ᠲᠤᠳᠤᠷᠭ᠎ᠠ ᠨᠤᠭᠤᠰᠤ ᠶᠢᠨ ᠬᠤᠤᠰ ᠬᠤᠷᠢᠶᠠᠯᠳᠠ
ᠨᠡᠶᠢᠲᠡᠯᠡᠭᠰᠡᠨ ᠴᠠᠭ᠄
2020/8/20
     ᠦᠤᠰᠢᠨ ᠬᠤᠰᠢᠭᠤᠨ ᠤ ᠰᠢᠷᠬᠤᠰᠤᠨ ᠭᠤᠤᠯ ᠪᠠᠯᠭᠠᠰᠤ ᠶᠢᠨ ᠰᠢᠷᠬᠤᠰᠤᠨ ᠭᠤᠤᠯ ᠲᠤᠰᠬᠤᠨ ᠤ ᠤᠰᠤᠨ ᠲᠤᠳᠤᠷᠭ᠎ᠠ ᠶᠢᠨ ᠲᠠᠷᠢᠶᠠᠨ ᠳᠤ ᠬᠠᠯᠳᠠᠷ ᠨᠤᠭᠤᠰᠤ ᠨᠤᠳᠤᠬᠰᠢᠵᠤ᠂ ︽ᠲᠤᠳᠤᠷᠭ᠎ᠠ ᠨᠤᠭᠤᠰᠤ ᠬᠠᠮᠳᠤ ᠤᠷᠤᠰᠢᠭᠰᠠᠨ ︾ ᠵᠢᠷᠤᠬᠯᠠᠯ ᠢ ᠪᠤᠢ ᠪᠤᠯᠭᠠᠵᠤ᠂ ᠡᠯᠪᠡᠭ ᠬᠤᠷᠢᠶᠠᠯᠳᠠ ᠶᠢᠨ ᠳᠠᠭᠤᠨ ᠢ ᠬᠠᠨᠭ᠍ᠭᠢᠨᠠᠭᠤᠯᠤᠨ᠎ᠠ᠃      ︽ᠨᠤᠭᠤᠰᠤ ᠪᠤᠯ ᠬᠤᠯᠢᠰᠢᠨ ᠢᠳᠡᠭᠡᠨ ᠢᠳᠡᠳᠡᠭ ᠠᠮᠢᠳᠠᠨ ᠪᠠᠶᠢᠵᠤ᠂ ᠭᠦᠶᠤᠵᠤ ᠲᠡᠷᠪᠡᠭᠦ ᠳᠡᠭᠡᠨ ᠰᠠᠶᠢᠨ᠂ ᠲᠤᠳᠤᠷᠭ᠎ᠠ ᠶᠢᠨ ᠲᠠᠷᠢᠶᠠᠨ ᠤ ᠬᠤᠭ ᠡᠪᠡᠰᠦ ᠪᠠ ᠭᠦᠨᠦᠭᠡᠯᠳᠤ ᠬᠤᠷᠤᠬᠠᠢ ᠶᠢ ᠢᠳᠡᠳᠡᠭ ᠪᠤᠯᠬᠤᠷ ᠡᠪᠡᠰᠦ ᠠᠷᠢᠯᠭᠠᠬᠤ ᠡᠮ ᠪᠠ ᠲᠠᠷᠢᠶᠠᠨ ᠡᠮ ᠭᠡᠷᠡᠭᠯᠡᠭᠦ ᠴᠢᠬᠤᠯᠠ ᠦᠭᠡᠢ ᠪᠤᠯᠵᠤ᠂ ᠲᠠᠷᠢᠶᠠᠯᠠᠩ ᠤᠨ ᠪᠤᠭᠢᠷᠳᠤᠯ ᠢ ᠪᠦᠳᠦᠮᠵᠢᠳᠠᠢ ᠰᠡᠷᠭᠡᠶᠢᠯᠡᠵᠡᠢ︾ ᠭᠡᠵᠤ ᠦᠤᠰᠢᠨ ᠬᠤᠰᠢᠭᠤᠨ ᠤ ᠰᠢᠷᠬᠤᠰᠤᠨ ᠭᠤᠤᠯ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠳᠠ ᠶᠢᠨ ᠭᠢᠵᠠᠭᠠᠷᠳᠤ ᠺᠤᠮᠫᠠᠨᠢ ᠶᠢᠨ ᠶᠡᠷᠦᠩᠭᠡᠢ ᠲᠠᠭᠠᠭᠠᠮᠠᠯ ᠯᠢᠶᠠᠩ ᠰᠢᠶᠤᠤ ᠫᠢᠡᠭ ᠲᠠᠨᠢᠯᠴᠠᠭᠤᠯᠤᠨ᠎ᠠ᠃ ᠲᠡᠭᠦᠨ ᠤ ᠲᠠᠨᠢᠯᠴᠠᠭᠤᠯᠬᠤ ᠪᠠᠷ᠂ ᠲᠠᠷᠢᠶᠠᠨ ᠭᠠᠵᠠᠷ ᠲᠤ ᠨᠤᠭᠤᠰᠤ ᠲᠡᠵᠢᠭᠡᠭᠰᠡᠨ ᠨᠢ ᠲᠤᠳᠤᠷᠭ᠎ᠠ ᠶᠢᠨ ᠲᠦᠷᠦᠭᠦᠦ ᠶᠢᠨ ᠤᠷᠭᠤᠯᠳᠠ ᠶᠢ ᠪᠦᠳᠦᠮᠵᠢᠳᠠᠢ ᠰᠠᠶᠢᠵᠢᠷᠠᠭᠤᠯᠵᠤ᠂ ᠨᠤᠭᠤᠰᠤ ᠶᠢᠨ ᠰᠢᠭᠡᠭ ᠨᠢ ᠤᠷᠭᠠᠨᠢᠭ ᠪᠤᠷᠳᠤᠭᠤᠷ ᠪᠤᠯᠳᠠᠭ ᠠᠴᠠ ᠭᠢᠮᠢ ᠶᠢᠨ ᠪᠤᠷᠳᠤᠭᠤᠷ ᠭᠡᠷᠡᠭᠯᠡᠭᠦ ᠴᠢᠬᠤᠯᠠ ᠦᠭᠡᠢ ᠪᠠᠶᠢᠵᠤ᠂ ᠵᠤᠭᠤᠰ ᠮᠦᠡᠭᠭᠦ ᠶᠢ ᠠᠷᠪᠢᠯᠠᠬᠤ ᠮᠦᠷᠳᠡᠭᠡᠨ ᠭᠦᠴᠦ ᠭᠦᠳᠡᠯᠮᠤᠷᠢ ᠳᠤ ᠴᠦ ᠠᠷᠪᠢᠳᠠᠢ ᠪᠠᠶᠢᠳᠠᠭ᠃ ᠯᠢᠶᠠᠩ ᠰᠢᠶᠤᠤ ᠫᠢᠡᠭ ᠰᠢᠷᠬᠤᠰᠤᠨ ᠭᠤᠤᠯ ᠲᠤᠰᠬᠤᠨ ᠳᠤ ᠲᠦᠷᠦᠵᠤ ᠦᠰᠦᠭᠰᠡᠨ ᠪᠤᠯᠬᠤᠷ ᠡ᠊ᠨᠳᠡᠭᠢ ᠶᠢᠨ ᠪᠠᠶᠢᠳᠠᠯ ᠢ ᠠᠯᠠᠭᠠᠨ ᠤ ᠪᠠᠨ ᠵᠢᠷᠤᠭᠠᠰᠤ ᠰᠢᠭ᠋ ᠲᠤᠳᠤᠷᠬᠠᠢ ᠮᠡᠳᠡᠳᠡᠭ ᠪᠠᠶᠢᠯ᠎ᠠ᠃ 2012 ᠤᠨ ᠠᠴᠠ ᠡᠭᠢᠯᠡᠨ᠂ ᠲᠡᠷᠠ ᠰᠢᠷᠬᠤᠰᠤᠨ ᠭᠤᠤᠯ ᠤᠨ ᠡᠭᠢ ᠪᠠᠶᠠᠯᠢᠭ ᠤᠨ ᠲᠠᠪᠠᠭᠤᠯᠢᠭ ᠢ ᠠᠰᠢᠬᠯᠠᠨ᠂ ᠲᠤᠰᠬᠤᠨ ᠤ 1000 ᠭᠠᠷᠤᠢ ᠮᠦ ᠭᠠᠵᠠᠷ ᠢ ᠲᠠᠭᠠᠭᠠᠴᠢᠯᠠᠵᠤ᠂ ᠤᠷᠭᠠᠨᠢᠭ ᠤᠰᠤᠨ ᠲᠤᠳᠤᠷᠭ᠎ᠠ᠂ ᠪᠤᠭᠤᠳᠠᠢ᠂ ᠡᠯᠳᠡᠪ ᠠᠮᠤ᠂ ᠢᠳᠡᠰᠢᠨ ᠨᠤᠭᠤᠭ᠎ᠠ᠂ ᠵᠢᠮᠢᠰ ᠢ ᠲᠠᠷᠢᠵᠤ ᠪᠤᠯᠪᠠᠰᠤᠷᠠᠭᠤᠯᠬᠤ ᠪᠠ ᠮᠠᠯ ᠲᠡᠵᠢᠭᠡᠭᠦ ᠦᠢᠯᠡᠰ ᠢᠶᠠᠨ ᠡᠭᠢᠯᠡᠭᠦᠯᠦᠭᠰᠡᠨ ᠪᠠᠶᠢᠨ᠎ᠠ᠃ ᠭᠡᠷᠭᠢᠨ ᠤᠷᠭᠠᠨᠢᠭ ᠤᠰᠤᠨ ᠲᠤᠳᠤᠷᠭ᠎ᠠ ᠶᠢᠨ ᠴᠢᠨᠠᠷ ᠢ ᠰᠠᠶᠢᠵᠢᠷᠠᠭᠤᠯᠬᠤ ᠪᠠ ᠤᠨᠠᠯᠳᠠ ᠶᠢ ᠲᠡᠭᠡᠭᠰᠢᠯᠡᠭᠦᠯᠭᠦ ᠪᠤᠢ︖ ᠯᠢᠶᠠᠩ ᠰᠢᠶᠤᠤ ᠫᠢᠡᠭ ᠡᠮᠤᠨ᠎ᠠ ᠭᠡᠳᠦᠨ ᠵᠢᠯ ᠤᠨ ᠲᠠᠷᠢᠮᠠᠯ ᠤᠨ ᠶᠠᠪᠤᠴᠠ ᠲᠤᠮᠳᠠ ᠪᠠᠨ ᠤᠰᠤᠨ ᠲᠤᠳᠤᠷᠭ᠎ᠠ ᠶᠢᠨ ᠲᠠᠷᠢᠶᠠᠨ ᠳᠤ ᠨᠠᠶᠢᠮᠠᠯᠵᠢ ᠲᠡᠵᠢᠭᠡᠵᠤ᠂ ᠨᠠᠶᠢᠮᠠᠯᠵᠢ ᠶᠢ ᠠᠰᠢᠬᠯᠠᠨ ᠭᠦᠷᠦᠰᠦ ᠰᠢᠷᠤᠢ ᠶᠢ ᠰᠤᠯᠠᠷᠠᠭᠤᠯᠵᠤ᠂ ᠨᠠᠶᠢᠮᠠᠯᠵᠢ ᠶᠢᠨ ᠪᠤᠷᠳᠤᠭᠤᠷ ᠤᠷᠤᠭᠤᠯᠵᠤ᠂ ᠨᠢᠭᠡ ᠭᠠᠵᠠᠷ ᠢ ᠬᠤᠶᠠᠷ ᠲᠠᠯ᠎ᠠ ᠪᠠᠷ ᠠᠰᠢᠬᠯᠠᠬᠤ ᠲᠠᠷᠢᠮᠠᠯ ᠲᠡᠵᠢᠭᠡᠪᠤᠷᠢ ᠶᠢᠨ ᠭᠡᠯᠪᠡᠷᠢ ᠶᠢ ᠡᠭᠦᠳᠦᠭᠰᠡᠨ ᠪᠠᠶᠢᠨ᠎ᠠ᠃ ᠡᠳᠦᠷ ᠤᠳᠠᠭᠠᠨ ᠳᠠᠭᠠᠨ᠂ ᠯᠢᠶᠠᠩ ᠰᠢᠶᠤᠤ ᠫᠢᠡᠭ ᠤᠨ ᠲᠤᠳᠤᠷᠭ᠎ᠠ ᠶᠢᠨ ᠲᠠᠷᠢᠶᠠᠨ ᠳᠤ ᠲᠡᠵᠢᠭᠡᠭᠰᠡᠨ ᠨᠠᠶᠢᠮᠠᠯᠵᠢ ᠨᠢ ᠴᠢᠨᠠᠷ ᠤᠨ ᠰᠢᠯᠳᠠᠭᠠᠨ ᠠᠴᠠ ᠪᠤᠯᠵᠤ ᠵᠠᠬ᠎ᠠ ᠲᠡᠯᠭᠡᠭᠦᠷ ᠤᠨ ︽ᠭᠢᠮᠤᠷᠠᠯ︾ ᠳᠤ ᠤᠴᠠᠷᠠᠪᠠ᠃ ᠤᠷᠭᠠᠨᠢᠭ ᠤᠰᠤᠨ ᠲᠤᠳᠤᠷᠭ᠎ᠠ ᠶᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠭᠦ ᠭᠠᠷᠳᠠᠴᠠ ᠪᠤᠯᠭᠠᠬᠤ ᠶᠢᠨ ᠲᠤᠰᠠᠳᠠ᠂ ᠲᠡᠷᠠ ᠦᠵᠠᠯᠳᠠ ᠲᠠᠨᠢᠯᠳᠠ ᠪᠠᠨ ᠲᠠᠰᠤᠷᠠᠯᠳᠠ ᠦᠭᠡᠢ ᠰᠢᠨᠡᠴᠢᠯᠠᠨ᠂ ᠲᠠᠷᠢᠮᠠᠯ ᠲᠡᠵᠢᠭᠡᠪᠤᠷᠢ ᠶᠢᠨ ᠮᠡᠷᠭᠡᠵᠢᠯ ᠢ ᠰᠤᠳᠤᠯᠵᠤ᠂ ︽ᠲᠤᠳᠤᠷᠭ᠎ᠠ ᠶᠢᠨ ᠲᠠᠷᠢᠶᠠᠨ ᠳᠤ ᠨᠠᠶᠢᠮᠠᠯᠵᠢ ᠲᠡᠵᠢᠭᠡᠭᠦ︾ ᠶᠢ ᠬᠤᠪᠢᠷᠠᠭᠤᠯᠤᠨ ︽ᠲᠤᠳᠤᠷᠭ᠎ᠠ ᠨᠤᠭᠤᠰᠤ ᠬᠠᠮᠳᠤ ᠤᠷᠤᠰᠢᠬᠤ︾ ᠪᠤᠯᠭᠠᠵᠤ᠂ 2019 ᠤᠨ ᠠᠴᠠ ᠡᠭᠢᠯᠡᠨ ᠲᠤᠷᠰᠢᠨ ᠭᠢᠭᠰᠡᠨ ᠪᠠᠶᠢᠨ᠎ᠠ᠃ ᠲᠤᠰ ᠵᠢᠯ ᠲᠡᠷᠠ ᠦᠪᠡᠷ ᠤᠨ ᠲᠤᠳᠤᠷᠭ᠎ᠠ ᠶᠢᠨ ᠲᠠᠷᠢᠶᠠᠨ ᠳᠠᠭᠠᠨ 500 ᠬᠠᠯᠳᠠᠷ ᠨᠤᠭᠤᠰᠤ ᠲᠡᠵᠢᠭᠡᠵᠤ᠂ ᠨᠢᠭᠡ ᠵᠢᠯ ᠤᠨ ᠲᠤᠷᠰᠢᠯᠳᠠ ᠪᠠᠷ ᠲᠠᠮᠵᠢᠭᠠᠳ ᠤᠰᠤᠨ ᠲᠤᠳᠤᠷᠭ᠎ᠠ ᠶᠢᠨ ᠮᠥ ᠪᠦᠷᠢ ᠶᠢᠨ ᠤᠨᠠᠯᠳᠠ ᠶᠢᠨ ᠭᠡᠮᠵᠢᠶ᠎ᠠ ᠨᠢ ᠤᠤᠯ ᠤᠨ ᠬᠢ ᠠᠴᠠ ᠪᠠᠨ 50 ᠵᠢᠩ ᠤᠷᠴᠢᠮ ᠨᠡᠮᠡᠭᠳᠡᠭᠰᠡᠨ ᠮᠦᠷᠳᠡᠭᠡᠨ ᠠᠮᠢ ᠠᠬᠤᠢᠢᠴᠢᠯᠠᠨ ᠲᠡᠵᠢᠭᠡᠭᠰᠡᠨ ᠨᠤᠭᠤᠰᠤ ᠶᠢ ᠨᠢ ᠭᠦᠮᠦᠰ ᠪᠤᠯᠢᠶᠠᠯᠳᠤᠨ ᠠᠪᠴᠠᠭᠠᠵᠤ᠂ ᠬᠤᠤᠰ ᠦᠷ᠎ᠠ ᠠᠰᠢᠭ ᠢ ᠡᠭᠦᠳᠦᠭᠰᠡᠨ ᠪᠠᠶᠢᠨ᠎ᠠ᠃ ᠡᠨᠡ ᠵᠢᠯ᠂ ᠯᠢᠶᠠᠩ ᠰᠢᠶᠤᠤ ᠫᠢᠡᠭ ᠭᠡᠪᠴᠢᠶ᠎ᠠ ᠪᠠᠨ ᠦᠷᠭᠡᠳᠭᠡᠵᠤ᠂ ᠦᠪᠡᠷ ᠤᠨ ᠲᠠᠷᠢᠬᠰᠠᠨ 1100 ᠮᠦ ᠲᠤᠳᠤᠷᠭ᠎ᠠ ᠶᠢᠨ ᠲᠠᠷᠢᠶᠠᠨ ᠳᠠᠭᠠᠨ 3000 ᠬᠠᠯᠳᠠᠷ ᠨᠤᠭᠤᠰᠤ ᠲᠡᠵᠢᠭᠡᠪᠡ᠃ ᠤᠳᠤᠬᠠᠨ ᠤ ᠪᠠᠶᠢᠳᠠᠯ ᠠᠴᠠ ᠦᠵᠠᠪᠠᠯ᠂ ︽ᠲᠤᠳᠤᠷᠭ᠎ᠠ ᠨᠤᠭᠤᠰᠤ ᠬᠠᠮᠳᠤ ᠤᠷᠤᠰᠢᠬᠤ︾ ᠪᠠᠶᠢᠳᠠᠯ ᠲᠤᠤᠷᠠᠭᠢ ᠲᠤᠳᠤᠷᠭ᠎ᠠ ᠶᠢᠨ ᠲᠠᠷᠢᠶ᠎ᠠ ᠶᠢ ᠡ᠊ᠡᠭ ᠤᠨ ᠲᠤᠳᠤᠷᠭ᠎ᠠ ᠶᠢᠨ ᠲᠠᠷᠢᠶ᠎ᠠ ᠲᠠᠢ ᠬᠠᠷᠢᠴᠠᠭᠤᠯᠪᠠᠯ᠂ ᠲᠤᠳᠤᠷᠭ᠎ᠠ ᠶᠢᠨ ᠰᠤᠶᠤᠭᠠᠨ ᠤ ᠤᠷᠭᠤᠴᠠ ᠰᠠᠶᠢᠨ ᠪᠠᠶᠢᠵᠤ᠂ ᠬᠤᠭ ᠡᠪᠡᠰᠦ ᠦᠭᠡᠢ᠂ ᠴᠦᠭᠦᠷᠤᠮ ᠤᠨ ᠤᠰᠤ ᠲᠤᠩᠭᠠᠯᠠᠭ ᠪᠠᠶᠢᠵᠤ᠂ ᠤᠰᠤᠨ ᠲᠤᠳᠤᠷᠭ᠎ᠠ ᠶᠢᠨ ᠡᠯᠪᠡᠭ ᠬᠤᠷᠢᠶᠠᠯᠳᠠ ᠶᠢᠨ ᠵᠢᠷᠤᠬᠯᠠᠯ ᠪᠤᠯᠤᠭᠰᠠᠨ ᠪᠠᠶᠢᠨ᠎ᠠ᠃      ︽ᠲᠤᠳᠤᠷᠭ᠎ᠠ ᠨᠤᠭᠤᠰᠤ ᠬᠠᠮᠳᠤ ᠤᠷᠤᠰᠢᠵᠤ︾ ᠨᠢᠭᠡ ᠲᠠᠷᠢᠶᠠᠨ ᠭᠠᠵᠠᠷ ᠠᠴᠠ ᠬᠤᠤᠰ ᠬᠤᠷᠢᠶᠠᠯᠳᠠ ᠶᠢ ᠤᠯᠵᠤ᠂ ᠲᠤᠳᠤᠷᠭ᠎ᠠ ᠨᠤᠭᠤᠰᠤ ᠶᠢ ᠠᠮᠢ ᠠᠬᠤᠢᠢᠴᠢ ᠪᠠᠷ ᠲᠠᠷᠢᠵᠤ ᠲᠡᠵᠢᠭᠡᠭᠦ ᠭᠡᠪ ᠵᠠᠬᠪᠤᠷ ᠨᠢ ᠠᠮᠢ ᠠᠬᠤᠢ ᠶᠢᠨ ᠲᠤᠳᠤᠷᠭ᠎ᠠ ᠶᠢᠨ ᠪᠤᠷᠤᠯᠠᠭᠤᠯᠭ᠎ᠠ ᠳᠤ ᠨᠠᠩ ᠰᠠᠶᠢᠨ ᠪᠠᠳᠤᠯᠠᠭ᠎ᠠ ᠤᠯᠭᠤᠪᠠ᠃ ᠲᠤᠳᠤᠷᠭ᠎ᠠ ᠶᠢᠨ ᠲᠠᠷᠢᠶᠠᠨ ᠤ ᠲᠡᠷᠭᠡᠳᠡ ᠂ ᠨᠤᠭᠤᠰᠤᠨ ᠰᠦᠷᠦᠭ ᠤᠨ ᠬᠠᠵᠠᠭᠤ ᠳᠤ᠂ ᠯᠢᠶᠠᠩ ᠰᠢᠶᠤᠤ ᠫᠢᠡᠭ ᠲᠤᠳᠤᠷᠭ᠎ᠠ ᠨᠤᠭᠤᠰᠤ ᠬᠠᠮᠳᠤ ᠪᠠᠷ ᠤᠷᠭᠤᠵᠤ ᠦᠰᠬᠦ ᠲᠠᠩᠰᠡ ᠶᠢ ᠲᠤᠭᠠᠴᠢᠨ᠎ᠠ᠃ ᠲᠤᠳᠤᠷᠭ᠎ᠠ ᠶᠢᠨ ᠰᠤᠶᠤᠭ᠎ᠠ ᠶᠢ ᠲᠠᠷᠢᠬᠰᠠᠨ ᠤ ᠲᠠᠷᠠᠭ᠎ᠠ᠂ 1.6 ᠲᠦᠭᠦᠷᠢᠭ ᠤᠨ ᠨᠤᠭᠤᠰᠤᠨ ᠲᠡᠭᠳᠡᠭᠡᠭᠡᠢ ᠶᠢ ᠲᠤᠳᠤᠷᠭ᠎ᠠ ᠶᠢᠨ ᠲᠠᠷᠢᠶᠠᠨ ᠳᠠᠭᠠᠨ ᠲᠡᠵᠢᠭᠡᠨ᠎ᠠ᠂ 3 ᠰᠠᠷ᠎ᠠ ᠶᠢᠨ ᠳᠠᠷᠠᠭ᠎ᠠ ᠲᠤᠳᠤᠷᠭ᠎ᠠ ᠶᠢᠨ ᠲᠦᠷᠦᠭᠦᠦ ᠪᠤᠯᠪᠠᠰᠤᠷᠠᠬᠤ ᠦᠶ᠎ᠠ ᠲᠤᠳᠤᠷᠭ᠎ᠠ ᠶᠢᠨ ᠲᠠᠷᠢᠶᠠᠨ ᠤ ᠨᠤᠭᠤᠰᠤ ᠶᠢ ᠴᠦ ᠪᠤᠷᠤᠯᠠᠭᠤᠯᠬᠤ ᠴᠠᠭ ᠪᠤᠯᠵᠤ᠂ ᠨᠢᠭᠡ ᠨᠤᠭᠤᠰᠤ ᠶᠢ 40 ᠲᠦᠭᠦᠷᠢᠭ ᠢᠶᠠᠷ ᠵᠠᠬ ᠎ᠠ ᠲᠡᠯᠭᠡᠭᠦᠷ ᠲᠤ ᠭᠠᠷᠭᠠᠳᠠᠭ ᠪᠠᠶᠢᠨ᠎ᠠ᠃ ᠲᠠᠷᠢᠵᠤ ᠲᠡᠵᠢᠭᠡᠭᠦ ᠶᠠᠪᠤᠴᠠ ᠲᠤᠮᠳᠠ᠂ ᠨᠤᠭᠤᠰᠤ ᠨᠢ ᠤᠰᠤᠨ ᠲᠤᠳᠤᠷᠭ᠎ᠠ ᠶᠢᠨ ᠬᠤᠷᠤᠬᠠᠢ ᠶᠢ ᠠᠷᠢᠯᠭᠠᠨ᠂ ᠡᠪᠡᠰᠦ ᠶᠢ ᠠᠷᠢᠯᠭᠠᠵᠤ᠂ ᠨᠤᠭᠤᠰᠤᠨ ᠤ ᠰᠢᠭᠡᠭ ᠢᠶᠠᠷ ᠪᠤᠷᠳᠤᠭᠤᠷ ᠤᠷᠤᠭᠤᠯᠤᠨ ᠮᠦ ᠪᠦᠷᠢ ᠠᠴᠠ 300 ᠲᠦᠭᠦᠷᠢᠭ ᠤᠨ ᠦᠪᠡᠷ ᠤᠨ ᠦᠷᠳᠡᠭ ᠢ ᠠᠷᠪᠢᠯᠠᠴᠢᠬᠠᠳᠠᠭ᠂ ᠨᠤᠭᠤᠰᠤ ᠶᠢᠨ ᠭᠦᠶᠤᠵᠤ ᠲᠡᠷᠪᠡᠭᠦ ᠤᠷᠤᠨ ᠵᠠᠢ ᠶᠢ ᠦᠯᠡᠳᠡᠭᠡᠭᠦ ᠶᠢᠨ ᠲᠦᠯᠦᠭᠡ ᠲᠤᠳᠤᠷᠭ᠎ᠠ ᠶᠢᠨ ᠲᠠᠷᠢᠶ ᠎ᠠ ᠪᠠᠨ ᠰᠠᠶᠢᠷᠡᠭ ᠲᠠᠷᠢᠬᠰᠠᠨ ᠠᠴᠠ ᠮᠦ ᠪᠦᠷᠢ ᠶᠢᠨ ᠤᠨᠠᠯᠳᠠ ᠨᠢ ᠤᠤᠯ ᠤᠨ ᠬᠢ ᠠᠴᠠ 50 ᠵᠢᠩ ᠤᠷᠴᠢᠮ ᠨᠡᠮᠡᠭᠳᠡᠵᠤ᠂ ᠵᠠᠬ ᠎ᠠ ᠲᠡᠯᠭᠡᠭᠦᠷ ᠤᠨ ᠦᠨ᠎ᠠ ᠬᠠᠨᠭ᠍ᠰᠢ ᠪᠠᠷ ᠵᠢᠩ ᠪᠦᠷᠢ ᠶᠢ 30 ᠲᠦᠭᠦᠷᠢᠭ ᠢᠶᠠᠷ ᠪᠤᠳᠤᠪᠠᠯ᠂ ︽ᠲᠤᠳᠤᠷᠭ᠎ᠠ ᠨᠤᠭᠤᠰᠤ ᠬᠠᠮᠳᠤ ᠤᠷᠤᠰᠢᠬᠤ︾ ᠲᠠᠷᠢᠮᠠᠯ ᠨᠢ ᠦᠡᠭᠭᠡᠷᠡᠭᠰᠡᠨ ᠤ ᠶᠡᠷᠦ ᠶᠢᠨ ᠲᠠᠷᠢᠮᠠᠯ ᠠᠴᠠ ᠮᠦ ᠪᠦᠷᠢ ᠶᠢᠨ ᠤᠷᠤᠯᠭ᠎ᠠ ᠶᠢ 1000 ᠭᠠᠷᠤᠢ ᠲᠦᠭᠦᠷᠢᠭ ᠨᠡᠮᠡᠭᠳᠡᠭᠦᠯᠭᠦ ᠪᠤᠯᠤᠨ᠎ᠠ᠃      ︽ᠲᠤᠳᠤᠷᠭ᠎ᠠ ᠨᠤᠭᠤᠰᠤ ᠬᠠᠮᠳᠤ ᠤᠷᠤᠰᠢᠵᠤ︾ ᠨᠢᠭᠡ ᠲᠠᠷᠢᠶᠠᠨ ᠭᠠᠵᠠᠷ ᠠᠴᠠ ᠬᠤᠤᠰ ᠬᠤᠷᠢᠶᠠᠯᠳᠠ ᠶᠢ ᠤᠯᠬᠤ ︽ᠰᠢᠨ᠎ᠠ ᠲᠠᠷᠢᠮᠠᠯ︾ ᠤᠨ ᠵᠠᠮ ᠨᠢ ᠲᠠᠷᠢᠮᠠᠯ ᠲᠡᠵᠢᠭᠡᠪᠤᠷᠢ ᠶᠢ ᠤᠶᠠᠯᠳᠤᠭᠤᠯᠤᠬᠰᠠᠨ ᠰᠢᠨ᠎ᠠ ᠭᠡᠪ ᠵᠠᠬᠪᠤᠷ ᠪᠠᠶᠢᠵᠤ᠂ ᠮᠠᠯᠴᠢᠨ ᠲᠠᠷᠢᠶᠠᠴᠢᠳ ᠲᠤ ᠪᠤᠷᠤᠯᠠᠭᠤᠯᠭ᠎ᠠ ᠰᠠᠶᠢᠳᠠᠢ ᠤᠷᠭᠠᠨᠢᠭ ᠲᠤᠳᠤᠷᠭ᠎ᠠ ᠪᠠ ᠠᠮᠢ ᠠᠬᠤᠢᠢᠴᠢᠯᠠᠨ ᠲᠡᠵᠢᠭᠡᠭᠰᠡᠨ ᠨᠤᠭᠤᠰᠤ ᠬᠠᠨᠭ᠍ᠭᠠᠬᠤ ᠶᠢᠨ ᠬᠠᠮᠳᠤ ᠤᠷᠤᠯᠭ᠎ᠠ ᠪᠠᠨ ᠨᠡᠮᠡᠭᠳᠡᠭᠦᠯᠵᠤ ᠪᠠᠶᠠᠵᠢᠨ ᠴᠢᠨᠡᠭᠡᠯᠢᠭᠵᠢᠭᠦ ᠰᠢᠨ᠎ᠠ ᠡᠭᠦᠳᠡ ᠶᠢ ᠨᠡᠭᠡᠭᠡᠵᠤ᠂ ᠨᠠᠩ ᠴᠦ ᠰᠢᠷᠬᠤᠰᠤᠨ ᠭᠤᠤᠯ ᠤᠨ ︽ᠠᠮᠢ ᠠᠬᠤᠢ᠂ ᠠᠮᠤᠷ ᠲᠦᠪᠰᠢᠨ᠂ ᠪᠤᠭᠢᠷᠳᠤᠯ ᠦᠭᠡᠢ᠂ ᠤᠷᠭᠠᠨᠢᠭ︾ ᠪᠦᠳᠦᠭᠡᠭᠳᠡᠭᠦᠨ ᠤ ᠨᠡᠷᠡᠳᠦ ᠲᠡᠮᠳᠡᠭᠳᠦ ᠶᠢ ᠨᠠᠩ ᠲᠠᠭᠤᠷᠢᠰᠤᠭᠤᠯᠤᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号