ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠳᠥᠷᠪᠡᠳᠦᠭᠡᠷ ᠤᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠳᠥᠷᠪᠡᠳᠦᠭᠡᠷ ᠤᠳᠠᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠲᠥᠷᠪᠡᠳᠤᠭᠡᠷ ᠤᠳᠠᠭᠠᠨ ᠤ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠠᠪᠤᠳᠤᠭᠠᠷ᠂ ᠵᠢᠷᠭᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽ᠥᠥᠰᠢᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠤᠭᠳᠠᠯᠴᠠᠭ᠎ᠠ  ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︽ᠥᠥᠰᠢᠨ ᠬᠤᠰᠢᠭᠤᠨ ᠤ ᠴᠢᠬᠤᠯᠠ ᠲᠤᠮᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠥᠭᠡᠷᠡᠴᠢᠯᠡᠯᠲᠡ ᠶᠢᠨ ᠲᠥᠰᠦᠯ︾ ︽ᠥᠥᠰᠢᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ︾ ᠵᠡᠷᠭᠡ ᠲᠥᠰᠦᠯ ᠢ ᠬᠢᠨᠠᠨ ᠵᠥᠪᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠥᠭᠡᠷᠡᠴᠢᠯᠡᠯᠲᠡ ᠶᠢᠨ ᠰᠢᠪᠳᠤᠯᠤᠯᠳᠠ ᠪᠠ ᠬᠤᠰᠢᠭᠤᠴᠢ ᠦᠢᠯᠡᠳᠦᠯ ᠢ ᠪᠠᠳᠠᠷᠠᠭᠤᠯᠤᠨ ᠵᠣᠭᠰᠣᠴᠠ ᠪᠠᠨ ᠲᠡᠭᠡᠭᠰᠢᠯᠠᠭᠦᠯᠤᠨ ᠵᠠᠩᠭᠢᠯᠠᠭ᠎ᠠ ᠶᠢ ᠠᠳᠬᠤᠵᠤ ᠰᠢᠨ᠎ᠡ ᠶᠢ ᠡᠭᠦᠳᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ ᠥᠭᠡᠷᠡᠴᠢᠯᠡᠯᠲᠡ ᠶᠢᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠥᠢᠯᠡᠴᠢᠯᠠᠭᠦ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠨ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠵᠤ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠬᠠᠤᠯᠢᠵᠢᠭᠰᠠᠨ ᠦᠦᠰᠢᠨ ᠪᠠ ᠪᠦᠬᠦ ᠲᠠᠯ᠎ᠠ ᠪᠠᠷ ᠬᠤᠰᠢᠭᠤ ᠪᠠᠨ ᠬᠠᠤᠯᠢ ᠪᠠᠷ ᠵᠠᠰᠠᠬᠤ ᠡᠯ᠎ᠡ ᠲᠥᠷᠥᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠷᠢᠮᠳᠠᠯᠠᠵᠤ ᠵᠥᠪ ᠲᠠᠯ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ ᠡᠯ᠎ᠡ ᠲᠥᠷᠥᠯ ᠤᠨ ᠵᠠᠭᠤᠴᠢᠯᠠᠭᠤᠷ ᠢ ᠠᠰᠢᠭᠯᠠᠨ ᠥᠥᠰᠢᠨ ᠤ ᠥᠯᠢᠭᠡᠷ ᠢ ᠰᠠᠶᠢᠲᠤᠷ ᠶᠠᠷᠢᠵᠤ ᠰᠦᠯᠵᠢᠶᠡᠨ ᠤ ᠢᠳᠡᠪᠬᠢ ᠬᠦᠴᠦᠨ ᠢ ᠤᠯᠠᠮᠵᠢᠯᠠᠨ ᠰᠦᠯᠵᠢᠶᠡᠨ ᠤ ᠮᠡᠳᠡᠭᠡ ᠵᠠᠩᠭᠢ ᠶᠢᠨ ᠥᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠭᠢᠭᠤᠯᠬᠤ ᠭᠡᠷᠡᠭᠳᠠᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠰᠢᠵᠦ ᠬᠥᠭᠵᠢᠯᠲᠡ ᠶᠢᠨ ᠳᠤᠮᠳᠠᠬᠢ ᠲᠤᠳᠠᠭᠳᠠᠯ ᠪᠠ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠤᠨ ᠤᠯᠠᠮᠵᠢᠯᠠᠯᠳᠤ ᠰᠡᠳᠬᠢᠬᠦᠶ ᠶᠢᠨ ᠬᠡᠪ ᠵᠠᠭᠪᠤᠷ ᠢ ᠡᠪᠳᠡᠵᠦ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠠᠵᠤ ᠠᠬᠤᠶ ᠨᠠᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠳᠤᠯᠠᠬᠤ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ ︽ᠭᠤᠷᠪᠠᠨ ᠶᠡᠭᠡ ᠪᠣᠭᠤᠮᠲᠠ ᠰᠢᠪᠳᠤᠯᠬᠤ ᠳᠠᠶᠢᠯᠠᠯᠳᠤᠭᠠᠨ︾ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠬᠤ ᠭᠡᠷᠡᠭᠳᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠢᠨᠠᠮᠠᠭᠠᠶ ᠰᠤᠳᠤᠯᠤᠨ ᠲᠤᠭᠲᠠᠭᠠᠵᠤ ᠲᠥᠯᠥᠪᠵᠢᠭᠦᠯᠭᠡ ᠶᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠵᠠᠯᠭᠠᠯᠳᠤᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠥ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠬᠢᠨᠠᠨ ᠪᠣᠳᠣᠬᠤ ᠠᠵᠢᠯ ᠲᠠᠢ ᠢᠳᠡᠪᠬᠢᠲᠡᠶ ᠬᠠᠮᠵᠢᠯᠴᠠᠬᠤ ᠬᠡᠷᠡᠭᠲᠡᠶ᠃ ᠬᠢᠨᠠᠨ ᠪᠣᠳᠣᠬᠤ ᠪᠠᠶᠢᠭᠤᠯᠭ᠎ᠠ ᠬᠢᠨᠠᠨ ᠪᠣᠳᠣᠬᠤ ᠬᠢᠨᠠᠯᠲᠠ ᠲᠠᠯᠪᠢᠬᠤ ᠥᠢᠯᠡᠳᠤᠯ ᠢᠶᠠᠨ ᠪᠠᠳᠠᠷᠠᠭᠤᠯᠤᠨ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠤᠷᠢᠳᠤ ᠢᠯᠠᠯᠲᠠ ᠶᠢ ᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ ᠬᠥᠭᠵᠢᠯᠲᠡ ᠶᠢᠨ ᠭᠤᠤᠯᠳᠠᠯᠭ᠎ᠠ ᠶᠢ ᠲᠤᠳᠤᠷᠬᠠᠶᠢᠯᠠᠵᠤ ᠲᠠᠷᠢᠮᠠᠯ ᠲᠠᠵᠢᠭᠡᠪᠤᠷᠢ ᠶᠢᠨ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰ ᠣᠳᠣᠬᠢᠴᠢᠯᠠᠯᠲᠠ ᠲᠡᠰᠢ ᠬᠥᠭᠵᠢᠬᠦ ᠶᠢ ᠠᠭᠢᠭᠤᠯᠬᠤ ᠭᠡᠷᠡᠭᠳᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ‌‍ᠶᠢ ᠭᠦᠨᠵᠡᠭᠡᠶ ᠬᠡᠷᠡᠭᠵᠢᠭᠦᠯᠵᠦ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠭᠢᠭᠤᠯᠤᠨ ᠡᠬᠢ ᠪᠠᠶᠠᠯᠢᠭ ᠠᠷᠪᠢᠯᠠᠬᠤ ᠬᠡᠯᠪᠡᠷᠢ᠂ ᠣᠷᠴᠢᠨ ᠲᠣᠭᠤᠷᠢᠨ ᠰᠠᠶᠢᠨ ᠪᠠᠶᠢᠬᠤ ᠬᠡᠯᠪᠡᠷᠢ ᠶᠢᠨ ᠭᠥᠭᠵᠢᠯᠳᠠ ᠶᠢᠨ ᠵᠠᠮ ᠢᠶᠠᠷ ᠵᠠᠮᠨᠠᠵᠤ ᠨᠡᠷᠡᠲᠦ ᠲᠡᠮᠲᠡᠭᠲᠦ ᠶᠢᠨ ᠪᠠᠶᠢᠭᠤᠯᠤᠯᠲᠠ᠂ ᠰᠢᠨᠵᠢᠯᠡᠭᠡ ᠮᠡᠷᠭᠡᠵᠢᠯ ᠤᠨ ᠲᠠᠮᠵᠢᠯᠭᠡ ᠪᠣᠯᠤᠨ ᠮᠥᠩᠭᠦᠨ ᠭᠥᠢᠯᠭᠡᠭᠡᠨ ᠤ ᠥᠢᠯᠡᠴᠢᠯᠡᠭᠡ ᠶᠢ ᠴᠢᠩᠭᠠᠳᠬᠠᠨ ᠮᠠᠯ ᠲᠠᠷᠢᠶᠠᠯᠠᠩ ᠠᠵᠤ ᠠᠬᠤᠢ ᠶᠢᠨ ᠨᠠᠩ ᠰᠠᠶᠢᠨ ᠬᠥᠭᠵᠢᠯᠲᠡ ᠶᠢ ᠠᠭᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ  ᠰᠠᠭᠤᠷᠢᠰᠢᠬᠤ ᠣᠷᠴᠢᠨ ᠢ ᠴᠡᠭᠴᠡᠯᠡᠨ ᠵᠠᠰᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠢᠯᠢᠳᠡᠭᠵᠢᠭᠦᠯᠦᠨ ᠦᠵᠡᠯ ᠰᠠᠨᠠᠭᠠᠨ ᠤ ᠲᠠᠯ᠎ᠠ᠂ ᠠᠮᠢᠳᠤᠷᠠᠯ ᠤᠨ ᠲᠠᠯ᠎ᠠ᠂ ᠤᠯᠤᠰ ᠲᠦᠷᠦ ᠶᠢᠨ ᠲᠠᠯ᠎ᠠ ᠪᠠᠷ ᠢᠯᠡᠭᠦᠬᠡᠨ ᠬᠠᠯᠠᠮᠵᠢᠯᠠᠬᠤ ᠬᠡᠷᠡᠭᠲᠡᠢ᠃ ᠪᠦᠬᠦ ᠬᠤᠲᠠ ᠶᠢᠨ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ ᠰᠢᠯᠭᠠᠨ ᠦᠨᠡᠯᠡᠬᠦ ᠪᠠᠷᠢᠮᠵᠢᠶ᠎ᠠ ᠲᠠᠢ ᠬᠠᠷᠢᠴᠠᠭᠤᠯᠤᠨ ᠪᠠᠶᠢᠴᠠᠭᠠᠯᠳᠠ ᠶᠢ ᠤᠭᠲᠤᠬᠤ ᠬᠠᠮᠢᠶ᠎ᠠ ᠪᠥᠬᠦᠶ ᠠᠵᠢᠯ ᠢ ᠰᠠᠶᠢᠨ ᠭᠢᠭᠦ ᠭᠡᠷᠡᠭᠳᠠᠢ᠃ ᠴᠡᠷᠢᠭ ᠠᠴᠠ ᠬᠠᠯᠠᠭᠳᠠᠭᠰᠠᠳ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠶᠢ ᠤᠷᠮᠠᠰᠢᠭᠤᠯᠤᠨ ᠵᠣᠷᠢᠭᠵᠢᠭᠤᠯᠵᠤ ᠪᠣᠯᠪᠠᠰᠤᠨ ᠬᠤᠲᠠ ᠶᠢᠨ ᠡᠬᠦᠳᠦᠨ ᠪᠠᠶᠢᠭᠤᠯᠤᠯᠲᠠ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡᠵᠢᠬᠦᠯᠭᠡ ᠵᠡᠷᠭᠡ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠤᠷᠤᠯᠴᠠᠬᠤ ᠶᠢ ᠬᠥᠲᠥᠯᠥᠨ ᠵᠢᠯᠣᠭᠤᠳᠴᠤ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠭᠡᠷᠡᠭᠳᠠᠢ ᠭᠡᠵᠡᠢ᠃      ᠬᠤᠷᠠᠯ ᠠᠴᠠ ᠪᠠᠰᠠ ᠪᠤᠰᠤᠳ ᠬᠡᠷᠡᠭ ᠤᠴᠢᠷ ᠢ ᠰᠤᠳᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号