︽ᠦᠨᠡᠨ︾ ᠰᠡᠳᠬᠦᠯ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠤᠳᠤ ᠦᠶ᠎ᠠ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠠ ᠪᠠᠶᠢᠲᠠᠯ ᠢ ᠳᠠᠰᠤᠷᠠᠯᠳᠠ ᠦᠭᠡᠢ ᠨᠡᠭᠡᠭᠡᠨ ᠡᠬᠦᠳᠦᠶ᠎ᠠ︾ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 16 ᠤ ᠡᠳᠦᠷ ᠭᠡᠪᠯᠡᠭᠳᠡᠭᠰᠡᠨ 16 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ 2015 ᠤᠨ ᠤ 11 ᠰᠠᠷ᠎ᠠ ᠶᠢᠨ 23 ᠤ ᠡᠳᠦᠷ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠬᠠᠮᠳᠦ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ︽ᠤᠳᠤ ᠦᠶ᠎ᠠ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠠ ᠪᠠᠶᠢᠲᠠᠯ ᠢ ᠳᠠᠰᠤᠷᠠᠯᠳᠠ ᠦᠭᠡᠢ ᠨᠡᠭᠡᠭᠡᠨ ᠡᠬᠦᠳᠦᠶ᠎ᠠ︾ ᠶᠢ ᠨᠡᠶᠢᠳᠡᠯᠡᠪᠡ᠃      ᠶᠠᠷᠢᠶ᠎ᠠ ᠳᠤ᠂ ᠮᠠᠷᠺᠰ ᠤᠨ ᠦᠵᠡᠯ ᠤᠨ ᠤᠯᠤᠰ ᠲᠦᠷᠦ ᠠᠵᠥ ᠠᠬᠤᠢ ᠶᠢᠨ ᠤᠬᠠᠭᠠᠨ ᠪᠤᠯ ᠮᠠᠷᠺᠰ ᠤᠨ ᠦᠵᠡᠯ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠮᠦᠨ ᠴᠦ ᠪᠢᠳᠡᠨ ᠤ ᠮᠠᠷᠺᠰ ᠤᠨ ᠦᠵᠡᠯ ᠢ ᠪᠠᠷᠢᠮᠳᠠᠯᠠᠨ ᠬᠦᠭᠵᠢᠬᠦᠯᠬᠦ ᠳᠤ ᠵᠠᠪᠠᠯ ᠰᠤᠷᠬᠤ ᠬᠢᠴᠢᠶᠡᠯ ᠪᠤᠯᠤᠨ᠎ᠠ᠃ ᠮᠠᠷᠺᠰ ᠤᠨ ᠦᠵᠡᠯ ᠤᠨ ᠤᠯᠤᠰ ᠲᠦᠷᠦ ᠠᠵᠥ ᠠᠬᠤᠢ ᠶᠢᠨ ᠤᠬᠠᠭᠠᠨ ᠨᠢ ᠬᠦᠮᠦᠨ ᠲᠦᠷᠦᠯᠬᠢᠳᠡᠨ ᠤ ᠨᠡᠶᠢᠭᠡᠮ ᠢᠯᠠᠩᠭᠤᠶ᠎ᠠ ᠬᠦᠷᠦᠩᠭᠡᠳᠦ ᠨᠡᠶᠢᠭᠡᠮ ᠤᠨ ᠠᠵᠤ ᠠᠬᠤᠢ ᠶᠢᠨ ᠡᠷᠬᠢᠯᠳᠠ ᠶᠢᠨ ᠵᠢᠮ᠎ᠠ ᠶᠤᠰᠤ ᠶᠢ ᠲᠠᠶᠢᠯᠪᠤᠷᠢᠯᠠᠵᠠᠢ᠂ ᠮᠠᠨ ᠤ ᠤᠯᠤᠰ ᠲᠦᠷᠦ ᠠᠵᠤ ᠠᠬᠤᠢ ᠶᠢᠨ ᠤᠬᠠᠭᠠᠨ ᠤ ᠦᠨᠳᠦᠰᠦ ᠨᠢ ᠵᠦᠪᠭᠡᠨ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠪᠤᠯᠬᠤ ᠠᠴᠠ ᠪᠢᠰᠢ ᠪᠤᠰᠤᠳ ᠶᠠᠮᠠᠷᠪᠠ ᠠᠵᠤ ᠠᠬᠤᠢ ᠶᠢᠨ ᠤᠨᠤᠯ ᠪᠢᠰᠢ ᠶᠤᠮ᠃ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠢ ᠠᠮᠢᠵᠢᠷᠠᠯ ᠤᠨ ᠬᠦᠴᠦᠨ ᠲᠠᠢ ᠪᠤᠯᠭᠠᠬᠤ ᠳᠤ᠂ ᠡᠷᠭᠡᠪᠰᠢ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠬᠤ ᠭᠡᠷᠡᠭᠲᠡᠢ᠃ ᠪᠢᠳᠠ ᠮᠠᠨ ᠤ ᠤᠯᠤᠰ ᠤᠨ ᠤᠯᠤᠰ ᠤᠨ ᠪᠠᠶᠢᠳᠠᠯ ᠪᠠ ᠮᠠᠨ ᠤ ᠬᠦᠭᠵᠢᠯᠳᠠ ᠶᠢᠨ ᠦᠢᠯᠡᠳᠦᠯᠭᠡ ᠳᠡᠭᠡᠨ ᠰᠠᠭᠤᠷᠢᠯᠠᠵᠦ᠂ ᠳᠡᠯᠡᠭᠡᠢ ᠶᠢᠨ ᠠᠵᠤ ᠠᠬᠤᠢ ᠪᠠ ᠮᠠᠨ‌‍ᠤ ᠤᠯᠤᠰ ᠤᠨ ᠠᠵᠤ ᠠᠬᠤᠢ ᠳᠤ ᠲᠤᠯᠭᠠᠷᠠᠵᠦ ᠪᠠᠶᠢᠭ᠎ᠠ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠬᠦᠨᠵᠡᠭᠡᠢ ᠰᠤᠳᠤᠯᠤᠨ᠂ ᠰᠢᠨ᠎ᠠ ᠤᠨᠴᠠᠯᠢᠭ ᠰᠢᠨ᠎ᠠ ᠵᠢᠮ᠎ᠠ ᠶᠤᠰᠤ ᠶᠢ ᠢᠯᠡᠷᠡᠬᠦᠯᠵᠦ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠦᠢᠯᠡᠳᠦᠯᠭᠡ ᠶᠢᠨ ᠵᠢᠮ᠎ᠠ ᠶᠤᠰᠤᠴᠢ ᠴᠢᠨᠠᠷᠳᠠᠢ ᠦᠷ᠎ᠠ ᠪᠦᠳᠦᠭᠡᠯ ᠢ ᠪᠤᠯᠪᠠᠰᠤᠷᠠᠭᠤᠯᠤᠨ ᠳ᠋ᠦᠩᠨᠡᠵᠦ᠂ ᠦᠢᠯᠡᠳᠦᠯᠭᠡ ᠶᠢᠨ ᠲᠤᠷᠰᠢᠯᠭ᠎ᠠ ᠶᠢ ᠰᠢᠰᠲ᠋ᠧᠮᠵᠢᠭᠰᠡᠨ ᠠᠵᠤ ᠠᠬᠤᠢ ᠶᠢᠨ ᠤᠬᠠᠭᠠᠨ ᠪᠤᠯᠭᠠᠵᠦ᠂ ᠤᠳᠤ ᠦᠶ᠎ᠠ ᠶᠢᠨ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠠ ᠪᠠᠶᠢᠲᠠᠯ ᠢ ᠳᠠᠰᠤᠷᠠᠯᠳᠠ ᠦᠭᠡᠢ ᠨᠡᠭᠡᠭᠡᠨ ᠡᠬᠦᠳᠬᠦ ᠭᠡᠷᠡᠭᠲᠡᠢ ᠭᠡᠵᠦ ᠴᠢᠬᠤᠯᠠᠴᠢᠯᠠᠪᠠ᠃      ᠶᠠᠷᠢᠶ᠎ᠠ ᠳᠤ᠂ ᠮᠠᠨ ᠤ ᠨᠠᠮ ᠲᠡᠤᠬᠡᠨ ᠠᠴᠠ ᠪᠠᠨ ᠠᠪᠤᠭᠠᠳ ᠮᠠᠷᠺᠰ ᠤᠨ ᠦᠵᠡᠯ ᠤᠨ ᠤᠯᠤᠰ ᠲᠦᠷᠦ ᠠᠵᠥ ᠠᠬᠤᠢ‌‍ᠶᠢᠨ ᠤᠬᠠᠭᠠᠨ ᠤ ᠰᠤᠷᠤᠯᠴᠠᠯᠭ᠎ᠠ᠂ ᠰᠤᠳᠤᠯᠭᠠᠨ᠂ ᠬᠡᠷᠡᠭᠯᠡᠯᠳᠡ ᠶᠢ ᠬᠦᠨᠳᠦᠳᠭᠡᠭᠰᠡᠭᠡᠷ ᠢᠷᠡᠵᠡᠢ᠃ ᠨᠠᠮ ᠤᠨ ᠠᠷᠪᠠᠨ ᠨᠢᠬᠡᠳᠦᠬᠡᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠠᠭᠠᠰᠢ᠂ ᠮᠠᠨ ᠤ ᠨᠠᠮ ᠮᠠᠷᠺᠰ ᠤᠨ ᠦᠵᠡᠯ ᠤᠨ ᠤᠯᠤᠰ ᠳᠦᠷᠦ ᠠᠵᠥ ᠠᠬᠤᠢ ᠶᠢᠨ ᠤᠬᠠᠭᠠᠨ ᠤ ᠦᠨᠳᠦᠰᠦᠨ ᠤᠨᠤᠯ ᠢ ᠦᠬᠡᠷᠡᠴᠢᠯᠡᠯᠳᠡ ᠨᠡᠬᠡᠬᠡᠯᠳᠡ ᠶᠢᠨ ᠰᠢᠨ᠎ᠡ ᠦᠢᠯᠡᠳᠦᠯᠬᠡ ᠲᠠᠢ ᠤᠶᠠᠯᠳᠤᠭᠤᠯᠵᠥ᠂ ᠮᠠᠷᠺᠰ ᠤᠨ ᠦᠵᠡᠯ ᠤᠨ ᠤᠯᠤᠰ ᠳᠦᠷᠦ ᠠᠵᠥ ᠠᠬᠤᠢ ᠶᠢᠨ ᠤᠬᠠᠭᠠᠨ ᠢ ᠳᠠᠰᠤᠷᠠᠯᠳᠠ ᠦᠬᠡᠢ ᠪᠠᠶᠠᠯᠢᠬᠵᠢᠭᠤᠯᠤᠨ ᠬᠦᠭᠵᠢᠬᠦᠯᠵᠥ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠤᠯᠤᠰ ᠳᠦᠷᠦ ᠠᠵᠥ ᠠᠬᠤᠢ ᠶᠢᠨ ᠤᠬᠠᠭᠠᠨ ᠤ ᠮᠠᠰᠢ ᠤᠯᠠᠨ ᠴᠢᠬᠤᠯᠠ ᠤᠨᠤᠯ ᠤᠨ ᠦᠷ᠎ᠠ ᠪᠦᠳᠦᠬᠡᠯ ᠢ ᠪᠦᠷᠢᠯᠳᠦᠬᠦᠯᠪᠡ᠃ ᠡᠳᠡᠭᠡᠷ ᠤᠨᠤᠯ ᠤᠨ ᠦᠷ᠎ᠡ ᠪᠦᠳᠦᠭᠡᠯ ᠢ ᠮᠠᠷᠺᠰ ᠤᠨ ᠦᠵᠡᠯ ᠤᠨ ᠰᠤᠩᠭᠤᠳᠠᠭ ᠵᠤᠬᠢᠶᠠᠯᠴᠢᠳ ᠶᠠᠷᠢᠵᠤ ᠦᠡᠭᠭᠡᠷᠡᠭᠰᠡᠨ ᠦᠭᠡᠢ ᠪᠦᠭᠡᠳ ᠦᠭᠡᠷᠡᠴᠢᠯᠡᠯᠳᠠ ᠨᠡᠭᠡᠭᠡᠯᠳᠠ ᠠᠴᠠ ᠡᠮᠤᠨ᠎ᠡ ᠪᠢᠳᠠ ᠪᠠᠰᠠ ᠡᠳᠡᠭᠡᠷ ᠲᠠᠯ᠎ᠡ ᠶᠢᠨ ᠦᠢᠯᠡᠳᠦᠯᠭᠡ ᠪᠤᠯᠤᠨ ᠲᠠᠨᠢᠯᠳᠠ ᠪᠠᠶᠢᠬᠤ ᠦᠭᠡᠢ ᠪᠠᠶᠢᠵᠠᠢ᠂ ᠡᠨᠡ ᠪᠤᠯ ᠤᠳᠤ ᠦᠶ᠎ᠡ ᠶᠢᠨ ᠲᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠴᠠᠭ ᠦᠶ᠎ᠡ ᠶᠢᠨ ᠤᠨᠴᠠᠯᠢᠭ ᠲᠠᠢ ᠵᠤᠬᠢᠴᠠᠬᠰᠡᠨ ᠤᠯᠤᠰ ᠲᠦᠷᠦ ᠠᠵᠤ ᠠᠬᠤᠢ ᠶᠢᠨ ᠤᠬᠠᠭᠠᠨ ᠪᠤᠯᠤᠨ᠎ᠠ᠂ ᠡᠨᠡ ᠨᠢ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠦᠢᠯᠡᠳᠦᠯᠭᠡ ᠶᠢ ᠬᠦᠴᠤᠳᠠᠢ ᠵᠢᠯᠤᠭᠤᠳᠤᠬᠰᠡᠨ ᠪᠦᠭᠡᠳ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠪᠠᠶᠢᠲᠠᠯ ᠢ ᠰᠢᠨ᠎ᠡ ᠪᠠᠶᠢᠳᠠᠯ ᠢ ᠨᠡᠬᠡᠭᠡᠨ ᠡᠭᠦᠳᠴᠠᠢ ᠭᠡᠵᠤ ᠵᠢᠭᠠᠵᠤ ᠭᠠᠷᠭᠠᠪᠠ᠃      ᠶᠠᠷᠢᠶ᠎ᠠ ᠳᠤ᠂ ᠬᠤᠪᠢᠷᠠᠯᠳᠠ ᠶᠡᠭᠡᠳᠠᠢ ᠲᠡᠯᠡᠭᠡᠢ ᠶᠢᠨ ᠠᠵᠤ ᠠᠬᠤᠢ ᠶᠢᠨ ᠶᠡᠭᠡ ᠤᠷᠤᠰᠬᠠᠯ ᠲᠤᠮᠳᠠ᠂ ᠮᠠᠨ ᠤ ᠤᠯᠤᠰ‌‍ᠤᠨ ᠠᠵᠤ ᠠᠬᠤᠢ ᠶᠢᠨ ᠡᠨᠡ ᠬᠦ ᠲᠤᠮᠤ ᠬᠦᠯᠭᠡ ᠤᠡᠭᠭᠤᠴᠠ ᠶᠢ ᠰᠠᠶᠢᠳᠤᠷ ᠡᠵᠡᠮᠳᠡᠵᠦ ᠴᠢᠳᠠᠬᠤ ᠡᠰᠡᠬᠦ ᠨᠢ ᠮᠠᠨ ᠤ ᠨᠠᠮ ᠳᠤ ᠲᠤᠯᠭᠠᠷᠠᠵᠦ ᠪᠠᠶᠢᠭ᠎ᠠ ᠶᠡᠭᠡ ᠰᠢᠯᠭᠠᠯᠳᠠ ᠪᠤᠯᠤᠨ᠎ᠡ᠃ ᠤᠯᠤᠰ ᠤᠨ ᠲᠤᠳᠤᠭᠠᠳᠤ ᠭᠠᠳᠠᠭᠠᠳᠤ ᠶᠢᠨ ᠲᠦᠢᠯ ᠤᠨ ᠨᠠᠷᠢᠨ ᠪᠤᠳᠤᠯᠢᠶᠠᠨᠳᠠᠢ ᠠᠵᠥ ᠠᠬᠤᠢ ᠶᠢᠨ ᠪᠠᠶᠢᠳᠠᠯ ᠤᠨ ᠡᠮᠤᠨ᠎ᠡ᠂ ᠨᠠᠷᠢᠨ ᠪᠤᠳᠤᠯᠢᠶᠠᠨᠳᠠᠢ ᠤᠯᠡᠠ ᠶᠠᠩᠵᠥ ᠶᠢᠨ ᠠᠵᠥ ᠠᠬᠤᠢ ᠶᠢᠨ ᠦᠵᠡᠭᠳᠡᠯ ᠤᠨ ᠡᠮᠤᠨ᠎ᠡ᠂ ᠮᠠᠷᠺᠰ ᠤᠨ ᠦᠵᠡᠯ ᠤᠨ ᠤᠯᠤᠰ ᠲᠦᠷᠦ ᠠᠵᠥ ᠠᠬᠤᠢ ᠶᠢᠨ ᠤᠬᠠᠭᠠᠨ ᠤ ᠦᠨᠳᠦᠰᠦᠨ ᠤᠭ ᠶᠤᠰᠤ ᠪᠤᠯᠤᠨ ᠠᠷᠭ᠎ᠠ ᠶᠢᠨ ᠤᠨᠤᠯ ᠢ ᠰᠤᠷᠤᠯᠴᠠᠬᠤ ᠨᠢ ᠪᠢᠳᠡᠨ ᠤ ᠠᠵᠥ ᠠᠬᠤᠢ ᠶᠢᠨ ᠵᠠᠳᠠᠯᠤᠯᠳᠠ ᠶᠢᠨ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠵᠥ᠂ ᠠᠵᠥ ᠠᠬᠤᠢ ᠶᠢᠨ ᠠᠵᠢᠯᠯᠠᠭᠠᠨ ᠤ ᠶᠠᠪᠤᠴᠠ ᠶᠢ ᠲᠠᠨᠢᠵᠥ᠂ ᠨᠡᠶᠢᠭᠡᠮ ᠠᠵᠥ ᠠᠬᠤᠢ ᠶᠢᠨ ᠬᠦᠭᠵᠢᠯᠳᠡ‌‍ᠶᠢᠨ ᠵᠢᠮ᠎ᠠ ᠶᠤᠰᠤ ᠶᠢ ᠡᠵᠡᠮᠰᠢᠨ᠂ ᠨᠡᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠥ ᠠᠬᠤᠢ ᠶᠢ ᠬᠦᠳᠦᠯᠥᠨ ᠲᠠᠭᠠᠭᠤᠯᠬᠤ ᠴᠢᠳᠠᠪᠤᠷᠢ ᠶᠢ ᠲᠡᠭᠡᠭᠰᠢᠯᠡᠬᠦᠯᠵᠥ᠂ ᠮᠠᠨ ᠤ ᠤᠯᠤᠰ ᠤᠨ ᠠᠵᠥ ᠠᠬᠤᠢ ᠶᠢᠨ ᠬᠦᠭᠵᠢᠯᠳᠡ ᠶᠢᠨ ᠤᠨᠤᠯ ᠪᠠ ᠦᠢᠯᠡᠳᠦᠯᠬᠡ ᠶᠢᠨ ᠠᠰᠠᠭᠤᠳᠠᠯ ᠳᠤ ᠨᠡᠩ ᠰᠠᠶᠢᠳᠤᠷ ᠬᠠᠷᠢᠭᠤᠯᠳᠠ ᠦᠭᠬᠦ ᠳᠤ ᠠᠰᠢᠬᠳᠠᠢ ᠶᠤᠮ ᠬᠡᠵᠥ ᠵᠢᠭᠠᠵᠥ ᠭᠠᠷᠭᠠᠪᠠ᠃      ᠶᠠᠷᠢᠶ᠎ᠠ ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠭᠡᠷᠡᠭᠳᠠᠢ᠃ ᠬᠦᠭᠵᠢᠭᠦᠯᠬᠦ ᠨᠢ ᠠᠷᠠᠳ ᠲᠦᠮᠡᠨ ᠤ ᠲᠦᠯᠦᠭᠡ ᠶᠤᠮ᠂ ᠡᠨᠡ ᠪᠤᠯ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠦᠨᠳᠤᠰᠤᠨ ᠵᠤᠬᠰᠤᠯᠳᠠ ᠪᠤᠯᠤᠨ᠎ᠡ᠂ ᠠᠵᠤ ᠠᠬᠤᠢ ᠶᠢᠨ ᠠᠵᠢᠯ ᠢ ᠪᠠᠶᠢᠷᠢᠯᠠᠭᠤᠯᠬᠤ᠂ ᠠᠵᠤ ᠠᠬᠤᠢ‌‍ᠶᠢᠨ ᠲᠦᠷᠦ ᠶᠢᠨ ᠪᠤᠳᠤᠯᠭ᠎ᠠ ᠶᠢ ᠲᠤᠬᠳᠠᠭᠠᠬᠤ᠂ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠳᠤ ᠴᠦᠮ ᠡᠨᠡ ᠬᠦ ᠦᠨᠳᠤᠰᠤᠨ ᠵᠤᠬᠰᠤᠯᠳᠠ ᠶᠢ ᠪᠠᠳᠤ ᠪᠠᠷᠢᠮᠳᠠᠯᠠᠬᠤ ᠭᠡᠷᠡᠭᠳᠠᠢ᠃ ᠰᠢᠨ᠎ᠡ ᠶᠢ ᠡᠬᠦᠳᠬᠦ ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠠᠳᠤ᠂ ᠬᠠᠮᠳᠤ ᠪᠠᠷ ᠡᠳ᠋ᠯᠡᠬᠦ ᠬᠦᠭᠵᠢᠯᠳᠠ ᠶᠢᠨ ᠤᠢᠢᠯᠠᠭᠠᠬᠳᠠᠬᠤᠨ ᠪᠤᠯᠤᠨ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠮᠠᠰᠢ ᠤᠯᠠᠨ ᠦᠵᠡᠯᠳᠠ ᠪᠤᠯ ᠬᠠᠷᠢᠯᠴᠠᠨ ᠨᠡᠪᠳᠡᠷᠡᠯᠴᠡᠵᠤ ᠪᠠᠶᠢᠭ᠎ᠠ ᠶᠤᠮ᠂ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢᠶᠠᠷ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢ ᠬᠦᠳᠤᠯᠤᠨ ᠲᠠᠭᠠᠭᠤᠯᠬᠤ ᠪᠠ ᠠᠬᠢᠭᠤᠯᠬᠤ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠬᠦᠴᠢᠷ ᠠᠰᠠᠭᠤᠳᠠᠯ ᠢ ᠲᠠᠰᠤᠷᠠᠯᠳᠠ ᠦᠭᠡᠢ ᠰᠢᠢᠳᠪᠤᠷᠢᠯᠡᠨ᠂ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠪᠠᠶᠢᠳᠠᠯ ᠢ ᠡᠬᠦᠳᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠶᠠᠷᠢᠶ᠎ᠠ ᠳᠤ᠂ ᠤᠢᠢᠯᠡᠳᠪᠤᠷᠢᠯᠡᠯ ᠤᠨ ᠭᠡᠷᠡᠭᠰᠡᠯ ᠤᠨ ᠦᠮᠴᠢᠯᠠᠯ ᠤᠨ ᠲᠦᠷᠢᠮ ᠪᠤᠯ ᠤᠢᠢᠯᠡᠳᠪᠤᠷᠢᠯᠡᠯ ᠤᠨ ᠬᠠᠷᠢᠴᠠᠭ᠎ᠠ ᠶᠢᠨ ᠭᠤᠤᠯ ᠵᠦᠢᠯ ᠪᠤᠯᠤᠨ᠎ᠠ᠂ ᠨᠡᠶᠢᠬᠡᠮ ᠤᠨ ᠦᠨᠳᠤᠰᠤᠨ ᠰᠢᠨᠵᠢ ᠴᠢᠨᠠᠷ ᠪᠤᠯᠤᠨ ᠬᠦᠭᠵᠢᠯᠳᠠ ᠶᠢᠨ ᠴᠢᠭᠯᠡᠯ ᠢ ᠲᠤᠭᠳᠠᠭᠠᠵᠤ ᠪᠠᠶᠢᠨ᠎ᠠ᠃ ᠨᠡᠶᠢᠳᠡ ᠶᠢᠨ ᠦᠮᠴᠢᠯᠡᠯ ᠤᠨ ᠠᠵᠥ ᠠᠬᠤᠢ ᠶᠢ ᠡᠷᠡᠰ ᠪᠠᠳᠤᠳᠬᠠᠨ ᠬᠦᠭᠵᠢᠬᠦᠯᠵᠥ᠂ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠬᠦᠭᠵᠢᠯᠳᠡ ᠶᠢ ᠡᠷᠡᠰ ᠵᠤᠷᠢᠬᠵᠢᠭᠤᠯᠵᠥ᠂ ᠳᠡᠮᠵᠢᠵᠥ᠂ ᠬᠦᠳᠦᠯᠦᠨ ᠳᠠᠶᠢᠴᠢᠯᠠᠵᠥ᠂ ᠪᠤᠢ ᠪᠦᠬᠦᠢ ᠦᠮᠴᠢᠯᠡᠯ ᠤᠨ ᠳᠦᠷᠢᠮ ᠰᠠᠶᠢᠨ ᠲᠠᠢ ᠳᠠᠯ᠎ᠠ ᠪᠠᠨ ᠠᠪᠴᠤ ᠳᠤᠳᠠᠬᠳᠠᠯ ᠲᠠᠢ ᠳᠠᠯ᠎ᠠ ᠪᠠᠨ ᠨᠦᠬᠦᠬᠦ᠂ ᠬᠠᠷᠢᠯᠴᠠᠨ ᠠᠬᠢᠭᠤᠯᠬᠤ᠂ ᠬᠠᠮᠳᠤᠪᠡᠷ ᠬᠦᠭᠵᠢᠬᠦ ᠶᠢ ᠠᠬᠢᠭᠤᠯᠬᠤ ᠭᠡᠷᠡᠭᠲᠡᠢ᠃ ᠨᠡᠶᠢᠳᠡ ᠶᠢᠨ ᠦᠮᠴᠢᠯᠡᠯ ᠤᠨ ᠭᠤᠤᠯ ᠴᠤᠬᠴᠠ ᠶᠢᠨ ᠪᠠᠶᠢᠷᠢ ᠰᠠᠭᠤᠷᠢ ᠶᠢ ᠭᠤᠶᠢᠪᠢᠯᠵᠠᠭᠤᠯᠬᠤ ᠦᠬᠡᠢ᠂ ᠤᠯᠤᠰ ᠤᠨ ᠦᠮᠴᠢᠯᠡᠯ ᠤᠨ ᠠᠵᠥ ᠠᠬᠤᠢ ᠶᠢᠨ ᠭᠤᠤᠯ ᠴᠤᠬᠴᠠ ᠶᠢᠨ ᠪᠠᠶᠢᠷᠢ ᠰᠠᠭᠤᠷᠢ ᠶᠢ ᠭᠤᠶᠢᠪᠢᠯᠵᠠᠭᠤᠯᠬᠤ ᠦᠬᠡᠢ ᠪᠠᠶᠢᠬᠤ ᠬᠡᠷᠡᠭᠳᠡᠢ᠃ ᠮᠠᠨ ᠤ ᠤᠯᠤᠰ ᠤᠨ ᠤᠷᠤᠯᠭ᠎ᠠ ᠶᠢᠨ ᠬᠤᠪᠢᠶᠠᠷᠢᠯᠠᠯᠳᠠ ᠳᠤ ᠤᠷᠤᠰᠢᠵᠤ ᠪᠠᠶᠢᠭ᠎ᠠ ᠵᠠᠷᠢᠮ ᠲᠤᠪᠤᠶᠢᠮ᠎ᠠ ᠠᠰᠠᠭᠤᠳᠠᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠪᠠᠶᠢᠭᠤᠯᠤᠮᠵᠢ ᠲᠤᠭᠳᠠᠴᠠ ᠪᠤᠯᠤᠨ ᠪᠤᠳᠠᠳᠠᠢ ᠲᠦᠷᠤ ᠶᠢᠨ ᠪᠤᠳᠤᠯᠭ᠎ᠠ ᠶᠢ ᠲᠠᠰᠤᠷᠠᠯᠳᠠ ᠦᠬᠡᠢ ᠪᠦᠷᠢᠨᠰᠢᠬᠦᠯᠤᠨ᠂ ᠤᠯᠤᠰ ᠠᠷᠠᠳ ᠤᠨ ᠤᠷᠤᠯᠭ᠎ᠠ ᠶᠢᠨ ᠬᠤᠪᠢᠶᠠᠷᠢᠯᠠᠯᠳᠠ ᠶᠢᠨ ᠪᠠᠶᠢᠷᠢᠰᠢᠯ ᠳᠤ ᠲᠤᠬᠢᠷᠠᠭᠤᠯᠤᠯᠳᠠ ᠬᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠦᠷᠬᠦᠯᠵᠢᠯᠠᠨ ᠨᠡᠮᠡᠭᠳᠡᠬᠦᠯᠵᠤ᠂ ᠤᠷᠤᠯᠭ᠎ᠠ ᠶᠢᠨ ᠵᠦᠷᠢᠶ᠎ᠠ ᠶᠢ ᠲᠠᠰᠤᠷᠠᠯᠳᠠ ᠦᠬᠡᠢ ᠪᠠᠭᠠᠰᠬᠠᠬᠤ ᠭᠡᠷᠡᠭᠳᠠᠢ᠃ ᠨᠡᠶᠢᠬᠡᠮ ᠵᠢᠷᠤᠮ ᠤᠨ ᠵᠠᠬ᠎ᠠ ᠳᠡᠯᠬᠡᠬᠦᠷ ᠤᠨ ᠠᠵᠥ ᠠᠬᠤᠢ ᠶᠢᠨ ᠦᠬᠡᠷᠡᠴᠢᠯᠡᠯᠳᠡ ᠶᠢᠨ ᠴᠢᠭᠯᠡᠯ ᠢ ᠪᠠᠷᠢᠮᠳᠠᠯᠠᠵᠦ᠂ ᠨᠡᠶᠢᠬᠡᠮ ᠵᠢᠷᠤᠮ ᠤᠨ ᠦᠨᠳᠦᠰᠦᠨ ᠪᠠᠶᠢᠭᠤᠯᠤᠯ ᠢ ᠵᠠᠬ᠎ᠠ ᠳᠡᠯᠬᠡᠬᠦᠷ ᠤᠨ ᠠᠵᠥ ᠠᠬᠤᠢ ᠲᠠᠢ ᠤᠶᠠᠯᠳᠤᠭᠤᠯᠬᠤ ᠳᠤ ᠦᠷᠬᠦᠯᠵᠢᠯᠡᠨ ᠬᠦᠴᠦ ᠤᠷᠤᠭᠤᠯᠵᠦ᠂ ᠬᠤᠶᠠᠷ ᠳᠠᠯ᠎ᠠ ᠶᠢᠨ ᠳᠠᠪᠠᠭᠤᠯᠢᠭ ᠢ ᠪᠦᠷ ᠰᠠᠶᠢᠳᠤᠷ ᠪᠠᠳᠠᠷᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠶᠠᠷᠢᠶ᠎ᠠ ᠳᠤ᠂ ᠭᠠᠳᠠᠬᠰᠢ ᠨᠡᠬᠡᠭᠡᠯᠳᠡ ᠬᠢᠬᠦ ᠤᠯᠤᠰ ᠤᠨ ᠦᠨᠳᠤᠰᠤᠨ ᠲᠦᠷᠤ ᠶᠢᠨ ᠪᠤᠳᠤᠯᠭ᠎ᠠ ᠶᠢ ᠪᠠᠷᠢᠮᠳᠠᠯᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠬᠡᠳᠤᠯᠳᠠᠢ ᠲᠦᠯᠤᠪᠵᠢᠬᠦᠯᠬᠦ ᠳᠡᠭᠡᠨ ᠴᠢᠳᠠᠮᠠᠭᠠᠢ ᠪᠠᠶᠢᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠶᠠᠷ ᠶᠡᠭᠡ ᠵᠠᠬ᠎ᠠ ᠲᠡᠯᠬᠡᠬᠦᠷ᠂ ᠬᠤᠶᠠᠷ ᠵᠦᠢᠯ ᠤᠨ ᠡᠬᠢ ᠪᠠᠶᠠᠯᠢᠬ ᠢ ᠰᠠᠶᠢᠳᠤᠷ ᠠᠰᠢᠬᠯᠠᠨ᠂ ᠨᠡᠩ ᠲᠡᠭᠡᠳᠦ ᠲᠡᠰ ᠤᠨ ᠨᠡᠬᠡᠬᠡᠯᠳᠡᠳᠤ ᠮᠠᠶ᠋ᠢᠬ ᠤᠨ ᠠᠵᠤ ᠠᠬᠤᠢ ᠶᠢ ᠬᠦᠭᠵᠢᠬᠦᠯᠵᠤ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠳᠠ ᠳᠤ ᠢᠳᠡᠪᠬᠢᠳᠠᠢ ᠤᠷᠤᠯᠴᠠᠵᠤ᠂ ᠲᠡᠯᠡᠬᠡᠢ ᠶᠢᠨ ᠠᠵᠤ ᠠᠬᠤᠢ ᠶᠢᠨ ᠡᠮᠬᠢ ᠲᠢᠭᠯᠢᠮ ᠤᠨ ᠡᠷᠬᠡ ᠲᠡᠭᠰᠢ ᠲᠦᠪ ᠭᠤᠤᠯᠴᠢ᠂ ᠬᠠᠮᠳᠤᠷᠠᠯᠴᠠᠭ᠎ᠠ ᠬᠢᠵᠤ ᠬᠠᠮᠳᠤ ᠪᠠᠷ ᠠᠰᠢᠬ ᠬᠦᠷᠳᠡᠬᠦ ᠴᠢᠭᠯᠡᠯ ᠲᠡᠶᠢᠰᠢ ᠬᠦᠭᠵᠢᠬᠦ ᠶᠢ ᠠᠬᠢᠭᠤᠯᠬᠤ ᠭᠡᠷᠡᠭᠳᠠᠢ᠃ ᠮᠠᠨ ᠤ ᠤᠯᠤᠰ ᠤᠨ ᠬᠦᠭᠵᠢᠯᠳᠠ ᠶᠢᠨ ᠠᠰᠢᠬ ᠲᠤᠰᠠ ᠶᠢ ᠡᠷᠡᠰ ᠬᠠᠮᠠᠭᠠᠯᠠᠵᠤ᠂ ᠡᠯ᠎ᠠ ᠵᠦᠢᠯ ᠤᠨ ᠠᠶᠤᠯ ᠲᠦᠭᠰᠢᠬᠦᠷᠢ ᠶᠢ ᠢᠳᠡᠪᠬᠢᠳᠠᠢ ᠰᠡᠷᠬᠡᠶᠢᠯᠠᠵᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号