ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠡ ︽ᠲᠤᠮᠳᠠᠲᠤ ᠤᠯᠤᠰ ᠤᠨ ᠡᠮᠴᠢ ᠶᠢᠨ ᠪᠠᠶᠠᠷ︾ ᠢ ᠤᠳᠬ᠎ᠠ ᠲᠡᠬᠦᠯᠳᠡᠷ ᠲᠡᠮᠳᠡᠭᠯᠡᠯ᠎ᠡ
ᠨᠡᠶᠢᠲᠡᠯᠡᠭᠰᠡᠨ ᠴᠠᠭ᠄
2020/8/20
     ᠡᠮᠴᠢ ᠨᠠᠷ ᠤᠨ ᠪᠦᠬᠦ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠬᠦ᠂ ᠡᠷᠡᠬᠦᠯ ᠬᠠᠮᠠᠭᠠᠯᠠᠯ ᠤᠨ ᠦᠢᠯᠡᠰ ᠢ ᠲᠡᠭᠡᠳᠦᠯᠡᠬᠦ᠂ ᠦᠬᠡᠳᠡᠯᠡᠨ ᠲᠡᠪᠰᠢᠬᠤ ᠡᠷᠬᠢᠮ ᠲᠡᠭᠡᠲᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠲᠦᠯᠦᠬᠡ 8 ᠰᠠᠷ᠎ᠠ ᠶᠢᠨ 19 ᠤ ᠡᠳᠣᠷ ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠡ ︽ᠬᠢᠵᠢᠭ‌ᠢ ᠡᠰᠡᠷᠬᠦᠴᠡᠬᠦ ᠵᠤᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠦᠮᠡᠨ ᠤ ᠡᠷᠡᠬᠦᠯ ᠮᠡᠨᠲᠤ ᠶᠢ ᠬᠠᠯᠠᠮᠵᠢᠯᠠᠬᠤ︾ ᠭᠤᠤᠯ ᠰᠡᠳᠦᠪᠲᠤ ᠠᠵᠢᠯᠯᠠᠭᠠᠨ ᠢ ᠦᠷᠨᠢᠬᠦᠯᠵᠦ ᠭᠤᠷᠪᠠᠳᠠᠬᠢ ᠤᠳᠠᠭᠠᠨ ᠤ ︽ᠲᠤᠮᠳᠠᠲᠤ ᠤᠯᠤᠰ ᠤᠨ ᠡᠮᠴᠢ ᠶᠢᠨ ᠪᠠᠶᠠᠷ︾ ᠤᠨ ᠡᠳᠦᠷ ᠢ ᠪᠡᠯᠬᠡᠯᠡᠯ᠎ᠡ᠃      ᠠᠵᠢᠯᠯᠠᠭᠠᠨ ᠳᠤ᠂ ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠦᠬᠦ ᠠᠵᠢᠯᠳᠡᠳ ᠬᠠᠮᠳᠣᠪᠠᠷ ᠳᠤᠮᠳᠠᠳᠤ ᠤᠯᠤᠰ ᠤᠨ ᠡᠮᠴᠢ ᠶᠢᠨ ᠲᠤᠩᠬᠠᠭ ᠢ ᠤᠩᠰᠢᠨ ᠦᠵᠡᠭᠦᠯᠦᠯᠭᠡ ᠶᠢᠨ ᠰᠠᠮᠪᠠᠷ᠎ᠠ ᠳᠡᠭᠡᠷ᠎ᠡ ᠠᠮᠠᠯᠠᠯᠲᠠ ᠤᠨ ᠭᠠᠷ ᠤᠨ ᠦᠰᠦᠭ ᠵᠢᠷᠤᠬᠤ ᠶᠢᠨ ᠬᠠᠮᠲᠤ ᠡᠮᠴᠢ ᠨᠠᠷ ᠠᠴᠠ ᠡᠯ᠎ᠡ ᠠᠵᠢᠯ ᠲᠥᠷᠥᠯ ᠤᠨ ᠲᠤᠬᠠᠶ ᠣᠶᠢᠯᠠᠭᠠᠯᠲᠠ᠂ ᠡᠮᠴᠢ ᠶᠢᠨ ᠪᠠᠶᠠᠷ ᠤᠨ ᠲᠤᠬᠠᠶ ᠲᠥᠷᠥᠭᠳᠡᠯ᠂ ᠡᠮᠴᠢ ᠶᠢᠨ ᠮᠣᠷᠠᠯ ᠰᠤᠷᠲᠠᠯ᠂ ᠠᠵᠢᠯ ᠮᠡᠷᠭᠡᠵᠢᠯ ᠂ ᠠᠮᠢᠳᠤᠷᠠᠯ ᠵᠡᠷᠭᠡ ᠲᠠᠯ᠎ᠠ ᠪᠠᠷ ᠪᠣᠳᠣᠯ ᠰᠠᠨᠠᠯ ᠢᠶᠠᠨ ᠳᠡᠯᠭᠡᠵᠣ ᠰᠠᠭᠤᠨ ᠶᠠᠷᠢᠯᠴᠠᠯ᠎ᠠ᠃        ᠠᠵᠢᠯᠯᠠᠭᠠᠨ ᠳᠡᠭᠡᠷ᠎ᠡ ᠪᠠᠰᠠ ᠬᠠᠤᠯᠢ ᠴᠠᠭᠠᠵᠠ ᠬᠠᠤᠯᠢ ᠲᠦᠷᠢᠮ᠂ ᠡᠮ ᠡᠮᠨᠡᠯᠭᠡ ᠶᠢᠨ ᠭᠤᠤᠯᠯᠠᠬᠤ ᠳᠦᠷᠢᠮ ᠵᠡᠷᠭᠡ ᠭᠤᠤᠯ ᠠᠭᠤᠯᠭ᠎ᠠ ᠶᠢᠨ ᠳᠣᠭᠤᠷᠢᠨ ᠳᠤ ᠮᠡᠳᠡᠯᠭᠡ ᠶᠢᠨ ᠤᠷᠤᠯᠳᠤᠭᠠᠨ ᠢ ᠡᠷᠬᠢᠯᠡᠵᠣ ᠠᠵᠢᠯ ᠠᠴᠠ ᠪᠠᠨ ᠠᠮᠠᠷᠠᠭᠰᠠᠨ ᠴᠤ ᠮᠦᠨ ᠯᠡ ᠡᠮ ᠡᠮᠨᠡᠯᠬᠡ ᠶᠢᠨ ᠦᠢᠯᠡᠰ ᠲᠤ ᠬᠦᠴᠦ ᠪᠠᠨ ᠡᠷᠬᠦᠵᠦ ᠶᠠᠪᠤᠭ᠎ᠠ ᠨᠤᠷᠪᠤᠳᠠᠯᠠᠢ᠂ ᠰᠤᠶᠤᠯᠲᠤ ᠵᠡᠷᠭᠡ ᠠᠬᠠᠮᠠᠳ ᠡᠮᠴᠢ ᠳᠤ ᠰᠤᠷᠭᠤᠭ ᠴᠡᠴᠡᠭ ᠬᠦᠷᠭᠡᠨ ᠪᠤᠯᠭᠤᠭᠠᠨ ᠳᠣᠬᠤᠨᠢᠭᠤᠯᠣᠭᠰᠠᠨ ᠤ ᠬᠠᠮᠲᠣ ᠡᠮᠨᠡᠯᠭᠡ ᠶᠢᠨ ᠬᠤᠷᠢᠶᠠᠨ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠡᠷᠡᠭᠦᠯ ᠮᠡᠨᠳᠦ ᠶᠢᠨ ᠵᠥᠪᠯᠡᠯᠭᠡ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠤ ᠠᠷᠠᠳ ᠲᠦᠮᠡᠨ ᠳᠤ ᠦᠢᠯᠡᠴᠢᠯᠡᠬᠦ ᠬᠡᠯᠪᠡᠷᠢ ᠪᠠᠷ ᠪᠠᠶᠠᠷ ᠤᠨ ᠡᠳᠦᠷ ᠢᠶᠠᠨ ᠪᠡᠯᠭᠡᠯᠡᠵᠦ ᠪᠤᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠡᠷᠡᠬᠦᠯ ᠡᠩᠬᠡ ᠳᠤ ᠬᠤᠪᠢ ᠨᠡᠮᠡᠷᠢ ᠪᠠᠨ ᠡᠷᠬᠦᠭᠰᠡᠨ ᠪᠠᠶᠢᠨ᠎ᠠ᠃      ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠳᠠᠷᠤᠭ᠎ᠠ ᠮᠦᠩᠭᠡᠨᠠᠰᠤᠨ᠄ ︽ᠭᠤᠷᠪᠠᠳᠠᠬᠢ ᠤᠳᠠᠭᠠᠨ ᠤ ᠡᠮᠴᠢ ᠶᠢᠨ ᠪᠠᠶᠠᠷ ᠤᠨ ᠲᠠᠰᠢᠷᠠᠮ ᠢᠶᠠᠷ ᠪᠦᠬᠦ ᠡᠮᠴᠢ ᠨᠠᠷ ᠲᠤ ᠪᠠᠶᠠᠷ ᠤᠨ ᠡᠳᠦᠷ ᠤᠨ ᠮᠡᠨᠳᠦ ᠲᠡᠪᠰᠢᠬᠦᠯᠦᠶ᠎ᠡ᠂ ᠡᠨᠡ ᠪᠠᠶᠠᠷ ᠤᠨ ᠡᠳᠦᠷ ᠢ ᠪᠡᠯᠬᠡᠯᠡᠵᠦ ᠪᠠᠶᠢᠬᠤ ᠨᠢ ᠨᠠᠮ ᠵᠠᠰᠠᠭ ᠠᠴᠠ ᠮᠠᠨ ᠤ ᠡᠮᠴᠢ ᠶᠢᠨ ᠠᠵᠢᠯ ᠢ ᠬᠦᠨᠳᠦᠳᠬᠡᠵᠦ ᠪᠠᠶᠢᠬᠤ ᠶᠢᠨ ᠢᠯᠡᠷᠡᠯ᠂ ᠪᠠᠰᠠ ᠨᠢᠬᠡ ᠲᠠᠯ᠎ᠠ ᠪᠠᠷ ᠨᠡᠶᠢᠬᠡᠮ ᠤᠨ ᠡᠯ᠎ᠡ ᠡᠳᠡᠭᠡᠳ ᠠᠴᠠ ᠮᠠᠨ  ᠤ ᠡᠮᠴᠢ ᠶᠢᠨ ᠠᠵᠢᠯ ᠢ ᠤᠯᠠᠮ ᠮᠡᠳᠡᠷᠡᠵᠦ ᠬᠦᠨᠳᠦᠳᠬᠡᠵᠦ ᠪᠠᠶᠢᠭ᠎ᠠ ᠶᠢᠨ ᠪᠤᠳᠠᠲᠤ ᠢᠯᠡᠷᠡᠯ᠂ ᠪᠢᠳᠠ ᠡᠮᠴᠢ ᠪᠤᠯᠤᠭᠰᠠᠨ ᠤ ᠬᠤᠪᠢ ᠳᠤ ᠮᠡᠳᠡᠯᠭᠡ ᠶᠢᠨ ᠲᠠᠯ᠎ᠠ ᠪᠠᠷ ᠤᠶᠤᠨ ᠲᠡᠭᠦᠯᠳᠡᠷ᠂ ᠰᠡᠳᠬᠢᠯ ᠨᠢ ᠴᠠᠭᠠᠨ᠂ ᠲᠠᠩᠭᠠᠷᠢᠭ ᠨᠢ ᠠᠷᠢᠭᠤᠨ᠂ ᠡᠮᠴᠢᠯᠡᠬᠦ ᠳᠤ ᠮᠡᠷᠭᠡᠨ᠂ ᠠᠵᠢᠯ ᠳᠤ ᠪᠠᠨ ᠬᠢᠴᠢᠶᠡᠩᠬᠦᠢ᠂ ᠪᠤᠯᠪᠠᠰᠤᠨ ᠢ ᠮᠡᠳᠡᠷᠡᠬᠦ᠂ ᠡᠨᠡ ᠬᠡᠳᠦᠨ ᠲᠠᠯ᠎ᠠ ᠶᠢᠨ ᠨᠦᠬᠦᠴᠡᠯ ᠢ ᠪᠦᠷᠢᠯᠳᠦᠬᠦᠯᠵᠦ ᠮᠡᠷᠬᠡᠵᠢᠯ ᠢᠶᠠᠨ ᠲᠡᠭᠡᠭᠰᠢᠯᠡᠬᠦᠯᠵᠦ ᠨᠡᠶᠢᠬᠡᠮ ᠤᠨ ᠡᠯ᠎ᠡ ᠡᠳᠡᠭᠡᠳ ᠲᠤ ᠤᠯᠠᠮ ᠰᠠᠶᠢᠨ ᠦᠢᠯᠡᠴᠢᠯᠡᠶ᠎ᠡ ᠬᠡᠵᠦ ᠪᠤᠳᠤᠵᠤ ᠪᠠᠶᠢᠨ᠎ᠠ︾ ᠬᠡᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号