ᠮᠠᠨ ᠤ ᠬᠤᠰᠢᠭᠤ ᠰᠣᠷᠣᠯᠴᠠᠯᠭ᠎ᠠ ᠪᠣᠯᠪᠠᠰᠣᠷᠠᠯ ᠪᠠ ᠳᠦᠷᠦᠯ ᠵᠦᠢᠯ ᠤᠨ ᠳᠠᠶᠢᠴᠢᠯᠠᠯᠳᠠ ᠪᠠᠷ ᠡᠮᠡᠭᠳᠡᠶᠢᠴᠣᠳ | ᠤᠨ ᠦᠢᠯᠡᠰ ᠪᠣᠰᠬᠠᠵᠦ ᠦᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠵᠣᠷᠢᠭᠵᠢᠭᠤᠯᠤᠨ ᠠᠳᠠᠯ ᠦᠢᠯᠡᠰ | ᠴᠣᠭᠴᠠᠯᠠᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠬᠦᠳᠦᠯᠦᠨ ᠳᠠᠭᠠᠭᠤᠯᠬᠤ ᠨᠦᠯᠦᠬᠡᠯᠡᠯ ᠤᠨ ᠬᠦᠴᠦᠨ ᠢ | ᠪᠦᠲᠦᠮᠵᠢᠲᠡᠢ ᠠᠬᠢᠭᠤᠯᠵᠦ ᠪᠠᠶᠢᠨ᠎ᠠ᠃ | | | | | | | 8 ᠰᠠᠷ᠎ᠠ ᠶᠢᠨ 13 ᠤ ᠡᠳᠦᠷ᠂ ᠮᠠᠨ ᠤ ᠬᠤᠰᠢᠭᠤᠨ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠤᠨ | SPPA ᠳᠦᠷᠦᠯ ᠵᠦᠢᠯ ᠤᠨ ᠠᠯᠪᠠᠨ ᠬᠡᠷ ᠠᠴᠠ ︽ᠳᠣᠭᠤᠷᠢᠨ ᠰᠣᠷᠣᠯᠴᠠᠵᠦ ᠬᠦᠭᠵᠢᠯᠳᠡ ᠪᠠᠨ ᠠᠬᠢᠭᠤᠯᠬᠤ | ᠳᠣᠷᠰᠢᠯᠭ᠎ᠠ ᠪᠠᠨ ᠰᠣᠯᠢᠯᠴᠠᠨ ᠬᠠᠮᠲᠣ ᠪᠠᠷ ᠳᠠᠪᠰᠢᠬᠤ︾ ᠭᠤᠣᠯ ᠰᠡᠳᠣᠪᠲᠣ ᠠᠵᠢᠯᠯᠠᠭ᠎ᠠ ᠶᠢ ᠶᠠᠪᠤᠭᠳᠠᠭᠤᠯᠵᠤ ᠡᠯ᠎ᠡ | ᠰᠣᠮᠣ ᠪᠠᠯᠭᠠᠰᠣᠨ ᠤ SPPA ᠳᠦᠷᠦᠯ ᠵᠦᠢᠯ ᠤᠨ ᠳᠣᠭᠤᠶᠢᠯᠠᠩ ᠤᠨ ᠬᠡᠰᠢᠬᠦᠳ ᠢ ᠵᠣᠬᠢᠶᠠᠨ ᠪᠠᠶᠢᠭᠤᠯᠤᠨ | SPPA ᠳᠦᠷᠦᠯ ᠵᠦᠢᠯ ᠤᠨ ᠡᠮᠡᠭᠳᠡᠶᠢᠴᠣᠳ ᠤᠨ ᠦᠢᠯᠡᠰ ᠪᠣᠰᠬᠠᠬᠤ ᠰᠠᠭᠤᠷᠢᠨ ᠭᠠᠵᠠᠷ ᠣᠷᠳᠣᠰ ᠮᠧᠩ | ᠰᠢᠶᠠᠩ ᠢᠳᠡᠭᠡᠨ ᠤ ᠬᠢᠵᠠᠭᠠᠷᠲᠣ ᠺᠣᠮᠫᠠᠨᠢ᠂ ᠮᠠᠨ ᠤ ᠬᠤᠰᠢᠭᠤᠨ ᠤ ᠵᠡᠬᠡᠷᠬᠡᠨ᠎ᠡ ᠶᠢᠨ ᠳᠠᠯ᠎ᠠ ᠴᠠᠭᠠᠨ ᠢᠳᠡᠭᠡ | ᠪᠣᠯᠪᠠᠰᠣᠷᠠᠭᠤᠯᠬᠤ ᠦᠢᠯᠡᠳᠪᠦᠷᠢ᠂ ᠬᠤᠩ ᠹᠦ᠋ ᠶᠦᠨ ᠡᠮᠴᠢᠯᠡᠨ ᠰᠣᠪᠢᠯᠠᠬᠤ ᠳᠦᠪ ᠵᠡᠷᠭᠡ ᠭᠠᠵᠠᠷ ᠢᠶᠠᠷ ᠳᠣᠭᠤᠷᠢᠨ | ᠦᠵᠡᠵᠤ ᠴᠠᠭᠠᠨ ᠢᠳᠡᠭᠡ ᠶᠢ ᠬᠡᠪᠴᠢᠶᠡᠵᠢᠬᠦᠯᠦᠨ ᠪᠣᠷᠣᠯᠠᠭᠤᠯᠬᠤ᠂ ᠳᠦᠷᠭᠡᠨ ᠬᠦᠯᠳᠡᠭᠡᠭᠰᠡᠨ ᠢᠳᠡᠬᠡᠨ ᠢ ᠬᠢᠬᠦ | ᠠᠷᠭ᠎ᠠ ᠵᠡᠷᠭᠡ ᠮᠡᠷᠭᠡᠵᠢᠯ ᠢ ᠰᠣᠷᠣᠯᠴᠠᠭᠤᠯᠣᠨ ᠮᠣᠩᠭᠤᠯ ᠡᠮ ᠡᠮᠨᠡᠯᠬᠡ ᠶᠢᠨ ᠣᠯᠠᠮᠵᠢᠯᠠᠯᠲᠣ ᠰᠣᠪᠢᠯᠠᠯᠳᠠ ᠵᠠᠰᠠᠯ ᠢ | ᠣᠶᠢᠯᠠᠭᠠᠭᠤᠯᠵᠦ ᠪᠦᠬᠦ ᠬᠤᠰᠢᠭᠤᠨ ᠤ ᠡᠮᠡᠭᠳᠡᠶᠢᠴᠣᠳ ᠤᠨ ᠦᠢᠯᠡᠰ ᠪᠣᠰᠬᠠᠨ ᠠᠵᠢᠯ ᠣᠯᠭᠤᠬᠤ ᠳᠤ ᠰᠠᠶᠢᠨ | ᠰᠠᠭᠤᠷᠢ ᠳᠠᠯᠪᠢᠵᠦ ᠦᠭᠴᠡᠢ᠃ | | | | | | | ᠣᠶᠢᠷ᠎ᠠ ᠶᠢᠨ ᠵᠢᠯ ᠠᠴᠠ ᠮᠠᠨ ᠤ ᠬᠤᠰᠢᠭᠤᠨ ᠤ ᠡᠮᠡᠭᠳᠡᠶᠢᠴᠣᠳ ᠤᠨ ᠬᠤᠯᠪᠣᠭᠠᠲᠣ ᠬᠤᠷᠠᠯ ᠨᠢ SPPA | ᠳᠦᠷᠦᠯ ᠵᠦᠢᠯ ᠤᠨ ᠳᠣᠭᠤᠶᠢᠯᠠᠩ ᠤᠨ ᠦᠢᠯᠡᠳᠦᠯ ᠢ ᠬᠦᠨᠵᠡᠬᠡᠢ ᠪᠦᠲᠦᠮᠵᠢᠲᠡᠢ ᠪᠠᠳᠠᠷᠠᠭᠤᠯᠬᠤ ᠶᠢ | ᠴᠢᠬᠤᠯᠠᠴᠢᠯᠠᠭᠰᠠᠨ ᠢᠶᠠᠷ ᠪᠠᠷᠠᠬᠤ ᠦᠬᠡᠢ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠪᠣᠯᠪᠠᠰᠣᠷᠠᠯ ᠤᠨ ᠰᠣᠷᠭᠠᠭᠤᠯᠢ ᠲᠠᠢ | ᠬᠠᠮᠳᠣᠷᠠᠵᠤ ᠦᠨᠳᠦᠰᠦᠳᠡᠨ ᠤ ᠬᠤᠪᠴᠠᠰᠣ ᠵᠠᠰᠠᠯ᠂ ᠬᠠᠳᠬᠤᠮᠠᠯ᠂ ᠨᠢᠭᠳᠠᠯᠠᠨ ᠪᠣᠳᠣᠬᠤ ᠳᠣᠰᠬᠠᠢ ᠮᠡᠷᠭᠡᠵᠢᠯ ᠤᠨ | ᠪᠣᠯᠪᠠᠰᠣᠷᠠᠯ ᠪᠠ ᠳᠠᠷᠢᠶᠠᠯᠠᠩ ᠮᠠᠯ ᠠᠵᠣ ᠠᠬᠤᠢ ᠶᠢᠨ ᠳᠣᠬᠠᠢ ᠰᠢᠨᠵᠢᠯᠡᠭᠡ ᠮᠡᠷᠬᠡᠵᠢᠯ ᠤᠨ ᠪᠣᠯᠪᠠᠰᠣᠷᠠᠯ ᠵᠡᠷᠭᠡ ᠶᠢ | ᠦᠷᠬᠦᠯᠵᠢ ᠶᠢᠨ ᠴᠢᠨᠠᠷᠳᠠᠢ ᠦᠷᠨᠢᠬᠦᠯᠵᠦ ᠣᠷᠢᠳ ᠬᠤᠵᠢᠳ 2000 ᠭᠠᠷᠣᠢ ᠡᠮᠡᠭᠳᠡᠶᠢᠴᠣᠳ ᠪᠣᠯᠪᠠᠰᠣᠷᠠᠯ ᠳᠤ | ᠣᠷᠣᠯᠴᠠᠵᠦ ᠠᠰᠢᠭ ᠬᠦᠷᠳᠡᠭᠰᠡᠨ ᠪᠠᠶᠢᠨ᠎ᠠ᠃ ᠡᠬᠦᠨ ᠠᠴᠠ ᠭᠠᠳᠠᠨ᠎ᠠ ᠡᠮᠡᠭᠳᠡᠶᠢᠴᠣᠳ ᠤᠨ ᠡᠷᠭᠡ ᠠᠰᠢᠭ᠂ ᠡᠷᠡᠬᠦᠯ | ᠮᠡᠨᠲᠣ᠂ ᠦᠢᠯᠡᠰ ᠪᠣᠰᠬᠠᠬᠤ ᠳᠣᠬᠠᠢ ᠳᠠᠶᠢᠯᠦᠮᠵᠢ ᠶᠢ ᠢᠳᠡᠪᠬᠢᠲᠡᠢ ᠵᠣᠬᠢᠶᠠᠨ ᠪᠠᠶᠢᠭᠤᠯᠵᠦ ᠣᠨᠣᠯ ᠪᠠ ᠦᠢᠯᠡᠳᠦᠯᠬᠡ | ᠶᠢ ᠣᠶᠠᠯᠳᠣᠭᠤᠯᠤᠨ ᠦᠷᠭᠡᠨ ᠣᠯᠠᠨ ᠡᠮᠡᠭᠳᠡᠶᠢᠴᠣᠳ ᠤᠨ ᠦᠵᠡᠯᠳᠡ ᠳᠠᠨᠢᠯᠳᠠ ᠶᠢ ᠳᠡᠭᠡᠭᠰᠢᠯᠡᠬᠦᠯᠵᠦ ᠰᠡᠳᠬᠢᠬᠦᠢ | ᠶᠢ ᠰᠢᠨᠡᠳᠬᠡᠨ ᠵᠣᠷᠢᠭᠳᠠᠢ ᠪᠠᠷ ᠦᠢᠯᠡᠰ ᠪᠣᠰᠬᠠᠵᠦ ᠣᠷᠣᠯᠭ᠎ᠠ ᠪᠠᠨ ᠨᠡᠮᠡᠭᠳᠡᠬᠦᠯᠦᠨ ᠠᠮᠢᠳᠣᠷᠠᠯ ᠢᠶᠠᠨ ᠴᠣᠭᠴᠠᠯᠠᠬᠤ | ᠶᠢ ᠳᠠᠶᠢᠴᠢᠯᠠᠨ ᠳᠠᠭᠠᠭᠤᠯᠣᠭᠰᠠᠨ ᠪᠠᠶᠢᠨ᠎ᠠ᠃ | |