ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 12 ᠤᠨ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠳᠡᠳ᠋ ᠳᠠᠷᠤᠭ᠎ᠠ ᠵᠧᠤ ᠱᠤᠸᠡᠢ᠂ ᠪᠠᠶᠠᠨᠴᠡᠩᠭᠡᠯ ᠬᠤᠷᠠᠯ  ᠳᠤ ᠤᠷᠤᠯᠴᠠᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠸᠢ · ᠬᠠᠰ ᠬᠤᠷᠠᠯ ᠳᠤ ᠰᠤᠯᠠ ᠤᠷᠤᠯᠴᠠᠵᠤ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠪᠠᠯᠭᠠᠰᠤ ᠵᠢᠴᠢ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠬᠡᠰᠡᠭ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠲᠤᠬᠠᠶ ᠰᠤᠳᠤᠯᠵᠠᠶ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠭᠡᠭᠰᠢᠯᠠᠭᠦᠯᠭᠦ ᠪᠣᠯ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠭᠡᠷᠡᠭᠴᠡᠭᠡ ᠪᠣᠯᠬᠤ ᠪᠥᠭᠡᠳ ᠨᠢᠭᠡ ᠲᠥᠷᠤᠯ ᠤᠨ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠮᠠᠨ ᠤ ᠬᠤᠰᠢᠭᠤ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠠ ᠬᠤᠲᠠ ᠶᠢᠨ ᠶᠠᠪᠤᠳᠠᠯ ᠤᠨ ᠰᠠᠭᠤᠷᠢ ᠲᠥᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠠᠬᠢᠭᠤᠯᠬᠤ ᠶᠢ ᠪᠠᠷᠢᠮᠲᠠᠯᠠᠵᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠥᠮᠦᠨ ᠤ ᠬᠦᠴᠦᠨ᠂ ᠪᠣᠳᠠᠰ ᠤᠨ ᠬᠦᠴᠦᠨ ᠢ ᠨᠢᠭᠡᠳᠦᠯᠲᠡᠶ ᠲᠥᠯᠥᠪᠯᠡᠨ ᠬᠠᠭᠤᠴᠢᠨ ᠲᠣᠭᠤᠷᠢᠭ ᠤᠨ ᠰᠠᠭᠤᠷᠢ ᠲᠥᠭᠦᠭᠡᠷᠤᠮᠵᠢ ᠶᠢ ᠥᠭᠡᠷᠡᠴᠢᠯᠠᠨ ᠠᠷᠠᠳ ᠤᠨ ᠰᠡᠳᠬᠢᠯ ᠤᠨ ᠢᠨᠵᠧᠨᠧᠷᠢᠩ ᠢ ᠣᠯᠠᠨ ᠲᠦᠮᠡᠨ ᠤ ᠰᠡᠳᠬᠢᠯ ᠬᠠᠨᠤᠮᠵᠢᠲᠠᠶ ᠢᠨᠵᠧᠨᠧᠷᠢᠩ ᠪᠣᠯᠭᠠᠨ ᠪᠠᠶᠢᠭᠤᠯᠵᠤ ᠰᠠᠭᠤᠭᠠᠯᠢ ᠠᠷᠠᠳ ᠤᠨ ᠠᠰᠢᠭ ᠬᠦᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠭᠦ ᠭᠡᠷᠡᠭᠳᠠᠢ ᠭᠡᠵᠡᠢ᠃      ᠬᠤᠷᠠᠯ ᠠᠴᠠ ︽ᠰᠤᠮᠤ ᠪᠠᠯᠭᠠᠰᠤᠨ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠬᠢᠨᠠᠨ  ᠪᠠᠲᠤᠯᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠣᠰᠣᠭᠠᠷ ᠡᠷᠬᠡ ᠲᠤᠰᠢᠶᠠᠯ ᠢᠶᠠᠨ ᠭᠡᠷᠡᠭᠵᠢᠭᠦᠯᠤᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠥᠪ ᠴᠢᠩᠭ᠎ᠠ ᠴᠢᠨᠠᠷ᠂ ᠵᠢᠷᠤᠮᠵᠢᠯ ᠲᠠᠢ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠬᠤ ᠬᠡᠷᠡᠭᠲᠡᠶ᠃ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠡᠷᠭᠢᠯᠳᠠ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ ᠵᠢᠷᠤᠮᠵᠢᠯ  ᠲᠠᠢ᠂ ᠥᠨᠳᠥᠷ ᠪᠦᠲᠦᠮᠵᠢᠲᠡᠶ᠂ ᠢᠯᠡ᠂ ᠠᠷᠠᠳ ᠲᠤ ᠳᠥᠭᠦᠮ ᠦᠵᠡᠭᠦᠯᠬᠦ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠦᠢᠯᠡᠴᠢᠯᠡᠭᠡᠨ ᠤ ᠲᠠᠪᠴᠠᠩ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠲᠠᠪᠴᠠᠩ ᠢ ᠲᠡᠭᠦᠯᠳᠠᠷᠵᠢᠭᠦᠯᠤᠨ ᠣᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠳᠤ ᠳᠥᠭᠦᠮ ᠦᠵᠡᠭᠦᠯᠵᠦ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ ᠭᠡᠵᠡᠢ᠃      ᠬᠤᠷᠠᠯ ᠠᠴᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠣᠯᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠲᠤᠰᠬᠠᠶ ᠲᠣᠭᠤᠷᠢᠨ ᠪᠠᠶᠢᠴᠠᠭᠠᠯᠳᠠ ᠶᠢᠨ  ᠬᠠᠷᠢᠭᠤ ᠲᠤᠰᠬᠠᠭᠰᠠᠨ ᠰᠠᠨᠠᠯ ᠪᠣᠯᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠠᠨ ᠰᠠᠶᠢᠵᠢᠷᠠᠭᠤᠯᠬᠤ ᠠᠵᠢᠯ ᠪᠣᠯ ᠤᠯᠤᠰ ᠲᠥᠷᠤᠴᠢ ᠴᠢᠨᠠᠷ᠂ ᠰᠠᠬᠢᠯᠭ᠎ᠠ ᠪᠠᠳᠤᠴᠢ ᠴᠢᠨᠠᠷ᠂ ᠬᠠᠤᠯᠢ ᠳᠦᠷᠢᠮᠴᠢ ᠴᠢᠨᠠᠷ ᠲᠠᠢ ᠠᠵᠢᠯ ᠪᠣᠯᠤᠨ᠎ᠠ᠃ ᠵᠠᠰᠠᠭ ᠤᠨ ᠣᠷᠳᠣᠨ ᠤ ᠡᠯ᠎ᠡ ᠬᠤᠪᠢᠶᠠᠷᠢᠯᠠᠨ ᠬᠠᠮᠢᠶᠠᠷᠬᠤ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ ᠠᠵᠢᠯ ᠤᠨ ᠲᠥᠰᠦᠯ ᠢᠶᠠᠨ ᠨᠠᠷᠢᠯᠢᠭᠵᠢᠭᠤᠯᠤᠨ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠡᠯ᠎ᠡ ᠲᠥᠷᠤᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ ᠲᠤᠰᠬᠠᠶ ᠴᠡᠭᠴᠡᠯᠡᠨ ᠵᠠᠰᠠᠬᠤ ᠪᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠥᠷᠤᠯ ᠤᠨ ᠠᠵᠢᠯ ᠥᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号