8 ᠰᠠᠷ᠎ᠠ ᠶᠢᠨ 18 ᠤ ᠡᠳᠦᠷ᠂ ᠮᠠᠨ ᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠤᠳᠠᠭᠠᠨ ᠤ ᠬᠤᠷᠠᠯ | ᠬᠤᠷᠠᠯᠳᠤᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠡᠳ᠋ ᠡᠷᠬᠢᠯᠡᠭᠴᠢ ᠯᠢ ᠰᠢᠤ ᠹᠧᠩ᠂ ᠸᠠᠩ ᠶᠥᠩ ᠴᠢᠩ᠂ ᠸᠠᠩ ᠵᠢᠷᠭᠠᠯ᠂ ᠡᠾᠧ ᠤᠯᠠᠭᠠᠨ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠬᠤᠷᠠᠯ ᠳᠤ | ᠣᠷᠣᠯᠴᠠᠵᠤ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ | ᠰᠦᠨ ᠰᠢᠶᠣᠤ ᠴᠢᠶᠠᠩ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠽᠦᠸᠧ | ᠴᠧᠨ ᠭᠤᠸᠠᠩ᠂ ᠬᠤᠰᠢᠭᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠡᠰᠡᠭ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠷᠢᠭᠤᠴᠠᠯᠭᠠᠲᠠᠨ ᠪᠣᠯᠤᠨ ᠬᠡᠰᠡᠭ ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ ᠬᠤᠷᠠᠯ ᠳᠤ | ᠰᠤᠯᠠ ᠣᠷᠣᠯᠴᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠷᠠᠯ ᠢ ᠡᠷᠬᠢᠯᠡᠪᠡ᠃ | | | | | | | ᠬᠤᠷᠠᠯ ᠳᠡᠭᠡᠷ᠎ᠡ ︽ᠨᠢᠭᠡ ᠣᠷᠳᠣᠨ ᠬᠤᠶᠠᠷ ᠬᠤᠷᠢᠶ᠎ᠠ︾ ᠶᠢᠨ 2020 ᠣᠨ ᠤ ᠳᠡᠭᠡᠷ᠎ᠡ ᠬᠠᠭᠠᠰ ᠵᠢᠯ ᠤᠨ | ᠠᠵᠢᠯ ᠤᠨ ᠮᠡᠳᠡᠭᠦᠯᠦᠯᠲᠡ ᠵᠢᠴᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ︽ᠨᠢᠭᠡ ᠣᠷᠳᠣᠨ ᠬᠤᠶᠠᠷ ᠬᠤᠷᠢᠶ᠎ᠠ︾ ᠶᠢᠨ ᠪᠠᠶᠢᠴᠠᠭᠠᠯᠲᠠ ᠶᠢᠨ ᠮᠡᠳᠡᠭᠦᠯᠦᠯᠲᠡ᠂ ᠬᠤᠰᠢᠭᠤ | ᠠᠷᠠᠳ ᠤᠨ ᠵᠠᠰᠠᠭ ᠤᠨ ᠣᠷᠳᠣᠨ ᠤ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠥᠢᠯ ᠤᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ 2019 ᠣᠨ ᠤ ᠬᠢᠨᠠᠨ ᠪᠣᠳᠣᠯᠲᠠ ᠪᠠᠷ | ᠪᠠᠶᠢᠴᠠᠭᠠᠨ ᠭᠠᠷᠭᠠᠭᠰᠠᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ | 2020 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ 2019 ᠣᠨ ᠤ ᠤᠯᠤᠰ ᠤᠨ | ᠥᠮᠴᠢᠯᠠᠯᠳᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠤᠨᠤᠰᠬᠤ ᠶᠢᠨ ᠬᠠᠮᠳᠤ ᠭᠢᠨᠠᠨ ᠵᠥᠪᠯᠠᠪᠠ᠃ | ᠪᠤᠶᠠᠨᠮᠠᠨᠳᠤᠬᠤ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠬᠤᠰᠢᠭᠤ ᠨᠠᠮ ᠤᠨ | ᠬᠤᠷᠢᠶᠠᠨ ᠤ ᠪᠦᠬᠦ ᠭᠡᠰᠢᠭᠦᠳ ᠤᠨ ᠬᠤᠷᠠᠯ ᠪᠣᠯᠤᠨ ᠬᠤᠰᠢᠭᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭᠠᠨ ᠤ ᠲᠤᠭᠤᠷᠢᠨ | ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠬᠠᠷᠠᠯᠲᠠ ᠡᠭᠦᠷᠭᠡ ᠲᠠᠢ ᠤᠶᠠᠯᠳᠤᠭᠤᠯᠤᠨ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠭᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ ᠬᠥᠳᠡᠭᠡ ᠲᠣᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠭᠥᠭᠵᠢᠭᠦ ᠶᠢ ᠠᠭᠢᠭᠤᠯᠬᠤ ᠭᠡᠷᠡᠭᠳᠠᠢ ᠭᠡᠵᠡᠢ᠃ | ᠪᠤᠶᠠᠨᠮᠠᠨᠳᠤᠬᠤ ᠱᠠᠭᠠᠷᠳᠠᠬᠤ ᠳᠤ ᠪᠠᠨ᠂ ᠵᠢᠯ ᠤᠨ ᠡᠬᠢᠨ ᠤ ᠬᠠᠷᠠᠯᠲᠠ ᠲᠠᠢ ᠨᠢᠠᠠᠲᠠ ᠤᠶᠠᠯᠳᠤᠭᠤᠯᠤᠨ ᠡᠯ᠎ᠡ | ᠲᠥᠷᠤᠯ ᠤᠨ ᠠᠵᠢᠯ ᠢ ᠱᠠᠯᠠᠪᠳᠠᠨ ᠠᠬᠢᠭᠤᠯᠵᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠠᠰᠠᠭ ᠤᠨ ᠣᠷᠳᠣᠨ ᠤ ᠲᠣᠭᠲᠠᠭᠠᠭᠰᠠᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠬᠠᠷᠠᠯᠲᠠ ᠲᠠᠢ ᠬᠠᠷᠢᠴᠠᠭᠤᠯᠤᠨ ᠲᠥᠷᠥᠯ | ᠵᠥᠢᠯ ᠤᠨ ᠠᠬᠢᠴᠠ ᠶᠢ ᠲᠥᠷᠭᠡᠳᠭᠡᠨ ᠡᠯ᠎ᠡ ᠲᠥᠷᠤᠯ ᠤᠨ ᠠᠵᠢᠯ ᠢ ᠰᠠᠶᠢᠲᠤᠷ ᠭᠢᠭᠦ ᠭᠡᠷᠡᠭᠳᠠᠢ᠃ ᠬᠢᠨᠠᠨ ᠪᠤᠳᠤᠯᠳᠠ | ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠴᠡᠭᠴᠡᠯᠡᠨ ᠰᠠᠶᠢᠵᠢᠷᠠᠭᠤᠯᠬᠤ ᠳᠤ | ᠬᠦᠴᠢᠷᠲᠡᠶ ᠠᠰᠠᠭᠤᠳᠠᠯ ᠢ ᠨᠢᠭᠡᠳᠦᠯᠲᠡᠶ ᠲᠥᠯᠥᠪᠯᠡᠨ ᠡᠮᠬᠢᠯᠡᠵᠦ ᠰᠢᠢᠳᠪᠤᠷᠢᠯᠠᠭᠦ ᠠᠷᠭ᠎ᠠ ᠭᠡᠮᠵᠢᠶ᠎ᠠ ᠳᠤᠷᠠᠳᠬᠤ | ᠬᠡᠷᠡᠭᠲᠡᠶ᠃ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠤᠨ ᠬᠠᠷᠢᠭᠤᠴᠠᠯᠭᠠᠲᠤ ᠤᠬᠠᠮᠰᠠᠷ ᠢᠶᠠᠨ | ᠴᠢᠩᠭᠠᠳᠬᠠᠵᠤ ᠪᠦᠬᠦ ᠵᠢᠯ ᠤᠨ ᠲᠥᠯᠥᠪᠯᠡᠭᠡ ᠶᠢᠨ ᠬᠠᠷᠠᠯᠲᠠ᠂ ᠴᠢᠨᠠᠷ ᠰᠠᠶᠢᠲᠠᠶ ᠬᠥᠭᠵᠢᠯᠲᠡ ᠶᠢ ᠰᠢᠯᠭᠠᠨ ᠥᠨᠠᠯᠠᠭᠦ | ᠭᠥᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠤᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ ᠪᠦᠬᠦ ᠵᠢᠯ ᠤᠨ ᠡᠯ᠎ᠡ ᠲᠥᠷᠤᠯ ᠤᠨ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠳᠤᠯᠠᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠨᠠᠶᠢᠷᠠᠭᠤᠯᠤᠨ ᠲᠤᠭᠲᠠᠭᠠᠵᠤ | ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠭᠡᠷᠡᠭᠳᠠᠢ | ᠭᠡᠵᠡᠢ᠃ |