ᠮᠠᠨ ᠤ ᠬᠤᠰᠢᠭᠤᠨ ᠤ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠯ᠎ᠡ
ᠨᠡᠶᠢᠲᠡᠯᠡᠭᠰᠡᠨ ᠴᠠᠭ᠄
2020/8/20
     ᠣᠶᠢᠷ᠎ᠠ ᠳᠤ᠂ ᠬᠤᠰᠢᠭᠤ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠨᠠᠮᠣᠷ ᠤᠨ ᠣᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠬᠤᠰᠢᠭᠤ ᠰᠣᠶᠣᠯ ᠤᠨ ᠠᠵᠢᠯᠯᠠᠭᠠᠨ ᠤ ᠳᠦᠪ ᠲᠤ ᠶᠠᠪᠣᠭᠳᠠᠯ᠎ᠠ᠃ ᠬᠤᠰᠢᠭᠤ ᠵᠣᠬᠢᠶᠠᠨ ᠪᠠᠶᠢᠭᠤᠯᠬᠤ ᠬᠡᠯᠳᠡᠰ᠂  ᠠᠬᠠᠮᠠᠳ ᠺᠠᠳ᠋ᠷᠴᠣᠳ ᠤᠨ ᠦᠢᠯᠡᠴᠢᠯᠡᠬᠡᠨ ᠤ ᠳᠦᠪ᠂ ᠨᠠᠰᠣᠳᠠᠶᠢᠴᠣᠳ ᠤᠨ ᠶᠡᠭᠡ ᠰᠣᠷᠭᠠᠭᠤᠯᠢ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ᠂ ᠬᠡᠰᠡᠭ ᠪᠦᠯᠦᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ᠂ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠪᠠᠭᠰᠢ ᠰᠣᠷᠣᠭᠴᠢᠳ ᠭᠢᠴᠢᠶᠠᠯ ᠡᠭᠢᠯᠠᠭᠦ ᠶᠣᠰᠣᠯᠠᠯ ᠳᠤ ᠣᠷᠣᠯᠴᠠᠪᠠ᠃      ᠶᠣᠰᠣᠯᠠᠯ ᠳᠡᠬᠡᠷ᠎ᠡ᠂ ᠠᠬᠠᠮᠠᠳ ᠺᠠᠳ᠋ᠷᠴᠣᠳ ᠤᠨ ᠦᠢᠯᠡᠴᠢᠯᠡᠬᠡᠨ ᠤ ᠳᠦᠪ ᠤᠨ ᠬᠠᠷᠢᠭᠤᠴᠠᠯᠭᠠᠳᠠᠨ ᠠᠴᠠ ᠶᠠᠷᠢᠶ᠎ᠠ ᠳᠠᠯᠪᠢᠵᠦ ᠬᠤᠰᠢᠭᠤ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠪᠠᠭᠰᠢ ᠶᠢᠨ ᠳᠦᠯᠦᠬᠡᠯᠡᠭᠴᠢ᠂ ᠰᠣᠷᠣᠭᠴᠢ ᠶᠢᠨ ᠳᠦᠯᠦᠬᠡᠯᠡᠭᠴᠢ ᠠᠴᠠ ᠳᠣᠰ ᠳᠣᠰ ᠣᠪᠣᠷ ᠢᠶᠠᠨ ᠢᠯᠡᠳᠭᠡᠪᠡ᠃
    ᠬᠤᠰᠢᠭᠤ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠪᠠᠭᠰᠢ ᠰᠡᠴᠡᠨᠬᠤᠶᠠᠭ᠄ ︽ᠨᠠᠰᠣᠳᠠᠢ ᠬᠦᠮᠦᠰ ᠲᠤ ᠦᠪᠡᠷ ᠤᠨ ᠰᠣᠷᠣᠭᠰᠠᠨ ᠮᠡᠳᠡᠯᠬᠡ ᠪᠠᠨ ᠬᠤᠪᠢᠶᠠᠯᠴᠠᠬᠤ ᠳᠤ ᠪᠠᠶᠠᠷᠲᠠᠢ ᠪᠠᠶᠢᠨ᠎ᠠ᠃ ᠮᠦᠨᠴᠦ ᠰᠣᠶᠣᠯ ᠣᠷᠠᠯᠢᠭ ᠤᠨ ᠳᠠᠪᠴᠠᠩ ᠳᠤ ᠦᠪᠡᠷ ᠤᠨ ᠬᠦᠴᠦᠨ ᠴᠢᠳᠠᠯ ᠢᠶᠠᠨ ᠡᠷᠬᠦᠶ᠎ᠡ ᠬᠡᠵᠦ ᠪᠣᠳᠣᠵᠦ ᠪᠠᠶᠢᠨ᠎ᠠ︾ ᠬᠡᠪᠡ᠃     ᠣᠶᠢᠯᠠᠭᠠᠭᠰᠠᠨ ᠢᠶᠠᠷ᠂ ᠨᠠᠰᠣᠳᠠᠶᠢᠴᠣᠳ ᠤᠨ ᠶᠡᠭᠡ ᠰᠣᠷᠭᠠᠭᠤᠯᠢ 2016 ᠣᠨ ᠤ ᠨᠠᠮᠣᠷ ᠰᠣᠷᠭᠠᠭᠤᠯᠢ ᠡᠬᠢᠯᠡᠭᠰᠡᠨ ᠠᠴᠠ ᠨᠠᠰᠢ ᠳᠦᠷᠪᠡᠨ ᠵᠢᠯ ᠤᠨ ᠳᠣᠷᠰᠢ ᠳᠤ 12 ᠳᠦᠷᠦᠯ ᠤᠨ ᠳᠣᠰᠬᠠᠢ ᠮᠡᠷᠭᠡᠵᠢᠯ ᠤᠨ ᠬᠢᠴᠢᠶᠡᠯ ᠡᠷᠬᠢᠯᠡᠵᠦ 500 ᠭᠠᠷᠣᠢ ᠰᠣᠷᠣᠭᠴᠢ ᠰᠣᠷᠣᠯᠭ᠎ᠠ ᠳᠡᠭᠦᠰᠬᠡᠭᠰᠡᠨ ᠪᠠᠶᠢᠨ᠎ᠠ᠃ ᠳᠡᠳᠡ ᠬᠤᠳᠠ ᠶᠢᠨ ᠳᠡᠰ᠂ ᠬᠤᠰᠢᠭᠤ ᠳᠡᠰ ᠤᠨ ᠡᠯ᠎ᠡ ᠳᠦᠷᠦᠯ ᠤᠨ ᠰᠣᠶᠣᠯ ᠣᠷᠠᠯᠢᠭ ᠤᠨ ᠳᠣᠭᠯᠠᠯᠳᠠ ᠳᠤ ᠢᠳᠡᠪᠬᠢᠲᠡᠢ ᠣᠷᠣᠯᠴᠠᠵᠦ ᠬᠠᠳᠬᠤᠮᠠᠯ᠂ ᠮᠠᠬᠠᠢ ᠶᠢᠨ ᠬᠢᠴᠢᠶᠡᠯ ᠨᠢ ᠪᠣᠳᠠᠰ ᠤᠨ ᠪᠣᠰᠣ ᠰᠣᠶᠣᠯ ᠤᠨ ᠦᠪ ᠲᠤ ᠰᠠᠭᠤᠷᠢ ᠲᠠᠯᠪᠢᠵᠠᠢ᠃     ᠬᠤᠰᠢᠭᠤ ᠨᠠᠰᠣᠳᠠᠶᠢᠴᠣᠳ ᠤᠨ ᠶᠡᠭᠡ ᠰᠣᠷᠭᠠᠭᠤᠯᠢ ᠶᠢᠨ ᠰᠣᠷᠣᠭᠴᠢ ᠳᠣᠷᠵᠢ᠄ ︽ᠮᠠᠨ ᠤ ᠨᠠᠰᠣᠳᠠᠶᠢᠴᠣᠳ  ᠤᠨ ᠶᠡᠭᠡ ᠰᠣᠷᠭᠠᠭᠤᠯᠢ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ ᠪᠠᠶᠢᠭᠤᠯᠣᠭᠳᠠᠭᠠᠳ ᠳᠦᠷᠪᠡᠨ ᠵᠢᠯ ᠭᠠᠷᠣᠢ ᠪᠣᠯᠵᠦ ᠪᠠᠶᠢᠨ᠎ᠠ᠃ ᠰᠣᠷᠣᠭᠴᠢ ᠪᠣᠯᠣᠭᠰᠠᠨ ᠤ ᠬᠤᠪᠢ ᠳᠤ ᠪᠢ ᠦᠳᠡᠯᠦᠬᠡ ᠨᠠᠰᠣᠨ ᠳᠠᠭᠠᠨ ᠡᠶᠢᠮᠦ ᠰᠠᠶᠢᠬᠠᠨ  ᠪᠠᠶᠠᠯᠢᠭ ᠦᠪ ᠰᠣᠶᠣᠯ᠂ ᠳᠠᠭᠤᠣ ᠬᠦᠭᠵᠢᠮ ᠰᠣᠷᠣᠭᠰᠠᠨ ᠳᠠᠭᠠᠨ ᠶᠡᠭᠡ ᠪᠠᠶᠠᠷᠳᠠᠢ ᠪᠠᠶᠢᠨ᠎ᠠ᠃ ᠣᠳᠬ᠎ᠠ ᠣᠷᠠᠯᠢᠭ ᠤᠨ ᠳᠠᠯ᠎ᠠ ᠪᠠᠷ ᠪᠠᠶᠠᠯᠢᠭᠵᠢᠭᠤᠯᠬᠤ ᠪᠠᠷ ᠪᠠᠷᠠᠬᠤ ᠦᠬᠡᠢ ᠪᠠᠰᠠ ᠴᠦ ᠨᠠᠰᠣᠳᠠᠶᠢᠴᠣᠳ ᠤᠨ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠬᠤ ᠳᠤ ᠶᠡᠭᠡ ᠰᠠᠶᠢᠬᠠᠨ ᠳᠠᠪᠴᠠᠩ ᠬᠠᠩᠭᠠᠵᠦ ᠦᠭᠬᠦᠭᠰᠡᠨ ᠪᠠᠶᠢᠨ᠎ᠠ︾ ᠬᠡᠵᠦ ᠪᠠᠶᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号