ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠣᠣ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠣᠣ ᠹᠸᠢ ᠯᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠵᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠨᠠᠮ ᠤᠨ ᠭᠡᠰᠢᠭᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠢ ᠪᠥᠷᠢᠯᠭᠡᠨ ᠰᠥᠢᠳᠭᠡᠭᠦ ᠶᠢ ᠡᠷᠡᠰ ᠬᠤᠷᠢᠭᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠤᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠦᠨᠳᠦᠰᠦᠨ ᠵᠢᠷᠤᠮᠯᠠᠯ ᠪᠤᠯᠭᠠᠨ  ᠢᠷᠡᠭᠡᠳᠦᠶ ᠶᠢᠨ ᠲᠠᠪᠤᠨ ᠵᠢᠯ ᠤᠨ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠰᠦᠪᠡᠭᠴᠢᠯᠡᠵᠦ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠴᠢᠬᠤᠯᠠ ᠲᠤᠮᠤ ᠥᠭᠡᠷᠡᠴᠢᠯᠡᠯᠲᠡ᠂ ᠴᠢᠬᠤᠯᠠ ᠲᠤᠮᠤ ᠲᠥᠷᠥᠯ ᠵᠦᠢᠯ᠂ ᠴᠢᠬᠤᠯᠠ ᠶᠡᠭᠡ ᠲᠠᠪᠴᠠᠩ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠲᠥᠯᠥᠪᠯᠡᠨ ᠬᠡᠷᠡᠭᠵᠢᠭᠦᠯᠵᠦ ᠮᠠᠨ ᠤ ᠬᠤᠰᠢᠭᠤᠨ ᠤ ᠠᠵᠤ ᠠᠬᠤᠢ ᠶᠢᠨ ᠲᠣᠭᠲᠠᠭᠤᠨ ᠭᠥᠭᠵᠢᠯᠳᠠ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠠᠭᠢᠭᠤᠯᠬᠤ ᠭᠡᠷᠡᠭᠳᠠᠢ᠃ ᠡᠯ᠎ᠡ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠢ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠢ ᠪᠥᠷᠢᠯᠭᠡᠨ ᠰᠥᠢᠳᠭᠡᠭᠦ ᠶᠢ ᠡᠷᠡᠰ ᠬᠤᠷᠢᠭᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠨ ᠪᠦᠬᠦ ᠨᠡᠶᠢᠭᠡᠮ ᠢᠶᠠᠷ ᠢᠶᠠᠨ ᠢᠳᠡᠭᠡᠨ ᠤᠮᠳᠠᠭᠠᠨ ᠢ ᠪᠦᠷᠢᠯᠭᠡᠨ  ᠰᠦᠢᠳᠭᠡᠬᠦ ᠠᠵᠢᠯ ᠢ ᠬᠠᠮᠲᠤ ᠪᠠᠷ ᠬᠤᠷᠢᠭᠯᠠᠬᠤ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠪᠠᠶᠢᠩᠭᠤᠵᠢᠭᠤᠯᠤᠨ  ᠰᠡᠷᠭᠡᠶᠢᠯᠡᠨ ᠡᠵᠡᠮᠳᠠᠭᠦ ᠠᠷᠭ᠎ᠠ ᠬᠡᠮᠵᠢᠶ᠎ᠡ ᠶᠢ ᠴᠢᠩᠭᠠᠳᠬᠠᠬᠤ ᠭᠡᠷᠡᠭᠳᠠᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠥᠢᠯᠠᠳᠪᠤᠷᠢᠯᠠᠯ ᠪᠣᠷᠣᠯᠠᠭᠤᠯᠭ᠎ᠠ ᠶᠢ ᠵᠠᠯᠭᠠᠯᠳᠤᠭᠤᠯᠬᠤ ᠠᠵᠢᠯ ᠢ ᠤᠷᠢᠳᠴᠢᠯᠠᠨ ᠲᠥᠰᠦᠪᠯᠡᠵᠦ ᠬᠠᠮᠢᠶ᠎ᠠ ᠪᠦᠬᠦᠢ ᠰᠠᠯᠠᠭ᠎ᠠ ᠮᠥᠴᠢᠷ ᠦᠨ᠎ᠡ ᠬᠠᠩᠰᠢ ᠶᠢᠨ ᠭᠢᠨᠠᠯᠳᠠ ᠶᠢ ᠴᠢᠩᠭᠠᠳᠬᠠᠨ ᠲᠠᠷᠢᠶᠠᠯᠠᠩ ᠤᠨ ᠪᠦᠲᠦᠭᠡᠭᠳᠡᠬᠦᠨ ᠤ ᠥᠢᠯᠡᠳᠪᠤᠷᠢᠯᠠᠯ ᠪᠣᠷᠣᠯᠠᠭᠤᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ ᠮᠠᠯᠴᠢᠨ ᠲᠠᠷᠢᠶᠠᠴᠢᠨ ᠳᠤ ᠣᠨᠣᠪᠴᠢᠲᠠᠶ ᠮᠡᠳᠡᠭᠡ ᠵᠠᠩᠭᠢ ᠬᠠᠩᠭᠠᠨ ᠲᠠᠳᠠᠨ ᠢ ᠬᠠᠪᠰᠤᠷᠤᠨ ᠥᠢᠯᠡᠳᠭᠦᠨ ᠢ ᠨᠢ ᠦᠨ᠎ᠡ ᠬᠦᠷᠭᠡᠬᠦ ᠬᠡᠷᠡᠭᠲᠡᠶ ᠭᠡᠵᠡᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ ᠭᠤᠤᠯᠳᠠᠯᠭ᠎ᠠ ᠲᠠᠢ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠢᠨᠠᠮᠠᠭᠠᠶ ᠰᠢᠢᠳᠪᠤᠷᠢᠯᠠᠨ ᠭᠤᠤᠯᠳᠠᠯᠭ᠎ᠠ ᠲᠠᠢ ᠲᠥᠷᠥᠯ ᠵᠥᠢᠯ ᠢ ᠡᠮᠬᠢ ᠵᠢᠷᠤᠮ ᠲᠠᠢ ᠠᠭᠢᠭᠤᠯᠵᠦ ᠡᠯ᠎ᠡ ᠬᠤᠪᠢᠶᠠᠷᠢᠯᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠪᠢᠯᠧᠲ ᠥᠭᠴᠦ ᠲᠤᠭᠳᠠᠭᠠᠬᠤ ᠲᠥᠷᠥᠯ ᠵᠥᠢᠯ ᠤᠨ ᠠᠬᠢᠯᠲᠠ ᠶᠢᠨ ᠪᠠᠶᠢᠳᠠᠯ ᠢ ᠠᠩᠬᠠᠷᠴᠤ   ᠬᠤᠭᠤᠴᠠᠭ᠎ᠠ ᠶᠣᠰᠣᠭᠠᠷ ᠠᠵᠢᠯ ᠢᠶᠠᠨ ᠲᠠᠭᠤᠰᠬᠠᠬᠤ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠨ ᠨᠢᠭᠡᠳᠦᠯᠲᠡᠶ ᠲᠥᠯᠥᠪᠯᠡᠨ ᠵᠤᠭᠢᠴᠠᠭᠤᠯᠵᠤ  ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号