ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 18 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠡᠮᠴᠢᠶᠢᠨ ᠪᠠᠶᠠᠷ ᠬᠦᠷᠴᠤ ᠢᠷᠡᠬᠦ ᠲᠠᠰᠢᠷᠠᠮ ᠳᠤ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠦᠪ | ᠬᠤᠷᠢᠶᠠᠨ ᠤ ᠡᠮᠦᠨᠠᠡᠴᠠ ᠪᠦᠬᠦ ᠤᠯᠤᠰ ᠤᠨ ᠦᠷᠭᠡᠨ ᠤᠯᠠᠨ ᠡᠮᠨᠡᠯᠭᠡ ᠶᠢᠨ ᠠᠵᠢᠯᠳᠠᠳ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠴᠢᠩ ᠰᠡᠳᠭᠢᠯ ᠤᠨ ᠲᠤᠬᠤᠨᠢᠭᠤᠯᠤᠯ ᠳᠡᠪᠰᠢᠭᠦᠯᠪᠡ᠃ | ᠰᠢ ᠶᠢᠨ ᠫᠢᠩ᠂ ᠦᠷᠭᠡᠨ ᠤᠯᠠᠨ ᠡᠮᠨᠡᠯᠭᠡ ᠶᠢᠨ ᠠᠵᠢᠯᠳᠠᠨ ᠪᠤᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰᠤᠨ ᠬᠦᠭᠵᠢᠯᠳᠡ ᠶᠢ ᠠᠬᠢᠭᠤᠯᠬᠤ ᠴᠢᠬᠤᠯᠠ ᠬᠦᠴᠦᠨ ᠮᠦᠨ᠃ ᠰᠢᠨ᠎ᠠ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠦᠷᠭᠡᠨ ᠤᠯᠠᠨ ᠡᠮᠨᠡᠯᠭᠡ ᠶᠢᠨ ᠠᠵᠢᠯᠳᠠᠨ ᠨᠠᠮ | ᠪᠤᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠳᠤ ᠴᠡᠭᠡᠵᠢᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠮᠦᠨ᠎ᠠ ᠹᠷᠤᠨᠲ ᠲᠤ ᠡᠷᠡᠭᠡᠯᠵᠡᠯ ᠦᠭᠡᠢ ᠪᠠᠷ ᠬᠦᠷᠴᠤ᠂ ᠴᠠᠭ ᠮᠦᠴᠡ ᠲᠠᠢ ᠤᠷᠤᠯᠳᠤᠨ᠂ ᠡᠪᠡᠳᠴᠢᠨ | ᠡᠮᠬᠡᠭ ᠲᠠᠢ ᠲᠤᠯᠤᠯᠳᠤᠵᠤ᠂ ᠭᠠᠪᠰᠢᠭᠠᠢᠢᠯᠠᠨ ᠲᠡᠮᠡᠴᠡᠵᠤ᠂ ᠡᠳᠦᠷ ᠰᠦᠨᠢ ᠦᠭᠡᠢ ᠪᠠᠶᠢᠯᠳᠤᠨ᠂ ᠬᠢᠵᠢᠭ ᠲᠠᠢ | ᠲᠡᠮᠡᠴᠡᠬᠦ ᠳᠤ ᠰᠢᠷᠭᠠᠭᠤ ᠴᠢᠷᠮᠠᠶᠢᠯᠭ᠎ᠠ ᠭᠠᠷᠭᠠᠵᠤ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠤ᠂ ᠠᠮᠢ ᠨᠠᠰᠤ ᠶᠢ | ᠳᠡᠭᠡᠳᠦᠯᠡᠬᠦ᠂ ᠦᠬᠦᠯ ᠠᠴᠠ ᠠᠪᠤᠷᠠᠨ ᠰᠢᠷᠬᠠᠳᠤᠬᠰᠡᠳ ᠢ ᠲᠡᠩᠬᠡᠷᠡᠭᠦᠯᠬᠦ᠂ ᠳᠤᠷᠠᠳᠠᠶ᠎ᠠ ᠬᠤᠪᠢ ᠨᠡᠮᠡᠷᠢ ᠦᠵᠡᠭᠦᠯᠬᠦ᠂ | ᠦᠯᠡᠮᠵᠢ ᠶᠢᠨ ᠬᠠᠶᠢᠷ᠎ᠠ ᠪᠠᠨ ᠡᠷᠭᠦᠬᠦ ᠡᠷᠬᠢᠮ ᠳᠡᠭᠡᠳᠦ ᠵᠤᠷᠢᠭ ᠰᠠᠨᠠᠭ᠎ᠠ ᠶᠢ ᠢᠯᠡᠷᠡᠭᠦᠯᠵᠤ᠂ ᠨᠠᠮ ᠪᠤᠯᠤᠨ ᠠᠷᠠᠳ | ᠲᠦᠮᠡᠨ ᠤ ᠳᠡᠭᠡᠳᠤ ᠬᠡᠮᠵᠢᠶᠡᠨ ᠤ ᠦᠨᠡᠯᠡᠯᠳᠡ ᠶᠢ ᠤᠯᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠦᠷᠭᠡᠨ ᠤᠯᠠᠨ ᠡᠮᠨᠡᠯᠭᠡ ᠶᠢᠨ ᠠᠵᠢᠯᠳᠠᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠳᠠᠯᠠᠵᠤ᠂ ᠡᠮᠴᠢᠯᠡᠭᠡᠨ ᠤ ᠶᠤᠰᠤ ᠮᠤᠷᠠᠯ ᠢ ᠡᠷᠬᠢᠮᠯᠡᠵᠤ᠂ ᠡᠮᠴᠢᠯᠡᠭᠡᠨ ᠤ ᠮᠡᠷᠭᠡᠵᠢᠯ ᠢ ᠰᠢᠮᠳᠠᠨ | ᠰᠤᠳᠤᠯᠵᠤ᠂ ᠡᠮᠴᠢᠯᠡᠭᠡᠨ ᠤ ᠰᠤᠷᠳᠠᠯ ᠢ ᠪᠠᠳᠠᠷᠠᠭᠤᠯᠤᠨ᠂ ᠬᠦᠨᠳᠦ ᠡᠭᠦᠷᠭᠡ ᠶᠢ ᠵᠤᠷᠢᠭᠳᠠᠢ ᠡᠭᠦᠷᠭᠡᠯᠡᠵᠤ᠂ ᠠᠨᠠᠭᠠᠬᠤ | ᠤᠬᠠᠭᠠᠨ ᠤ ᠳᠠᠪᠰᠢᠯᠳᠠ ᠶᠢ ᠴᠢᠷᠮᠠᠶᠢᠨ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ | ᠠᠷᠠᠳ ᠲᠦᠮᠡᠨ ᠤ ᠡᠷᠡᠭᠦᠯ ᠮᠡᠨᠳᠤ ᠶᠢ ᠪᠠᠳᠤᠯᠠᠨ ᠠᠵᠠ ᠵᠢᠷᠭᠠᠯ ᠢ ᠨᠡᠮᠡᠭᠳᠡᠭᠦᠯᠬᠦ ᠳᠤ ᠰᠢᠨ᠎ᠠ ᠬᠤᠪᠢ ᠨᠡᠮᠡᠷᠢ | ᠦᠵᠡᠭᠦᠯᠬᠦ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ᠂ ᠨᠡᠶᠢᠭᠡᠮ | ᠳᠠᠶᠠᠭᠠᠷ ᠢᠶᠠᠨ ᠡᠮᠨᠡᠯᠭᠡ ᠶᠢᠨ ᠠᠵᠢᠯᠳᠠᠳ ᠢ ᠬᠠᠯᠠᠮᠵᠢᠯᠠᠨ ᠬᠠᠶᠢᠷᠠᠯᠠᠵᠤ᠂ ᠲᠡᠷᠢᠭᠦᠨ ᠤ ᠦᠢᠯᠡ ᠠᠵᠢᠯᠯᠠᠭ᠎ᠠ ᠶᠢ | ᠰᠤᠷᠳᠠᠯᠴᠢᠯᠠᠨ ᠪᠠᠳᠠᠷᠠᠭᠤᠯᠵᠤ᠂ ᠲᠤᠬᠠᠢᠢᠯᠠᠬᠰᠠᠨ ᠠᠵᠢᠯ ᠤᠨ ᠪᠤᠯᠪᠠᠰᠤᠷᠠᠯ ᠢ ᠴᠢᠩᠭᠠᠳᠬᠠᠵᠤ᠂ ᠵᠠᠮ ᠨᠡᠬᠡᠬᠡᠨ | ᠰᠢᠨ᠎ᠠ ᠶᠢ ᠡᠭᠦᠳᠬᠦ ᠶᠢ ᠳᠡᠮᠵᠢᠵᠤ᠂ ᠬᠦᠴᠢᠷ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠤ᠂ ᠨᠠᠶᠢᠭᠡᠮ | ᠳᠠᠶᠠᠭᠠᠷ ᠲᠤ ᠡᠮᠴᠢ ᠶᠢ ᠬᠦᠨᠳᠦᠯᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠪᠠᠶᠢᠳᠠᠯᠢ | ᠦᠷᠭᠡᠨ ᠢᠶᠠᠷ ᠪᠦᠷᠢᠯᠳᠦᠭᠦᠯᠬᠦ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | |