8 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠵᠡᠭᠡᠯᠢ | ᠭᠤᠳᠤᠮᠵᠢ᠂ ᠴᠡᠴᠡᠷᠯᠢᠭ᠂ ᠠᠭᠤᠳᠠᠮ ᠲᠠᠯᠠᠪᠠᠶ ᠵᠡᠷᠭᠡ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠲᠠ ᠶᠢᠨ | ᠡᠮᠦᠨ᠎ᠡ ᠹᠷᠣᠨᠲ ᠲᠤ ᠬᠦᠷᠴᠤ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ | ᠲᠠᠯᠠᠪᠠᠶ ᠳᠤ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠦᠢᠯᠡᠳᠦᠯᠭᠡᠵᠢᠭᠦᠯᠵᠦ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ | ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ | ᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ | ᡁᠢ ᠮᠢᠩ᠂ ᠬᠤᠰᠢᠭᠤ ᠳᠡᠳ᠋ ᠳᠠᠷᠤᠭ᠎ᠠ ᠵᠧᠤ ᠱᠤᠸᠠᠢ ᠪᠤᠯᠤᠨ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠳᠤ ᠣᠷᠣᠯᠴᠠᠪᠠ᠃ | | | | | | | | | | ᠡᠷᠳᠡᠨᠢᠪᠢᠯᠢᠭ ᠨᠡᠷ ᠵᠡᠭᠡᠯᠢ ᠳᠠᠭᠠᠤ ᠵᠠᠮ ᠤᠨ ᠦᠬᠡᠷᠡᠴᠢᠯᠡᠯᠲᠡ᠂ ᠵᠡᠭᠡᠯᠢ ᠭᠤᠳᠤᠮᠵᠢ ᠶᠢᠨ | ᠬᠠᠲᠠᠭᠤᠷᠠᠭᠤᠯᠤᠯᠲᠠ᠂ ᠬᠤᠭᠤᠯᠠᠢ ᠲᠣᠣᠷ ᠵᠢᠴᠢ ᠰᠠᠭᠤᠭᠠᠯᠢ ᠠᠷᠠᠳ ᠤᠨ ᠲᠣᠭᠤᠷᠢᠭ ᠶᠢᠨ ᠦᠭᠡᠷᠡᠴᠢᠯᠡᠯᠲᠡ᠂ | ᠣᠷᠴᠢᠨ ᠲᠣᠭᠤᠷᠢᠨ ᠤ ᠠᠷᠢᠭᠤᠨ ᠴᠡᠪᠡᠷ᠂ ᠲᠡᠷᠭᠡᠨ ᠵᠣᠭᠰᠣᠭᠠᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠢ ᠰᠣᠨᠣᠰᠣᠨ | ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠢᠢᠳᠪᠤᠷᠢᠯᠡᠪᠡ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠡᠭᠦᠷᠭᠡᠯᠠᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠨᠡᠮᠡᠭᠳᠠᠭᠦᠯᠵᠤ | ᠡᠳᠦᠷ ᠲᠤᠲᠤᠮ ᠤᠨ ᠬᠠᠮᠢᠶᠠᠷᠤᠯᠲᠠ ᠶᠢᠨ ᠵᠢᠵᠢᠭ ᠭᠤᠭᠴᠤᠭ᠎ᠠ ᠠᠴᠠ ᠭᠠᠷᠳᠠᠵᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠣᠨ ᠭᠤᠣᠯᠳᠠᠯᠭ᠎ᠠ ᠪᠠᠨ ᠳᠣᠪᠤᠶᠢᠯᠭᠠᠵᠤ ᠪᠦᠬᠦ ᠲᠠᠯ᠎ᠠ ᠪᠠᠷ ᠴᠡᠭᠴᠡᠯᠡᠨ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠢᠬᠦ ᠬᠡᠷᠡᠭᠲᠡᠢ᠃ ᠡᠪᠳᠡᠷᠡᠵᠦ ᠰᠦᠢᠳᠦᠭᠰᠡᠨ ᠵᠠᠮ ᠢ ᠰᠡᠯᠪᠢᠨ | ᠵᠠᠰᠠᠬᠤ ᠠᠵᠢᠯ ᠢ ᠵᠤᠭᠢᠴᠠᠭᠤᠯᠵᠦ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠵᠠᠷ ᠮᠡᠳᠡᠭᠡ ᠶᠢᠨ ᠤᠬᠠᠭᠤᠯᠭ᠎ᠠ ᠶᠢ | ᠴᠢᠩᠭᠠᠳᠬᠠᠵᠦ ᠣᠯᠠᠨ ᠨᠡᠶᠢᠲᠡ ᠶᠢᠨ ᠣᠷᠣᠨ ᠪᠦᠰᠡ ᠪᠣᠯᠤᠨ ᠭᠤᠤᠯᠳᠠᠯᠭ᠎ᠠ ᠲᠠᠢ ᠣᠷᠣᠨ ᠪᠠᠶᠢᠷᠢ ᠶᠢᠨ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠭᠦᠳᠡᠨ ᠤ ᠫᠠᠶᠢᠰᠠ | ᠢᠯᠡᠷᠬᠡᠶᠢᠯᠡᠯ ᠢ ᠵᠦᠶ ᠵᠣᠬᠢᠰᠲᠠᠶ ᠪᠠᠶᠢᠷᠢᠯᠠᠭᠤᠯᠵᠤ ᠥᠩᠭᠡ ᠪᠤᠳᠤᠭ ᠢ ᠵᠣᠬᠢᠴᠠᠩᠭᠤᠶ ᠪᠥᠭᠡᠳ ᠨᠢᠭᠡᠳᠦᠯᠲᠡᠶ ᠪᠠᠶᠢᠯᠭᠠᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ ᠵᠠᠮ ᠬᠠᠷᠢᠯᠴᠠᠭᠠᠨ ᠤ ᠳᠣᠬᠢᠶᠠᠨ ᠳ᠋ᠧᠩ᠂ ᠲᠡᠮᠳᠡᠭ ᠵᠢᠷᠤᠭᠠᠰᠤ ᠵᠡᠷᠭᠡ ᠶᠢᠨ ᠪᠡᠯᠡᠳᠬᠡᠮᠵᠢ ᠶᠢ | ᠵᠢᠷᠤᠮᠵᠢᠭᠤᠯᠤᠨ ᠲᠡᠷᠭᠡᠨ ᠵᠤᠭᠰᠤᠭᠠᠯ ᠢ ᠬᠤᠪᠢᠶᠠᠷᠢᠯᠠᠨ ᠲᠣᠭᠲᠠᠭᠠᠬᠤ ᠠᠵᠢᠯ ᠢ ᠰᠠᠶᠢᠲᠤᠷ ᠬᠢᠵᠤ ᠮᠠᠰᠢᠨ ᠲᠡᠷᠭᠡ | ᠳᠤᠷ᠎ᠠ ᠪᠠᠷ ᠢᠶᠠᠨ ᠵᠣᠭᠰᠣᠭᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠠᠵᠢᠯ ᠲᠥᠷᠥᠯ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠵᠤ ᠣᠯᠠᠨ ᠨᠡᠶᠢᠲᠠ ᠶᠢᠨ ᠡᠮᠬᠢ ᠵᠢᠷᠤᠮ ᠨᠢ ︽ᠨᠠᠷᠢᠨ ᠦᠨᠡᠯᠡᠯᠲᠡ︾ ᠶᠢ ᠳᠠᠭᠠᠭᠠᠵᠤ | ᠳᠡᠶᠢᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠨᠢ ︽ᠨᠠᠷᠢᠨ ᠠᠵᠢᠭᠯᠠᠯᠲᠠ︾ ᠶᠢ ᠳᠠᠭᠠᠭᠠᠵᠤ ᠳᠡᠶᠢᠯᠬᠦ᠂ | ᠰᠠᠭᠤᠷᠢ ᠲᠥᠬᠦᠭᠡᠷᠦᠮᠵᠢ ᠨᠢ ︽ᠨᠠᠷᠢᠨ ᠪᠠᠶᠢᠴᠠᠭᠠᠯᠲᠠ︾ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠵᠤ ᠨᠠᠷᠢᠨ | ᠵᠦᠢᠯᠡᠰ ᠢ ᠪᠣᠳᠣᠯᠬᠢᠯᠠᠨ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠡᠭᠦᠷᠭᠡ ᠶᠢ ᠨᠠᠷᠢᠨ ᠨᠢᠮᠪᠠᠶ | ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠪᠤᠯᠪᠠᠰᠤᠨ ᠬᠤᠲᠠ ᠶᠢ | ᠡᠭᠦᠳᠤᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠳᠤᠯᠠᠨ ᠭᠥᠮᠤᠰ ᠤᠨ ᠣᠷᠣᠰᠢᠨ | ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ ᠤᠯᠠᠨ ᠲᠦᠮᠡᠨ ᠤ ᠠᠰᠢᠭ ᠬᠦᠷᠳᠡᠭᠰᠡᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠵᠡᠢ᠃ ᠡᠷᠳᠡᠨᠢᠪᠢᠯᠢᠭ ᠴᠢᠬᠤᠯᠠᠴᠢᠯᠠᠬᠤ ᠳᠤ | ᠪᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠲᠡ ᠶᠢ ᠦᠷᠭᠦᠯᠵᠢᠯᠡᠨ | ᠦᠢᠯᠡᠳᠦᠯᠭᠡᠵᠢᠭᠦᠯᠵᠦ ᠠᠵᠢᠯ ᠢᠶᠠᠨ ᠨᠠᠷᠢᠯᠢᠭ ᠪᠣᠳᠠᠲᠠᠶ ᠬᠢᠬᠦ ᠬᠡᠷᠡᠭᠲᠡᠶ᠃ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠶᠠᠰᠤ ᠴᠢᠨᠠᠷ ᠤᠨ ᠪᠣᠭᠤᠮᠲᠠ ᠰᠢᠪᠲᠤᠯᠬᠤ ᠶᠢ ᠪᠠᠳᠤᠯᠠᠨ ᠡᠨᠠᠭᠦ ᠠᠷᠠᠳ ᠤᠨ ᠠᠮᠢᠳᠤᠷᠠᠯ ᠤᠨ ᠢᠨᠵᠧᠨᠧᠷᠢᠩ ᠢ | ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠭᠠᠨ ᠡᠷᠬᠢᠯᠡᠵᠦ | ᠰᠠᠭᠤᠭᠠᠯᠢ ᠠᠷᠠᠳ ᠤᠨ ᠠᠰᠢᠭ ᠬᠦᠷᠳᠡᠭᠰᠡᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠭᠦ ᠬᠡᠷᠡᠭᠲᠡᠢ | ᠭᠡᠵᠡᠢ᠃ | | | | | | | | |