ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠳᠤᠭᠤᠶᠢᠯᠠᠩ ᠨᠡᠶᠢᠭᠡᠮ ᠲᠣᠭᠤᠷᠢᠭ ᠨᠢ ᠰᠠᠶᠢᠨ ᠳᠤᠷ᠎ᠠ ᠶᠢᠨ | ᠦᠢᠯᠡᠴᠢᠯᠡᠭᠡ ᠥᠷᠨᠢᠭᠦᠯᠵᠦ ᠰᠠᠭᠤᠭᠠᠯᠢ ᠠᠷᠠᠳ ᠲᠤ ᠪᠠᠨ ᠦᠢᠯᠡᠴᠢᠯᠡᠨ ᠪᠣᠯᠪᠠᠰᠤᠨ ᠬᠤᠲᠠ ᠶᠢᠨ ᠡᠬᠦᠳᠦᠨ | ᠪᠠᠶᠢᠭᠤᠯᠤᠯᠲᠠ ᠳᠤ ᠬᠦᠴᠦᠨ ᠨᠡᠮᠡᠷᠢᠯᠡᠵᠦ ᠰᠢᠨ᠎ᠡ ᠴᠠᠭ ᠦᠶ᠎ᠡ ᠶᠢᠨ ᠪᠣᠯᠪᠠᠰᠤᠨ ᠢ ᠪᠣᠳᠠᠲᠤ ᠠᠵᠢᠯᠯᠠᠭ᠎ᠠ ᠪᠠᠷ ᠢᠶᠠᠨ | ᠦᠢᠯᠡᠳᠦᠯᠭᠡᠵᠢᠭᠦᠯᠵᠦ ᠪᠠᠶᠢᠨ᠎ᠠ᠃ | ᠠᠵᠢᠯᠯᠠᠭᠠᠨ ᠤ ᠠᠬᠤᠢ ᠲᠠᠯᠠᠪᠠᠢ ᠳᠤ ᠪᠢᠴᠢᠬᠠᠨ ᠬᠡᠦᠬᠡᠳ ᠢᠶᠠᠷ ᠪᠦᠷᠢᠯᠳᠦᠭᠰᠡᠨ ᠰᠠᠶᠢᠨ ᠳᠤᠷᠠᠴᠤᠳ᠂ ᠡᠮᠴᠢ | ᠰᠤᠪᠢᠯᠠᠭᠴᠢᠳ ᠤᠨ ᠰᠠᠶᠢᠨ ᠳᠤᠷᠠᠴᠤᠳ᠂ ᠰᠣᠶᠣᠯ ᠲᠠᠮᠢᠷ ᠤᠨ ᠠᠵᠢᠯᠲᠠᠨ ᠤ ᠰᠠᠶᠢᠨ ᠳᠤᠷᠠᠴᠤᠳ᠂ ᠬᠠᠤᠯᠢ ᠶᠢᠨ | ᠠᠵᠢᠯᠴᠢᠨ ᠤ ᠰᠠᠶᠢᠨ ᠳᠤᠷᠠᠴᠤᠳ ᠵᠡᠷᠭᠡ ᠳᠤᠭᠤᠶᠢᠯᠠᠩ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠨᠠᠢᠮᠠᠨ ᠳᠤᠭᠤᠶᠢᠯᠠᠩ ᠤᠨ ᠬᠢᠨ ᠬᠠᠤᠯᠢ᠂ ᠡᠮᠴᠢᠯᠡᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ | ᠥᠪᠡᠷ ᠥᠪᠡᠷ ᠤᠨ ᠣᠨᠴᠠᠯᠢᠭ ᠬᠡᠯᠪᠡᠷᠢ ᠪᠡᠷᠢᠶ᠋ᠡᠨ ᠲᠥᠯᠥᠪᠦᠷᠢ ᠦᠭᠡᠢ ᠪᠠᠷ ᠰᠠᠭᠤᠭᠠᠯᠢ ᠠᠷᠠᠳ ᠲᠤ ᠦᠢᠯᠡᠴᠢᠯᠡᠵᠦ | ᠲᠡᠳᠡᠨ ᠳᠤ ᠳᠥᠭᠦᠮ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠡᠳᠡᠨ ᠳᠤ ᠪᠣᠯᠪᠠᠰᠤᠨ ᠬᠤᠲᠠ ᠶᠢᠨ ᠡᠬᠦᠳᠦᠨ | ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠳᠤ ᠬᠥᠮᠥᠨ ᠪᠦᠬᠦᠨ ᠣᠷᠣᠯᠴᠠᠵᠤ | ᠬᠥᠮᠥᠨ ᠪᠦᠬᠦᠨ ᠬᠤᠪᠢ ᠨᠡᠮᠡᠷᠢ ᠪᠠᠨ ᠡᠷᠭᠦᠬᠦ ᠶᠢ ᠤᠷᠢᠶᠠᠯᠠᠭᠰᠠᠨ ᠪᠠᠶᠢᠨ᠎ᠠ᠃ | ᠦᠦᠰᠢᠨ ᠬᠤᠰᠢᠭᠤᠨ ᠤ ᠳᠤᠭᠤᠶᠢᠯᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ | ᠰᠡᠴᠡᠨᠲᠤᠶᠠᠭ᠎ᠠ᠄ ︽ᠮᠠᠨ ᠤ ᠨᠡᠶᠢᠬᠡᠮ ᠲᠤᠭᠤᠷᠢᠭ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠭᠤᠶᠢᠯᠠᠩ ᠠᠷᠪᠠ | ᠪᠠᠶᠢᠳᠠᠭ᠂ ᠥᠨᠥᠳᠥᠷ ᠨᠠᠢᠮᠠᠨ ᠳᠤᠭᠤᠶᠢᠯᠠᠩ ᠨᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠠᠢ᠃ ᠡᠨᠡ | ᠤᠳᠠᠭᠠᠨ ᠤ ᠠᠵᠢᠯᠯᠠᠭ᠎ᠠ ᠶᠢᠨ ᠵᠤᠷᠢᠯᠭ᠎ᠠ ᠨᠢ ᠪᠣᠯ ᠡᠨᠡᠬᠦ ᠰᠠᠶᠢᠨ ᠳᠤᠷ᠎ᠠ ᠶᠢᠨ ᠦᠢᠯᠡᠴᠢᠯᠡᠭᠡ ᠪᠠᠷ ᠳᠠᠮᠵᠢᠵᠤ | ᠳᠠᠶᠠᠭᠠᠷ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠥᠮᠥᠨ ᠪᠣᠯᠭᠠᠨ ᠪᠦᠷ ᠰᠠᠶᠢᠨ | ᠳᠤᠷ᠎ᠠ ᠶᠢᠨ ᠦᠢᠯᠡᠴᠢᠯᠡᠬᠡᠨ ᠤ ᠠᠵᠢᠯᠯᠠᠭᠠᠨ ᠳᠤ ᠭᠠᠷ ᠬᠦᠳᠡᠯᠦᠨ ᠤᠷᠤᠯᠴᠠᠬᠤ ᠶᠢ ᠬᠦᠰᠡᠵᠠᠢ︾ ᠬᠡᠵᠣ ᠶᠠᠷᠢᠵᠤ | ᠪᠠᠶᠢᠯ᠎ᠠ᠃ |