ᠪᠦᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠲᠦᠷᠪᠡᠳᠦᠭᠡᠷ ᠬᠤᠭᠤᠴᠠᠭᠠᠨ ᠤ ᠠᠵᠢᠯᠲᠠᠳ ᠤᠨ ᠪᠡᠶ᠎ᠡ ᠲᠠᠮᠢᠷ ᠤᠨ ᠴᠤᠭᠯᠠᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 18 ᠤ ᠡᠳᠦᠷ᠂ ᠪᠦᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠲᠦᠷᠪᠡᠳᠦᠭᠡᠷ ᠬᠤᠭᠤᠴᠠᠭᠠᠨ ᠤ ᠠᠵᠢᠯᠲᠠᠳ ᠤᠨ ᠪᠡᠶ᠎ᠡ ᠲᠠᠮᠢᠷ ᠤᠨ ᠴᠤᠭᠯᠠᠭᠠᠨ ᠮᠠᠨ ᠤ ᠬᠤᠰᠢᠭᠤᠨ  ᠳᠤ ᠡᠭᠢᠯᠠᠯ᠎ᠠ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠯᠸᠢ · ᠰᠡᠷᠡᠩ  ᠪᠤᠯᠤᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ  ᠤᠨ ᠳᠡᠳ᠋ ᠡᠷᠬᠢᠯᠡᠭᠴᠢ ᠵᠣᠣ ᠭᠦᠸᠧ ᠰᠢᠶᠠᠩ᠂ ᠪᠠᠶᠠᠨᠴᠢᠮᠡᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠲᠤᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ ᠭᠧᠩ ᠲᠤᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠠᠭᠤᠯᠠ᠂ ᠯᠢᠨ ᠶᠦᠩ ᠭᠠᠩ ᠡᠬᠢᠯᠡᠯᠲᠡ ᠶᠢᠨ ᠶᠣᠰᠣᠯᠠᠯ ᠳᠤ ᠤᠷᠤᠯᠴᠠᠯ᠎ᠠ᠃
     ᠡᠬᠢᠯᠡᠯᠲᠡ ᠶᠢᠨ ᠶᠣᠰᠣᠯᠠᠯ ᠳᠡᠭᠡᠷ᠎ᠡ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠡᠯᠡᠭᠦ ᠳᠤ ᠪᠠᠨ ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠺᠠᠳ᠋ᠷ ᠠᠵᠢᠯᠲᠠᠨ ᠤ ᠪᠡᠶ᠎ᠡ ᠮᠠᠬᠠᠪᠣᠳ ᠢᠶᠠᠨ ᠲᠠᠪᠲᠠᠨ ᠪᠤᠯᠪᠠᠰᠤᠷᠠᠭᠤᠯᠬᠤ ᠴᠢᠬᠤᠯᠠ ᠲᠠᠪᠴᠠᠩ ᠮᠥᠨ᠂ ᠮᠦᠨᠴᠤ ᠡᠯ᠎ᠡ ᠺᠠᠳ᠋ᠷ ᠠᠵᠢᠯᠲᠠᠨ ᠤ ᠠᠮᠢᠵᠢᠷᠠᠯ ᠤᠨ ᠬᠦᠴᠦᠨ ᠢ ᠬᠦᠭᠵᠢᠭᠡᠨ ᠨᠦᠬᠦᠷᠰᠡᠭ ᠬᠠᠷᠢᠴᠠᠭ᠎ᠠ ᠶᠢ ᠨᠡᠮᠡᠭᠳᠡᠭᠦᠯᠬᠦ ᠬᠥᠭᠦᠷᠭᠡ ᠪᠠ ᠬᠤᠯᠪᠣᠭᠠᠰᠤ ᠪᠤᠯᠤᠨ᠎ᠠ᠃ ᠪᠢᠳᠡ ᠨᠠᠷᠢᠨ ᠵᠦᠢᠯ ᠠᠴᠠ ᠭᠠᠷᠳᠠᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠭᠢᠵᠤ ᠨᠠᠮᠴᠢ ᠴᠢᠨᠠᠷ ᠢ ᠲᠠᠪᠳᠠᠨ  ᠪᠤᠯᠪᠠᠰᠤᠷᠠᠭᠤᠯᠬᠤ᠂ ᠰᠤᠶᠤᠯ ᠢ ᠤᠬᠠᠭᠤᠯᠬᠤ᠂ ᠨᠥᠭᠦᠷᠯᠠᠯ ᠢ ᠵᠤᠵᠠᠭᠠᠳᠬᠠᠬᠤ ᠠᠵᠢᠯᠯᠠᠭ᠎ᠠ ᠪᠤᠯᠭᠠᠬᠤ ᠶᠤᠮ᠃ ᠡᠭᠦᠨ ᠤ ᠬᠠᠮᠲᠤ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠲᠣᠬᠢᠶᠠᠯ ᠪᠣᠯᠭᠠᠵᠤ ᠮᠠᠨ ᠤ ᠬᠤᠰᠢᠭᠤᠨ ᠤ ᠥᠷᠨᠢᠭᠦᠯᠵᠦ ᠪᠠᠶᠢᠭ᠎ᠠ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠬᠦᠯᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠡᠬᠡᠵᠢᠬᠦᠯᠦᠨ ᠦᠨᠳᠦᠰᠦᠲᠡᠨ ᠨᠦᠭᠦᠳ ᠨᠢᠭᠲᠠᠷᠠᠨ ᠪᠦᠯᠬᠦᠮᠳᠡᠵᠦ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠤᠭᠴᠠᠯᠠᠬᠤ ᠶᠢ ᠠᠭᠢᠭᠤᠯᠬᠤ ᠶᠤᠮ ᠭᠡᠪᠡ᠃        ᠯᠸᠢ · ᠰᠡᠷᠡᠩ ᠠᠴᠠ ᠪᠡᠶ᠎ᠡ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃      ᠲᠤᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠳᠤ ᠤᠷᠳᠤᠰ ᠬᠤᠲᠠ᠂ ᠳ᠋ᠦᠩᠱᠧᠩ ᠲᠤᠭᠤᠷᠢᠭ᠂ ᠬᠢᠶ᠎ᠡ ᠪᠠᠭᠰᠢ ᠲᠤᠭᠤᠷᠢᠭ᠂ ᠲᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ᠂ ᠤᠲᠤᠭ ᠤᠨ ᠡᠮᠦᠨᠡᠲᠤ ᠬᠤᠰᠢᠭᠤ᠂ ᠦᠥᠰᠢᠨ ᠬᠤᠰᠢᠭᠤ ᠵᠡᠷᠭᠡ ᠡᠯ᠎ᠡ ᠬᠤᠲᠠ᠂ ᠬᠤᠰᠢᠭᠤ᠂ ᠲᠤᠭᠤᠷᠢᠭ ᠤᠨ ᠬᠡᠷᠡᠭ ᠡᠷᠬᠢᠯᠡᠬᠦ ᠵᠦᠪᠯᠡᠯ ᠤᠨ 228 ᠠᠵᠢᠯᠲᠠᠳ ᠤᠷᠤᠯᠴᠠᠭᠰᠠᠨ ᠪᠠᠶᠢᠨ᠎ᠠ᠃      ᠤᠷᠳᠤᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠲᠠᠨ ᠲᠦᠭᠡᠮᠡᠯ᠄ ︽ᠪᠢ ᠡᠨᠡ ᠤᠳᠠᠭᠠᠨ ᠤ ᠲᠠᠮᠢᠷ ᠤᠨ ᠬᠦᠳᠡᠯᠭᠡᠭᠡᠨ ᠳᠤ ᠢᠳᠡᠪᠬᠢᠲᠠᠢ ᠤᠷᠤᠯᠴᠠᠨ ᠪᠡᠶ᠎ᠡ ᠮᠠᠬᠠᠨᠪᠤᠳ ᠢᠶᠠᠨ ᠴᠢᠭᠢᠷᠠᠭᠵᠢᠭᠤᠯᠬᠤ ᠪᠠᠷ ᠪᠠᠷᠠᠬᠤ ᠦᠭᠡᠢ ᠪᠠᠰᠠ ᠠᠵᠢᠯ ᠤᠨ ᠲᠠᠯ᠎ᠠ ᠪᠠᠷ ᠢᠯᠡᠭᠦᠬᠡᠨ ᠬᠠᠮᠲᠦ ᠠᠵᠢᠯᠲᠠᠨ ᠲᠠᠢ ᠪᠠᠨ ᠬᠠᠮᠲᠤᠷᠠᠨ ᠪᠦᠯᠬᠦᠮᠲᠡᠵᠤ ᠠᠵᠢᠯ ᠢᠶᠠᠨ ᠨᠡᠩ ᠰᠡᠶᠢᠬᠠᠨ ᠦᠷᠨᠢᠭᠦᠯᠬᠦ ᠶᠢᠨ ᠲᠦᠯᠤᠭᠡ ᠴᠢᠷᠮᠡᠶᠢᠵᠤ ᠶᠠᠪᠤᠶ᠎ᠠ ᠭᠡᠵᠤ ᠪᠤᠳᠤᠵᠤ ᠪᠡᠶᠢᠨ᠎ᠠ︾ ᠬᠡᠵᠤ ᠶᠠᠷᠢᠵᠤ ᠪᠠᠶᠢᠯ᠎ᠠ᠃      ᠡᠨᠡᠬᠦ ᠪᠠᠶ᠎ᠠ ᠲᠠᠮᠢᠷ ᠤᠨ ᠴᠤᠭᠯᠠᠭᠠᠨ ᠲᠡᠭᠡᠷ᠎ᠡ ᠪᠦᠬᠡ ᠪᠠᠷᠢᠯᠳᠤᠬᠤ᠂ ᠨᠤᠮᠤ ᠬᠠᠷᠪᠤᠬᠤ᠂ ᠪᠢᠯᠠᠭᠤ ᠰᠢᠳᠡᠬᠦ᠂ ᠲᠡᠭᠡᠰᠦ ᠦᠰᠦᠷᠬᠦ᠂ ᠲᠡᠭᠡᠰᠦ ᠲᠠᠲᠠᠬᠤ ᠪᠠ ᠮᠤᠩᠭᠤᠯ ᠰᠢᠲᠠᠷ᠎ᠠ᠂ ᠫᠢᠩ ᠫᠠᠩ ᠪᠦᠮᠪᠦᠭᠡ᠂ ᠦᠳᠦᠨ ᠪᠦᠮᠪᠦᠭᠡ᠂ ᠠᠯᠠᠭᠠᠳᠠᠬᠤ ᠪᠦᠮᠪᠦᠭᠡ᠂ ᠰᠠᠨᠰᠤᠨ ᠪᠦᠮᠪᠦᠭᠡ ᠨᠠᠭᠠᠳᠬᠤ ᠵᠡᠷᠭᠡ ᠤᠯᠠᠨ ᠲᠦᠷᠦᠯ ᠤᠨ ᠤᠷᠤᠯᠳᠤᠭᠠᠨ ᠢ ᠶᠠᠪᠤᠭᠳᠠᠭᠤᠯᠬᠤ ᠪᠠᠷ ᠪᠤᠢ᠃      ᠤᠶᠢᠯᠠᠭᠠᠭᠰᠠᠨ ᠢᠶᠠᠷ᠂ ᠲᠤᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠢ ᠤᠷᠳᠤᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ ᠮᠠᠨ ᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠲᠠᠭᠠᠭᠠᠴᠢᠯᠠᠨ ᠡᠷᠬᠢᠯᠡᠵᠦ 8 ᠰᠠᠷ᠎ᠠ ᠶᠢᠨ 18 ᠤ ᠡᠳᠦᠷ ᠠᠴᠠ 20 ᠤ ᠡᠳᠦᠷ ᠪᠤᠯᠲᠠᠯ᠎ᠠ ᠶᠠᠪᠤᠭᠳᠠᠬᠤ ᠪᠠᠷ ᠪᠠᠶᠢᠨ᠎ᠠ᠃      ᠮᠠᠨ ᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠵᠢᠷᠭᠠᠯ᠄ ︽ᠪᠠᠶ᠎ᠠ ᠲᠠᠮᠢᠷ ᠤᠨ ᠴᠤᠭᠯᠠᠭᠠᠨ ᠬᠢᠳᠡᠭ ᠨᠢ ᠠᠵᠢᠯᠲᠠᠨ ᠠᠵᠢᠯᠴᠢᠨ ᠤ ᠡᠷᠡᠬᠦᠯ ᠴᠢᠬᠢᠷᠠᠭ ᠤᠨ ᠲᠦᠯᠦᠬᠡ ᠪᠤᠳᠤᠯᠬᠢᠯᠠᠵᠤ ᠨᠡᠶᠢᠬᠡᠮ ᠲᠠᠶᠠᠭᠠᠷ ᠲᠤ ᠤᠬᠠᠭᠤᠯᠬᠤ ᠮᠦᠷᠲᠡᠭᠡᠨ ᠪᠡᠶ᠎ᠡ ᠲᠠᠮᠢᠷ ᠰᠤᠶᠤᠯ ᠤᠨ ᠦᠢᠯᠡᠰ ᠢ ᠬᠦᠭᠵᠢᠬᠦᠯᠵᠦ ᠬᠤᠵᠢᠮ ᠳᠤ  ᠪᠠᠨ ᠡᠨᠡ ᠲᠠᠯ᠎ᠠ ᠶᠢᠨ ᠦᠢᠯᠡᠰ ᠢ ᠤᠯᠠᠮ ᠬᠦᠭᠵᠢᠬᠦᠯᠬᠦ ᠵᠤᠷᠢᠯᠭ᠎ᠠ ᠲᠠᠢ︾ ᠬᠡᠪᠡ᠃      ᠲᠤᠰ ᠤᠳᠠᠭᠠᠨ ᠤ ᠪᠠᠶ᠎ᠠ ᠲᠠᠮᠢᠷ ᠤᠨ ᠴᠤᠭᠯᠠᠭᠠᠨ ᠨᠢ ᠡᠯ᠎ᠡ ᠬᠤᠲᠠ᠂ ᠬᠤᠰᠢᠭᠤ ᠲᠤᠭᠤᠷᠢᠭ ᠤᠨ ᠠᠵᠢᠯᠲᠠᠳ ᠤᠨ ᠨᠦᠬᠦᠷᠰᠡᠭ ᠬᠠᠷᠢᠴᠠᠭ᠎ᠠ ᠶᠢ ᠵᠤᠵᠠᠭᠠᠳᠬᠠᠬᠤ ᠪᠠᠷ ᠪᠠᠷᠠᠬᠤ ᠦᠬᠡᠢ ᠰᠤᠶᠤᠯ ᠤᠨ ᠰᠤᠯᠢᠯᠴᠠᠭ᠎ᠠ ᠶᠢ ᠪᠠᠬᠢᠵᠢᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号