8 ᠰᠠᠷ᠎ᠠ ᠶᠢᠨ 13 ᠤ ᠡᠳᠦᠷ᠂ ᠮᠠᠨ ᠤ ᠬᠤᠰᠢᠭᠤ 2020 ᠣᠨ ᠤ ᠪᠣᠯᠪᠠᠰᠤᠨ ᠢ ᠡᠭᠦᠳᠦᠨ ᠪᠠᠶᠢᠭᠤᠯᠬᠤ | ︽ᠠᠷᠪᠠᠨ ᠶᠡᠭᠡ ᠠᠵᠢᠯᠯᠠᠭ᠎ᠠ︾ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ ᠪᠦᠬᠦ | ᠬᠤᠰᠢᠭᠤᠨ ᠤ ᠪᠤᠯᠪᠠᠰᠣᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠳᠠᠬᠢᠨ ᠪᠠᠶᠢᠷᠢᠯᠠᠭᠤᠯᠤᠯᠲᠠ | ᠲᠣᠬᠢᠷᠠᠭᠤᠯᠤᠯᠲᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ | ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠬᠤᠤ ᠸᠧᠶ ᠵᠡᠷᠭᠡ ᠪᠦᠬᠦ ᠬᠤᠰᠢᠭᠤᠨ ᠤ ᠭᠡᠷ ᠲᠡᠭᠡᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ | ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ᠂ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ | ᠳᠠᠷᠤᠭ᠎ᠠ ᠹᠧᠩ ᡁᠢ ᠮᠢᠩ ︽2020 ᠣᠨ ᠤ ᠦᠤᠰᠢᠨ ᠬᠤᠰᠢᠭᠤᠨ ᠤ ᠪᠣᠯᠪᠠᠰᠤᠨ ᠢ ᠡᠭᠦᠳᠦᠨ ᠪᠠᠶᠢᠭᠤᠯᠬᠤ ︿ | ᠠᠷᠪᠠᠨ ᠶᠡᠭᠡ ᠠᠵᠢᠯᠯᠠᠭ᠎ᠠ﹀ ᠶᠢᠨ ᠠᠵᠢᠯ ᠤᠨ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠣᠳᠣᠬᠠᠨ ᠤ | ᠡᠭᠦᠳᠦᠨ ᠪᠠᠶᠢᠭᠤᠯᠬᠤ ᠪᠣᠳᠠᠲᠠᠶ ᠠᠵᠢᠯ ᠳᠤ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠳᠠ ᠰᠢᠢᠳᠪᠤᠷᠢᠳᠤ ᠢᠯᠠᠯᠲᠠ ᠶᠢᠨ ᠬᠠᠮᠤᠭ ᠡᠴᠦᠰ ᠤᠨ | ᠵᠠᠩᠭᠢᠯᠠᠭ᠎ᠠ ᠶᠢᠨ ᠴᠠᠭ ᠦᠶ᠎ᠡ ᠳᠤ ᠤᠷᠤᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ᠢᠯᠠᠬᠤ | ᠢᠲᠡᠭᠡᠯ ᠵᠤᠷᠢᠭ ᠢᠶᠠᠷ ᠰᠢᠯᠭᠠᠨ ᠲᠣᠭᠲᠠᠭᠠᠬᠤ ᠰᠢᠰᠲ᠋ᠧᠮ᠂ ᠰᠢᠯᠭᠠᠨ ᠲᠣᠭᠲᠠᠭᠠᠬᠤ ᠪᠠᠷᠢᠮᠵᠢᠶ᠎ᠠ ᠲᠠᠢ ᠬᠠᠷᠭᠤᠭᠤᠯᠵᠤ | ᠨᠠᠷᠢᠯᠢᠭᠵᠢᠭᠤᠯᠤᠨ ᠬᠠᠮᠢᠶᠠᠷᠴᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠠᠮᠵᠢᠯᠳᠠ ᠣᠯᠬᠤ ᠶᠢ | ᠪᠠᠳᠤᠯᠠᠬᠤ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠣᠯᠪᠠᠰᠤᠨ ᠢ ᠡᠭᠦᠳᠦᠨ ᠪᠠᠶᠢᠭᠤᠯᠬᠤ ︽ᠠᠷᠪᠠᠨ ᠶᠡᠭᠡ ᠠᠵᠢᠯᠯᠠᠭ᠎ᠠ︾ | ᠶᠢ ᠥᠷᠨᠢᠭᠦᠯᠬᠦ ᠪᠣᠯ ᠬᠤᠲᠠ ᠶᠢᠨ ᠪᠣᠯᠪᠠᠰᠤᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠪᠠ ᠣᠯᠠᠨ | ᠲᠦᠮᠡᠨ ᠤ ᠬᠦᠴᠢᠷᠳᠡᠯ ᠢ ᠰᠢᠢᠳᠪᠤᠷᠢᠯᠠᠭᠦ ᠴᠢᠬᠤᠯᠠ ᠭᠠᠷᠳᠠᠴᠠ ᠮᠥᠨ᠂ ᠬᠤᠰᠢᠭᠤ ᠰᠢᠶᠠᠨ ᠤ ᠲᠠᠰ ᠤᠨ | ᠤᠳᠤᠷᠢᠳᠤᠯᠭ᠎ᠠ ᠪᠠ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠳᠤᠷᠢᠳᠬᠤ ᠬᠠᠷᠢᠭᠤᠴᠠᠯᠭ᠎ᠠ ᠪᠠᠨ | ᠭᠥᠢᠴᠡᠳᠭᠡᠨ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ ᠪᠣᠳᠠᠲᠠᠶ ᠠᠰᠠᠭᠤᠳᠠᠯ ᠢ ᠰᠢᠢᠳᠪᠤᠷᠢᠯᠠᠭᠦ ᠪᠠᠷ | ᠡᠭᠦᠰᠦᠯᠲᠡ ᠪᠠ ᠦᠷ᠎ᠡ ᠳ᠋ᠦᠩ ᠪᠣᠯᠭᠠᠨ ᠠᠵᠢᠯᠯᠠᠭ᠎ᠠ ᠨᠢᠭᠡᠪᠦᠷᠢ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ | ᠠᠬᠢᠭᠤᠯᠬᠤ ᠭᠡᠷᠡᠭᠳᠠᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠰᠣᠨᠢᠨ ᠮᠡᠳᠡᠭᠡᠨ ᠤ ᠮᠡᠳᠡᠭᠡᠯᠡᠯ ᠢ ᠴᠢᠩᠭᠠᠳᠬᠠᠨ | ᠡᠭᠦᠳᠦᠨ ᠪᠠᠶᠢᠭᠤᠯᠬᠤ ᠶᠠᠪᠤᠴᠠ ᠳᠠᠬᠢ ᠠᠵᠢᠯ ᠰᠠᠶᠢᠨ ᠬᠢᠬᠦ ᠦᠭᠡᠶ᠂ ᠤᠳᠠᠭᠠᠨ ᠬᠢᠬᠦ ᠦᠵᠡᠭᠳᠡᠯ ᠪᠣᠯᠤᠨ ᠪᠣᠯᠪᠠᠰᠤᠨ | ᠪᠤᠰᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡ ᠮᠡᠳᠡᠭᠡᠯᠠᠵᠤ ᠥᠷᠭᠡᠨ ᠤᠯᠠᠨ ᠺᠠᠳ᠋ᠷ ᠣᠯᠠᠨ ᠲᠦᠮᠡᠨ ᠤ | ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ᠂ ᠳᠡᠮᠵᠢᠬᠦ ᠨᠣᠷᠮ᠎ᠠ ᠪᠣᠯᠤᠨ | ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ ᠬᠠᠮᠳᠤ ᠪᠠᠷ ᠤᠷᠤᠯᠴᠠᠨ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠭᠥᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠠᠢ᠃ ᠪᠤᠯᠪᠠᠰᠤᠨ | ᠬᠤᠲᠠ ᠶᠢ ᠡᠭᠦᠳᠤᠨ ᠪᠠᠶᠢᠭᠤᠯᠬᠤ ᠠᠵᠢᠯ ᠪᠣᠯᠤᠨ ᠠᠷᠪᠠᠨ ᠶᠡᠭᠡ ᠠᠵᠢᠯᠯᠠᠭ᠎ᠠ ᠶᠢ ︽ᠲᠠᠪᠤ ᠶᠢ ᠨᠢᠭᠡ | ᠴᠤᠭᠴᠠᠵᠢᠭᠤᠯᠬᠤ︾ ᠶᠠᠷᠤᠩᠭᠡᠶᠢᠯᠡᠭᠰᠠᠨ ᠰᠢᠯᠭᠠᠨ ᠦᠨᠡᠯᠡᠯᠲᠡ ᠳᠤ ᠣᠷᠣᠭᠤᠯᠵᠤ ︽ᠠᠷᠪᠠᠨ ᠶᠡᠭᠡ ᠠᠵᠢᠯᠯᠠᠭ᠎ᠠ︾ | ᠶᠢᠨ ᠴᠢᠨᠠᠷ ᠰᠠᠶᠢᠲᠠᠶ ᠥᠷᠨᠢᠬᠦ ᠶᠢ ᠪᠠᠳᠤᠯᠠᠬᠤ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠪᠤᠯᠪᠠᠰᠤᠨ ᠬᠤᠲᠠ ᠶᠢ ᠡᠭᠦᠳᠤᠨ | ᠪᠠᠶᠢᠭᠤᠯᠬᠤ ᠠᠵᠢᠯ ᠳᠤ ᠤᠯᠠᠮ ᠨᠢᠭᠡ ᠠᠯᠬᠤᠮ ᠲᠤᠭᠤᠰᠢᠯᠠᠭᠤᠯᠵᠦ ᠡᠯ᠎ᠡ ᠱᠠᠳᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠥᠢᠯᠡᠳᠤᠯ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠥᠢᠯᠡᠳᠤᠯ ᠢ ᠭᠥᠢᠴᠡᠳ ᠪᠠᠳᠠᠷᠠᠭᠤᠯᠤᠨ ᠨᠠᠮ ᠤᠨ ᠲᠤᠭ ᠢ ᠪᠤᠯᠪᠠᠰᠤᠨ ᠬᠤᠲᠠ ᠶᠢ | ᠡᠭᠦᠳᠤᠨ ᠪᠠᠶᠢᠭᠤᠯᠬᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠵᠤ ᠪᠦᠬᠦ ᠨᠡᠶᠢᠭᠡᠮ ᠲᠠᠶᠠᠭᠠᠷ ᠤᠨ ᠪᠤᠯᠪᠠᠰᠤᠨ | ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠤᠷᠤᠯᠴᠠᠬᠤ ᠶᠢ ᠬᠥᠲᠥᠯᠥᠨ ᠵᠢᠯᠣᠭᠤᠳᠴᠤ | ᠪᠠᠶᠢᠴᠠᠭᠠᠯᠲᠠ ᠶᠢ ᠤᠭᠲᠤᠬᠤ ᠰᠢᠢᠳᠪᠤᠷᠢᠳᠤ ᠢᠯᠠᠯᠲᠠ ᠶᠢ ᠣᠯᠬᠤ ᠬᠦᠴᠦᠷᠬᠡᠭ ᠶᠡᠭᠡ ᠬᠠᠮᠳᠤ ᠶᠢᠨ ᠭᠥᠴᠤᠨ ᠢ | ᠪᠥᠷᠢᠯᠳᠤᠭᠦᠯᠭᠦ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠥᠭᠦ ᠬᠤᠰᠢᠭᠤ ᠪᠠᠷ ᠢᠶᠠᠨ ︽ᠮᠣᠩᠭᠤᠯ ᠮᠣᠷᠢᠨ ᠤ ᠵᠣᠷᠢᠭ ᠰᠠᠨᠠᠭ᠎ᠠ | ︾ ᠪᠠ ᠮᠤᠤᠠᠤᠰᠤ ᠶᠢᠨ ᠡᠯᠡᠰᠤ ᠶᠢ ᠵᠠᠰᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠪᠣᠯᠪᠠᠰᠤᠨ ᠬᠤᠲᠠ ᠶᠢ | ᠡᠭᠦᠳᠤᠨ ᠪᠠᠶᠢᠭᠤᠯᠬᠤ ︽ᠬᠠᠮᠤᠭ ᠡᠴᠤᠰ ᠤᠨ ᠨᠢᠭᠡ ᠺᠢᠯᠣᠮᠧᠲᠷ︾ ᠢ ᠪᠠᠶᠠᠯᠠᠭᠦᠯᠤᠨ ᠡᠭᠦᠳᠦᠨ ᠪᠠᠶᠢᠭᠤᠯᠬᠤ | ᠠᠵᠢᠯ ᠤᠨ ᠨᠡᠩ ᠥᠨᠳᠥᠷ ᠲᠦᠪᠰᠢᠨ ᠲᠠᠢ ᠠᠬᠢᠬᠤ ᠶᠢ ᠠᠬᠢᠭᠤᠯᠵᠤ ᠶᠡᠭᠡ ᠰᠢᠯᠭᠠᠯᠲᠠ ᠶᠢ ᠤᠷᠤᠭᠰᠢᠲᠠᠶ | ᠥᠩᠭᠡᠷᠠᠭᠦᠯᠤᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ | ᠥᠭᠭᠦ ᠭᠡᠷᠡᠭᠳᠠᠢ ᠭᠡᠵᠡᠢ᠃ |