ᠮᠠᠨ ᠤ ᠬᠤᠰᠢᠭᠤ ᠪᠥᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠠᠪᠤᠳᠤᠭᠠᠷ ᠤᠳᠠᠭᠠᠨ ᠤ ᠲᠤᠰᠬᠠᠶ ᠰᠡᠳᠦᠪᠲᠦ ᠪᠤᠯᠪᠠᠰᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/20
     8 ᠰᠠᠷ᠎ᠠ ᠶᠢᠨ 7 ᠤ ᠡᠳᠦᠷ᠂ ᠮᠠᠨ ᠤ ᠬᠤᠰᠢᠭᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠠᠪᠤᠳᠤᠭᠠᠷ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠯᠤᠭᠤᠳᠬᠤ ᠭᠠᠵᠠᠷ ᠤᠨ ᠳᠡᠳ᠋ ᠶᠡᠷᠦᠩᠭᠡᠢ ᠵᠢᠯᠤᠭᠤᠳᠤᠭᠴᠢ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠪᠤᠯᠪᠠᠰᠤᠷᠠᠯ ᠤᠨ ᠬᠤᠷᠠᠯ ᠳᠤ ᠰᠠᠭᠠᠲᠠᠵᠤ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠡᠭᠦᠳᠤᠨ ᠪᠠᠶᠢᠭᠤᠯᠤᠯᠳᠠ ᠶᠢᠨ ᠠᠵᠢᠯ ᠢ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠣᠯᠤᠨ ᠠᠵᠢᠯᠲᠠᠨ᠂ ᠭᠠᠯᠠᠭᠤᠲᠤ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠹᠧᠩ ᡁᠢ ᠮᠢᠩ ᠵᠢᠭᠠᠵᠤ ᠭᠠᠷᠭᠠᠭᠰᠠᠨ ᠨᠢ᠂ ᠣᠳᠣᠬᠠᠨ ᠤ ᠪᠠᠶᠢᠳᠠᠯ ᠠᠴᠠ ᠦᠵᠡᠪᠡᠯ ᠪᠥᠬᠦ ᠬᠤᠰᠢᠭᠤᠨ ᠤ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠯᠤᠰ ᠤᠨ ᠰᠢᠯᠭᠠᠨ ᠦᠨᠡᠯᠡᠯᠲᠡ ᠶᠢ ᠤᠭᠳᠤᠬᠤ ᠡᠴᠦᠰ ᠤᠨ ᠰᠢᠪᠲᠤᠯᠤᠯᠲᠠ ᠶᠢᠨ ᠱᠠᠲᠤᠨ ᠳᠤ ᠤᠷᠤᠭᠠᠳ ᠪᠠᠶᠢᠨ᠎ᠠ᠃ ᠪᠥᠬᠦ ᠬᠤᠰᠢᠭᠤ ᠪᠠᠷ ᠢᠶᠠᠨ ︽ᠡᠷᠬᠢᠨ ᠬᠠᠷᠠᠬᠤ︾ ᠠᠵᠢᠯ  ᠢ ᠲᠦᠢᠯᠪᠤᠷᠢᠲᠠᠶ ᠪᠡᠶᠡᠯᠡᠭᠦᠯᠵᠦ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠠᠵᠢᠯ ᠢ ᠵᠤᠷᠪᠤᠰ ᠳᠠᠷᠠᠭᠠᠯᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠭᠤᠯᠭ᠎ᠠ᠂ ᠰᠢᠨ᠎ᠡ ᠬᠤᠪᠢᠷᠠᠯᠲᠠ ᠲᠠᠢ ᠬᠠᠷᠢᠴᠠᠭᠤᠯᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠡᠯ᠎ᠡ ᠲᠥᠷᠤᠯ ᠤᠨ ᠠᠵᠢᠯ ᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠯ᠎ᠠ ᠪᠠᠷ ᠣᠨᠣᠪᠴᠢᠲᠠᠶ ᠪᠠᠶᠢᠵᠤ ᠦᠳᠲᠡᠷ ᠲᠦᠷᠭᠡᠨ ᠬᠥᠳᠡᠯᠦᠯᠴᠡᠵᠦ᠂ ᠪᠤᠳᠠᠳᠠᠢ ᠭᠠᠵᠠᠷ ᠲᠤᠨᠢ ᠴᠡᠭᠴᠡᠯᠡᠨ ᠰᠠᠶᠢᠵᠢᠷᠠᠭᠤᠯᠬᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠡᠷᠦᠬᠡ ᠳᠤ ᠣᠷᠣᠵᠤ ᠤᠬᠠᠭᠤᠯᠬᠤ ᠵᠡᠷᠭᠡ ᠶᠢᠨ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠬᠤ ᠬᠡᠷᠡᠭᠲᠡᠶ ᠭᠡᠵᠡᠢ᠃
     ᠬᠤᠷᠠᠯ ᠳᠡᠭᠡᠷ᠎ᠡ᠂ ᠬᠤᠰᠢᠭᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠥᠮᠦᠰ ︽ᠪᠦᠬᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠥᠨᠠᠯᠠᠭᠦ ᠲᠤᠭᠳᠠᠯᠴᠠᠭ᠎ᠠ︾ ᠪᠣᠯᠤᠨ ︽ᠪᠦᠬᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠥᠨᠠᠯᠠᠭᠦ ᠲᠤᠭᠳᠠᠯᠴᠠᠭᠠᠨ ᠤ ᠠᠵᠢᠯᠯᠠᠭᠠᠨ ᠤ ᠭᠠᠷ ᠳᠡᠪᠲᠡᠷ︾ ᠲᠠᠢ ᠬᠠᠷᠢᠴᠠᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠪᠣᠳᠠᠲᠠᠶ ᠭᠠᠵᠠᠷ ᠲᠤ ᠪᠠᠶᠢᠴᠠᠭᠠᠬᠤ ᠵᠡᠷᠭᠡ ᠲᠠᠯ᠎ᠠ ᠪᠠᠷ ᠪᠤᠯᠪᠠᠰᠤᠷᠠᠯ ᠬᠢᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号