8 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠨᠠᠮ ᠤᠨ ᠬᠤᠷᠢᠶᠠᠨ ᠤ ᠪᠠᠭ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠵᠠᠷᠯᠢᠭ ᠢ ᠨᠡᠶᠢᠲᠡᠯᠡᠬᠦ ᠶᠡᠭᠡ ᠬᠤᠷᠠᠯ ᠢ | ᠬᠤᠷᠠᠯᠳᠤᠭᠤᠯᠵᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠴᠡᠷᠢᠭ ᠤᠨ ᠬᠤᠪᠢᠶᠠᠷᠢ | ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠭᠤᠤ ᠳ᠋ᠧ ᠴᠢᠤᠸᠠᠨ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨᠤ ᠡᠷᠬᠢᠯᠡᠭᠴᠢ ᠪᠤᠶᠠᠨᠮᠠᠨᠳᠤᠬᠤ ᠵᠡᠷᠭᠡ ᠬᠤᠰᠢᠭᠤ | ᠰᠢᠶᠠᠨ ᠤ ᠲᠠᠰ ᠤᠨ ᠪᠥᠭᠦ ᠤᠳᠤᠷᠢᠳᠤᠯᠭ᠎ᠠ ᠬᠤᠷᠠᠯ ᠳᠤ ᠣᠷᠣᠯᠴᠠᠵᠤ ᠬᠤᠰᠢᠭᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ ᠼᠦᠢ ᠵᠧᠩ ᠸᠧᠨ ᠬᠤᠷᠠᠯ ᠢ ᠡᠷᠬᠢᠯᠡᠪᠡ᠃ | | | | | | | ᠬᠤᠷᠠᠯ ᠳᠡᠭᠡᠷ᠎ᠡ ᠭᠤᠤ ᠳ᠋ᠧ ᠴᠢᠤᠸᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ | ᠪᠠᠲᠤᠯᠠᠨ ᠬᠠᠮᠠᠭᠠᠯᠠᠯᠳᠠ ᠶᠢᠨ ᠳᠠᠶᠢᠴᠢᠯᠠᠯᠲᠠ ᠶᠢᠨ ᠬᠡᠯᠲᠡᠰ ᠤᠨ ᠲᠤᠰᠢᠶᠠᠯ ᠬᠠᠷᠢᠭᠤᠴᠠᠬᠤ ᠵᠠᠷᠯᠢᠭ ᠪᠣᠯᠤᠨ ᠨᠠᠮ ᠤᠨ | ᠲᠤᠳᠤᠭᠠᠳᠤ ᠶᠢᠨ ᠲᠤᠰᠢᠶᠠᠯ ᠬᠠᠷᠢᠭᠤᠴᠠᠬᠤ ᠮᠡᠳᠡᠭᠳᠡᠯ ᠢ ᠨᠡᠶᠢᠲᠡᠯᠡᠵᠦ ᠵᠸᠤ ᠢᠦ᠋ᠶ ᠮᠢᠩ ᠨᠥᠬᠦᠷ ᠢ ᠬᠤᠰᠢᠭᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠷ ᠲᠤᠮᠢᠯᠠᠵᠤ ᠬᠤᠰᠢᠭᠤ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠤᠤᠯ ᠤᠨ ᠳᠠᠷᠤᠭ᠎ᠠ ᠬᠤᠸᠠᠩ ᠳ᠋ᠠᠨ ᠨᠥᠬᠦᠷ ᠢ ᠣᠷᠳᠣᠰ ᠤᠨ ᠴᠡᠷᠢᠭ ᠤᠨ ᠬᠤᠪᠢᠶᠠᠷᠢ | ᠲᠣᠭᠤᠷᠢᠭ ᠤᠨ ᠲᠡᠶᠢᠨ ᠤ ᠪᠡᠯᠡᠳᠬᠡᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠶᠢᠨ ᠲᠤᠰᠢᠶᠠᠯ ᠳᠤ | ᠲᠣᠮᠢᠯᠠᠪᠠ᠃ | | | | | | | | | | | | ᠵᠧᠦ ᠢᠦ᠋ᠢ ᠮᠢᠩ ᠢᠯᠡᠷᠭᠡᠶᠢᠯᠡᠬᠦ ᠳᠤ ᠪᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠬᠡᠯᠲᠡᠰ ᠤᠨ ᠵᠠᠷᠯᠢᠭ ᠢ ᠡᠷᠡᠰ ᠳᠠᠭᠠᠵᠤ ᠠᠵᠢᠯᠴᠢ | ᠬᠢᠴᠢᠶᠡᠩᠭᠦᠶ ᠪᠠᠷ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠨ ᠯᠠᠪᠳᠠᠭᠤᠨ ᠪᠠᠲᠤᠲᠠᠶ ᠠᠵᠢᠯᠯᠠᠵᠤ ᠦᠨᠡᠨ ᠢ | ᠪᠠᠷᠢᠮᠲᠠᠯᠠᠨ ᠪᠣᠳᠠᠲᠠᠶ ᠶᠢ ᠡᠷᠭᠢᠮᠯᠠᠵᠤ ᠪᠦᠯᠬᠦᠮᠳᠡᠯ ᠢ ᠴᠢᠩᠭᠠᠳᠬᠠᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ | ᠠᠷᠠᠳ ᠤᠨ ᠵᠡᠪᠰᠡᠭᠲᠦ ᠬᠦᠴᠦᠨ ᠤ ᠭᠡᠯᠳᠡᠰ ᠤᠨ ᠡᠯ᠎ᠡ ᠲᠥᠷᠤᠯ ᠤᠨ ᠠᠵᠢᠯ ᠤᠨ ᠡᠭᠦᠷᠭᠡ ᠶᠢ ᠥᠨᠳᠥᠷ | ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ ᠦᠣᠰᠢᠨ ᠬᠤᠰᠢᠭᠤᠨ ᠤ ᠡᠶ᠎ᠡ ᠵᠣᠬᠢᠴᠠᠩᠭᠤᠢ᠂ ᠲᠣᠭᠲᠠᠭᠤᠨ | ᠬᠥᠭᠵᠢᠯᠲᠡ ᠳᠤ ᠦᠵᠡᠭᠦᠯᠪᠡᠰᠦ ᠵᠤᠭᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃ | ᠭᠤᠤ ᠳ᠋ᠧ ᠴᠢᠤᠸᠠᠨ ᠶᠠᠷᠢᠶᠠᠨ ᠳᠠᠭᠠᠨ᠂ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠶᠢᠷ᠎ᠠ ᠶᠢᠨ ᠵᠢᠯ ᠤᠨ ᠠᠵᠢᠯ ᠢ ᠨᠤᠳᠠᠯᠠᠵᠤ | ᠴᠢᠬᠤᠯᠠᠴᠢᠯᠠᠬᠤ ᠳᠤ ᠪᠠᠨ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ ᠠᠵᠢᠯ ᠥᠢᠯᠡᠰ ᠤᠨ | ᠲᠤᠬᠠᠶ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠤᠢ ᠪᠤᠯᠭᠠᠬᠤ ᠭᠡᠷᠡᠭᠳᠠᠢ᠃ ᠨᠠᠮ ᠤᠨ | ᠬᠤᠷᠢᠶᠠᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ ᠤᠳᠤᠷᠢᠳᠬᠤ ᠪᠠᠭ ᠤᠨ ᠪᠥᠯᠭᠦᠮᠳᠠᠯ ᠢ | ᠬᠠᠮᠠᠭᠠᠯᠠᠵᠤ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠬᠤ ᠲᠦᠪᠰᠢᠨ ᠢ ᠳᠡᠭᠡᠭᠰᠢᠯᠡᠭᠦᠯᠤᠨ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠰᠠᠶᠢᠨ ᠰᠠᠶᠢᠬᠠᠨ ᠲᠦᠷᠢ ᠪᠠᠶᠢᠳᠠᠯ ᠢ ᠪᠤᠢ ᠪᠤᠯᠭᠠᠬᠤ ᠭᠡᠷᠡᠭᠳᠠᠢ᠃ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠢᠮᠠᠭᠲᠠ ᠪᠦᠬᠦ ᠲᠠᠯ᠎ᠠ ᠶᠢᠨ ᠦᠨᠳᠦᠷᠴᠡ ᠳᠤ ᠵᠣᠭᠰᠣᠵᠤ ᠴᠡᠷᠢᠭ | ᠢ ᠪᠤᠯᠪᠠᠰᠤᠷᠠᠭᠤᠯᠬᠤ ᠠᠵᠢᠯ ᠢ ᠯᠠᠪᠳᠠᠭᠤᠨ ᠢᠶᠠᠷ ᠠᠭᠢᠭᠤᠯᠤᠨ ᠥᠢᠯᠡᠴᠢᠯᠡᠭᠡᠨ ᠤ ᠵᠣᠷᠢᠯᠲᠠ ᠶᠢ ᠥᠢᠯᠡᠳᠤᠯᠭᠡᠵᠢᠭᠦᠯᠵᠤ | ᠣᠷᠣᠨ ᠨᠤᠲᠤᠭᠤᠨ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠣᠷᠣᠯᠴᠠᠵᠤ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠪᠠᠶᠢᠭᠤᠯᠤᠯᠲᠠ ᠳᠤ | ᠢᠯᠡᠭᠦᠬᠡᠨ ᠬᠤᠪᠢ ᠨᠡᠮᠡᠷᠢ ᠥᠵᠠᠭᠦᠯᠤᠨ ︽ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ | ᠬᠦᠷᠢᠶᠡᠯᠡᠬᠦ︾ ᠰᠢᠨ᠎ᠡ ᠬᠠᠭᠤᠳᠠᠰᠤ ᠶᠢ ᠪᠢᠴᠢᠭᠯᠡᠭᠦ ᠭᠡᠷᠡᠭᠳᠠᠢ ᠭᠡᠵᠡᠢ᠃ |