠪᠠᠶᠢᠳᠠᠯ ᠪᠠ ᠪᠠᠶ᠎ᠡ ᠮᠠᠬᠠᠪᠤᠳ ᠤᠨ ᠪᠠᠶᠢᠳᠠᠯ ᠢ ᠦᠨᠳᠤᠰᠤᠯᠠᠨ ᠲᠡᠭᠦᠨ ᠳᠤ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠲᠤᠬᠢᠷᠠᠭᠤᠯᠵᠤ᠂ ᠭᠤᠤᠯᠳᠠᠭᠤ ᠪᠠᠶᠠᠨᠰᠢᠯᠢ ᠭᠠᠴᠠᠭ᠎ᠠ ᠠᠴᠠ ᠲᠤᠰᠬᠤᠨ ᠤ ᠵᠦᠪᠯᠠᠯ ᠬᠥᠷᠬᠦ 6 ᠺᠢᠯᠦᠮᠧᠲᠷ ᠤᠨ ᠵᠠᠰᠠᠮᠠᠯ ᠵᠠᠮ ᠲᠠᠭᠠᠤ ᠣᠷᠴᠢᠨ ᠲᠤᠭᠤᠷᠢᠨ ᠢ ᠴᠡᠪᠡᠷᠯᠡᠬᠦ ᠠᠵᠢᠯ ᠢ ᠬᠠᠷᠢᠭᠤᠴᠠᠭᠤᠯᠵᠤ᠂ ᠲᠡᠭᠦᠨ ᠤ ᠠᠮᠢᠳᠤᠷᠠᠯ ᠳᠤ ᠵᠤᠬᠢᠬᠤ ᠤᠷᠤᠯᠭ᠎ᠠ ᠶᠢᠨ ᠢᠷᠡᠯᠳᠡ ᠲᠠᠢ ᠪᠤᠯᠭᠠᠬᠰᠠᠨ ᠪᠠᠶᠢᠨ᠎ᠠ᠃      ︽ᠡᠨᠡ ᠵᠢᠯ ᠤᠨ 4 ᠰᠠᠷ᠎ᠠ ᠠᠴᠠ ᠨᠠᠳᠠ ᠳᠤ ᠵᠠᠮ ᠤᠨ ᠬᠤᠶᠡᠷ ᠬᠠᠵᠠᠭᠤ ᠶᠢᠨ ᠬᠤᠭ ᠨᠤᠪᠰᠢ ᠶᠢ ᠴᠡᠪᠡᠷᠯᠡᠬᠦ ᠠᠵᠢᠯ ᠢ ᠲᠤᠬᠢᠷᠠᠭᠤᠯᠵᠤ ᠦᠭᠴᠡᠢ᠂ ᠭᠠᠷᠠᠭ ᠪᠤᠯᠭᠠᠨ 2 ᠠᠴᠠ 3 ᠤᠳᠠᠭ᠎ᠠ ᠴᠡᠪᠡᠷᠯᠡᠵᠤ᠂ ᠰᠠᠷ᠎ᠠ ᠳᠠᠭᠠᠨ 1760 ᠲᠦᠭᠦᠷᠢᠭ ᠤᠨ ᠲᠤᠬᠳᠠᠮᠠᠯ ᠤᠷᠤᠯᠭ᠎ᠠ ᠲᠠᠢ ᠪᠤᠯᠤᠬᠰᠡᠨ ᠠᠴᠠ ᠮᠢᠨᠤ ᠠᠮᠢᠳᠤᠷᠠᠯ ᠳᠤ ᠶᠠᠭᠡᠭᠡᠨ ᠲᠤᠰᠠ ᠪᠣᠯᠵᠤ ᠪᠠᠶᠢᠨ᠎ᠠ︾ ᠬᠡᠵᠤ ᠪᠠᠶᠠᠨᠰᠢᠯᠢ ᠭᠠᠴᠠᠭᠠᠨ ᠤ ᠮᠠᠯᠴᠢᠨ ᠰᠡᠴᠡᠨᠪᠠᠳᠤ ᠭᠡᠯᠡᠨ᠎ᠠ᠃     ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠳᠤ ᠰᠡᠴᠡᠨᠪᠠᠳᠤ ᠲᠠᠢ ᠠᠳᠠᠯᠢᠬᠠᠨ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠪᠠᠷ ᠲᠡᠮᠵᠢᠭᠤᠯᠤᠨ ᠠᠵᠢᠯ ᠤᠯᠤᠬᠰᠡᠨ ᠮᠠᠯᠴᠢᠨ ᠪᠠᠰᠠ ᠭᠤᠷᠪᠠᠨ ᠬᠦᠮᠦᠨ ᠪᠤᠢ᠂ ᠲᠡᠳᠡᠭᠡᠷ ᠨᠢ ᠬᠢᠵᠠᠭᠠᠷ ᠱᠤᠭᠤᠮ ᠤᠨ ᠵᠠᠮ ᠢ ᠬᠠᠮᠠᠭᠠᠯᠠᠬᠤ᠂ ᠭᠠᠴᠠᠭ᠎ᠠ ᠲᠤᠰᠬᠤᠨ ᠤ ᠤᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠳᠠᠭ᠃ ᠣᠶᠢᠯᠠᠭᠠᠬᠰᠠᠨ ᠢᠶᠠᠷ᠂ ᠡᠨᠡ ᠵᠢᠯ ᠦᠤᠰᠢᠨ ᠬᠤᠰᠢᠭᠤ ︽ᠲᠤᠰᠬᠤᠨ ᠳᠤ ᠲᠤᠬᠢᠷᠠᠭᠤᠯᠤᠨ ᠠᠵᠢᠯ ᠤᠨ ᠪᠠᠶᠢᠷᠢ ᠬᠠᠩᠭᠠᠬᠤ᠂ ᠭᠡᠷᠡᠭᠴᠡᠭᠡ ᠳᠡᠭᠡᠨ ᠲᠤᠬᠢᠷᠠᠭᠤᠯᠤᠨ ᠠᠵᠢᠯ ᠤᠨ ᠪᠠᠶᠢᠷᠢ ᠬᠠᠩᠭᠠᠬᠤ᠂ ᠠᠵᠢᠯ ᠤᠨ ᠪᠠᠶᠢᠷᠢ ᠪᠠᠷ ᠭᠦᠮᠦᠨ ᠢᠶᠠᠨ ᠲᠤᠬᠳᠠᠭᠠᠬᠤ᠂ ᠶᠡᠷᠦᠩᠭᠡᠢ ᠲᠤᠭ᠎ᠠ ᠶᠢ ᠡᠵᠡᠮᠳᠡᠬᠦ᠂ ᠲᠤᠬᠠᠢ ᠶᠢᠨ ᠭᠠᠵᠠᠷ ᠲᠤᠨᠢ ᠬᠠᠮᠢᠶᠠᠷᠬᠤ︾ ᠲᠤᠬᠳᠠᠭᠠᠯ ᠢᠶᠠᠷ ᠤᠯᠠᠭᠠᠨᠳᠤᠯᠤᠭᠠᠢ ᠪᠠᠯᠭᠠᠰᠤᠨ ᠤ ᠬᠡᠪᠴᠢᠶᠡᠨ ᠳᠤ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠭᠠᠷᠭᠠᠵᠤ᠂ ᠲᠠᠩᠰᠡᠯᠠᠵᠤ ᠺᠠᠷᠳ᠋ᠯᠠᠭᠰᠠᠨ ᠶᠠᠳᠠᠭᠤ ᠬᠥᠴᠢᠷᠳᠡᠯᠳᠡᠢ ᠡᠷᠦᠭᠡ ᠶᠢᠨ ᠠᠵᠢᠯ ᠣᠯᠬᠤ ᠠᠰᠠᠭᠤᠳᠠᠯ ᠢ ᠰᠢᠢᠳᠪᠤᠷᠢᠯᠡᠭᠰᠡᠨ ᠮᠦᠷᠳᠡᠭᠡᠨ ᠬᠦᠳᠡᠭᠡ ᠲᠤᠰᠬᠤᠨ ᠤ ᠤᠷᠴᠢᠨ ᠲᠤᠭᠤᠷᠢᠨ ᠢ ᠬᠠᠮᠠᠭᠠᠯᠠᠵᠤ ᠴᠢᠳᠠᠬᠰᠠᠨ ᠪᠠᠶᠢᠨ᠎ᠠ᠃      ︽ᠪᠢᠳᠡ 4 ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠲᠡᠭᠡᠷ᠎ᠡ ᠱᠠᠳᠤᠨ ᠠᠴᠠ ᠭᠤᠶᠣᠴᠢᠯᠠᠵᠤ ᠤᠯᠤᠬᠰᠠᠨ ᠶᠤᠮ᠂ ᠭᠤᠤᠯᠳᠠᠭᠤ ᠮᠠᠨ ᠤ ᠭᠠᠴᠠᠭᠠᠨ ᠤ ᠤᠶᠢᠷ᠎ᠠ ᠬᠠᠪᠢ ᠶᠢᠨ ᠣᠷᠴᠢᠨ ᠲᠤᠭᠤᠷᠢᠨ ᠢ ᠴᠡᠪᠡᠷᠯᠡᠨ᠎ᠡ᠂ ᠨᠢᠭᠡ ᠭᠠᠷᠠᠭ   ᠲᠤ 2 ᠠᠴᠠ 3 ᠤᠳᠠᠭ᠎ᠠ ᠴᠡᠪᠡᠷᠯᠡᠬᠦ ᠶᠢ ᠪᠠᠳᠤᠯᠠᠨ᠎ᠠ᠃ ᠡᠨᠡ ᠨᠢ ᠬᠤᠶᠡᠷ ᠶᠡᠭᠡ ᠠᠰᠢᠬ ᠲᠠᠢ ᠲᠠᠯ᠎ᠠ ᠲᠠᠢ᠂ ᠨᠢᠭᠡ ᠨᠢ ᠶᠠᠳᠠᠭᠤ ᠡᠷᠦᠭᠡ ᠶᠢᠨ ᠤᠷᠤᠯᠭ᠎ᠠ ᠶᠢ ᠨᠡᠮᠡᠭᠳᠡᠬᠦᠯᠵᠦ᠂ ᠲᠡᠳᠡᠨ ᠤ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠭᠦᠯᠪᠡ᠃ ᠨᠦᠭᠦᠬᠡ ᠨᠢ ᠪᠠᠶᠠᠨᠰᠢᠯᠢ ᠭᠠᠴᠠᠭᠠᠨ ᠤ ᠮᠠᠯᠴᠢᠨ ᠲᠠᠷᠢᠶᠠᠴᠢᠳ ᠤᠨ ᠤᠷᠣᠰᠢᠨ ᠠᠮᠢᠳᠤᠷᠠᠬᠤ ᠤᠷᠴᠢᠨ ᠲᠤᠭᠤᠷᠢᠨ ᠢ ᠤᠯᠠᠮ ᠴᠡᠪᠡᠷ ᠲᠤᠬᠢᠯᠢᠭ ᠪᠤᠯᠭᠠᠬᠰᠠᠨ ᠪᠠᠶᠢᠨ᠎ᠠ︾ ᠬᠡᠵᠤ ᠦᠤᠰᠢᠨ ᠬᠤᠰᠢᠭᠤᠨ ᠤ ᠤᠰᠤᠨ ᠠᠰᠢᠬᠯᠠᠯᠳᠠ ᠶᠢᠨ ᠲᠤᠪᠴᠢᠶᠠᠨ ᠠᠴᠠ ᠪᠠᠶᠠᠨᠰᠢᠯᠢ ᠭᠠᠴᠠᠭᠠᠨ ᠳᠤ ᠲᠣᠮᠢᠯᠡᠨ ᠰᠠᠭᠤᠯᠭᠠᠬᠰᠡᠨ ᠨᠢᠬᠡᠳᠦᠭᠡᠷ ᠱᠦᠵᠢ ᠹᠦ᠋ ᠱᠸᠥ ᠴᠥᠨ ᠲᠠᠨᠢᠯᠴᠠᠭᠤᠯᠵᠤ ᠪᠠᠶᠢᠯ᠎ᠠ᠃              
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号