ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠬᠡᠵᠢᠯᠳᠡᠳ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠢᠳᠡᠪᠬᠢᠳᠡᠢ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020/8/20
     ᠮᠠᠨ ᠤ ᠬᠤᠳᠠ ᠶᠢᠨ ᠬᠥᠳᠡᠭᠡ ᠲᠣᠰᠬᠤᠨ ᠤ ᠴᠢᠳᠠᠪᠤᠷᠢᠲᠠᠨ ᠢ ᠬᠦᠮᠤᠵᠢᠬᠦᠯᠬᠦ ᠪᠠ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠶᠢ ᠣᠷᠭᠠᠨᠢᠭ ᠢᠶᠠᠷ ᠣᠶᠠᠯᠳᠠᠭᠤᠯᠵᠦ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠢᠳᠡᠪᠬᠢᠳᠠᠢ ᠲᠦᠯᠬᠢᠨ ᠠᠬᠢᠭᠤᠯᠵᠦ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠲᠤᠰᠠᠯᠠᠵᠦ ᠪᠠᠶᠢᠨ᠎ᠠ᠃      ᠤᠶᠢᠷ᠎ᠠ ᠶᠢᠨ ᠡᠳᠤᠷ᠂ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠤᠭ ᠪᠠᠯᠭᠠᠰᠤ  ᠲᠠᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠬᠦ ᠵᠢᠴᠢ ᠰᠢᠨ᠎ᠡ ᠡᠬᠦᠳᠦᠯᠳᠡ ᠶᠢᠨ ᠲᠠᠶᠢᠴᠢᠯᠠᠨ ᠳᠠᠭᠠᠭᠤᠯᠤᠭᠴᠢ ᠶᠢ  ᠬᠦᠮᠦᠵᠢᠬᠦᠯᠬᠦ ᠵᠡᠷᠭᠡ ᠲᠠᠯ᠎ᠠ ᠪᠠᠷ ᠬᠤᠷᠰᠢᠨ ᠠᠵᠢᠯᠯᠠᠬᠤ ᠬᠡᠷ᠎ᠡ ᠲᠤᠭᠳᠠᠭᠰᠠᠨ ᠤ ᠬᠠᠮᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠡᠷᠭᠡᠵᠢᠯ ᠤᠨ ᠦᠢᠯᠡᠴᠢᠯᠡᠬᠡᠨ ᠤ ᠥᠷᠲᠡᠭᠡ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯ ᠤᠨ ᠦᠢᠯᠡᠴᠢᠯᠡᠬᠡᠨ ᠤ ᠥᠷᠲᠡᠭᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ  ᠦᠢᠯᠡᠴᠢᠯᠡᠬᠡᠨ ᠤ ᠥᠷᠲᠡᠭᠡ ᠶᠢᠨ ᠫᠠᠶᠢᠰᠠ ᠶᠢ ᠰᠡᠬᠦᠪᠡ      ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠽᠢ ᠶᠦᠨ ᠹᠸᠢ᠄ ︽ᠮᠠᠨ ᠤ ᠬᠦᠷᠢᠶᠡᠯᠡᠩ ᠪᠠ ᠦᠨᠳᠤᠰᠤᠨ ᠱᠠᠲᠤᠨ ᠤ ᠬᠠᠮᠲᠤᠷᠠᠯᠴᠠᠭ᠎ᠠ ᠪᠠᠷ ᠳᠠᠮᠵᠢᠨ ᠬᠤᠶᠠᠷ ᠲᠠᠯ᠎ᠠ ᠶᠢᠨ ᠮᠡᠷᠭᠡᠵᠢᠯ ᠤᠨ ᠳᠠᠪᠠᠭᠤᠯᠢᠭ ᠪᠣᠯᠤᠨ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠤ ᠮᠠᠯᠴᠢᠨ ᠲᠠᠷᠢᠶᠠᠴᠢᠨ ᠳᠤ ᠲᠠᠷᠢᠶᠠᠯᠠᠩ ᠮᠠᠯ ᠠᠵᠤ ᠠᠬᠤᠶ ᠳᠡᠭᠡᠷᠡᠬᠢ ᠭᠤᠤᠯᠯᠠᠬᠤ ᠮᠡᠷᠭᠡᠵᠢᠯ᠂ ᠰᠢᠨ᠎ᠡ ᠮᠡᠷᠬᠡᠵᠢᠯ ᠢ ᠡᠵᠡᠮᠰᠢᠬᠦᠯᠤᠨ ᠲᠡᠯᠬᠡᠷᠡᠬᠦᠯᠵᠦ ᠪᠠᠶᠢᠨ᠎ᠠ᠂ ᠡᠨᠡ ᠪᠤᠯ ᠨᠢᠭᠡᠨ ᠰᠢᠷᠢᠰ ᠠᠵᠢᠯᠯᠠᠭ᠎ᠠ ᠪᠠᠶᠢᠵᠦ ᠬᠤᠶᠢᠰᠢᠳᠠ ᠪᠦᠬᠦ ᠬᠤᠳᠠ ᠶᠢᠨ ᠡᠯ᠎ᠡ ᠰᠤᠮᠤ ᠪᠠᠯᠭᠠᠰᠤᠨ ᠳᠤ ᠴᠦᠮ ᠦᠷᠨᠢᠬᠦᠯᠬᠦ ᠪᠠᠷ ᠪᠠᠶᠢᠨ᠎ᠠ︾ ᠬᠡᠪᠡ᠃      ᠡᠨᠡᠬᠦ ᠠᠵᠢᠯᠯᠠᠭ᠎ᠠ ᠪᠠᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠭᠠᠨ ᠤ ᠦᠷ᠎ᠡ ᠪᠦᠲᠦᠭᠡᠯ᠂ ᠦᠤᠰᠢᠨ ᠬᠤᠰᠢᠭᠤᠨ ᠤ ᠨᠠᠷᠠᠲᠤ ᠰᠢᠯᠢᠳᠡᠭ ᠲᠠᠷᠢᠶᠠᠯᠠᠩ ᠤᠨ ᠦᠢᠯᠡᠳᠭᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ ᠠᠬᠤᠢ ᠲᠠᠯᠠᠪᠦᠷ ᠲᠤ ᠪᠠᠰᠠ ᠮᠠᠯᠴᠢᠨ ᠲᠠᠷᠢᠶᠠᠴᠢᠨ ᠳᠤ ᠴᠠᠷᠭᠠᠰᠤ ᠲᠠᠷᠢᠬᠤ᠂ ᠡᠷᠳᠡᠨᠢ ᠰᠢᠰᠢ ᠶᠢᠨ ᠡᠭᠦᠯᠳᠡᠷ ᠢ ᠰᠤᠩᠭᠤᠬᠤ᠂ ᠨᠠᠷᠢᠨ ᠨᠣᠣᠰᠣᠲᠤ ᠬᠤᠨᠢ ᠶᠢ ᠥᠨᠳᠥᠷ ᠦᠷ᠎ᠡ ᠠᠰᠢᠭ ᠲᠠᠢ ᠪᠠᠷ ᠮᠠᠯᠵᠢᠬᠤ ᠵᠡᠷᠭᠡ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠵᠤ  ᠵᠢᠱᠢᠶ᠎ᠡ ᠦᠵᠡᠭᠦᠯᠬᠦ ᠡᠷᠤᠭᠡ ᠶᠢᠨ ᠠᠷᠭ᠎ᠠ ᠲᠤᠷᠰᠢᠯᠭ᠎ᠠ ᠶᠢ ᠬᠤᠪᠢᠶᠠᠯᠴᠠᠭᠰᠠᠨ ᠪᠠᠶᠢᠨ᠎ᠠ᠃      ᠲᠤᠭ ᠪᠠᠯᠭᠠᠰᠤᠨ ᠤ ᠬᠤᠸᠠᠲᠤᠯᠤᠭᠠᠢ ᠭᠠᠴᠠᠭᠠᠨ ᠤ ᠮᠠᠯᠴᠢᠨ ᠰᠠᠷᠠᠨᠳᠠᠯᠠᠢ᠄ ︽ᠤᠳᠤ ᠶᠢᠨ ᠰᠢᠨᠵᠢᠯᠡᠭᠡ ᠮᠡᠷᠭᠡᠵᠢᠯ ᠢᠶᠠᠷ ᠰᠢᠨ᠎ᠡ ᠮᠠᠶ᠋ᠢᠭ ᠤᠨ ᠠᠵᠤ ᠠᠬᠤᠢ ᠶᠢᠨ ᠬᠦᠭᠵᠢᠯᠲᠡ ᠶᠢᠨ ᠮᠡᠷᠭᠡᠵᠢᠯ ᠢ ᠪᠢᠳᠠᠨ ᠳᠤ ᠬᠠᠩᠭᠠᠭᠰᠠᠨ ᠳᠤ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠵᠦ ᠴᠢᠳᠠᠭᠰᠠᠨ ᠪᠠᠶᠢᠨ᠎ᠠ᠃ ᠨᠠᠷᠢᠨ ᠨᠤᠤᠰᠤᠲᠤ ᠬᠤᠨᠢᠨ ᠤ ᠢᠬᠡᠷ᠎ᠡ ᠬᠤᠷᠠᠭ᠎ᠠ ᠶᠢᠨ ᠪᠤᠶᠢᠵᠢᠯᠲᠠ ᠶᠢᠨ ᠲᠠᠯ᠎ᠠ ᠪᠠᠷ ᠨᠢᠳᠤᠨᠤᠨ ᠠᠴᠠ ᠡᠬᠢᠯᠡᠬᠡᠳ ᠬᠢᠵᠡᠢ᠃ ᠠᠵᠤ ᠠᠬᠤᠢ ᠶᠢᠨ ᠦᠷ᠎ᠡ ᠠᠰᠢᠭ ᠵᠤᠬᠢᠬᠤ ᠬᠡᠮᠵᠢᠶᠡᠨ ᠤ ᠲᠡᠭᠡᠭᠰᠢᠯᠡᠬᠦ ᠬᠠᠨᠳᠤᠰᠢ ᠳᠤ ᠤᠷᠤᠭᠰᠠᠨ ᠪᠠᠶᠢᠨ᠎ᠠ︾ ᠬᠡᠵᠦ ᠪᠡᠶᠢᠪᠠ᠃      ᠣᠶᠢᠷ᠎ᠠ ᠶᠢᠨ ᠵᠢᠯ ᠮᠠᠨ ᠤ ᠬᠤᠲᠠ ︽ᠴᠢᠳᠠᠪᠤᠷᠢᠲᠠᠨ ᠣᠷᠳᠣᠰ︾ ᠤᠨ ᠪᠠᠶᠢᠯᠳᠤᠬᠤ ᠪᠣᠳᠣᠯᠭ᠎ᠠ ᠶᠢ ᠢᠳᠡᠪᠬᠢᠳᠠᠢ ᠬᠡᠷᠡᠭᠵᠢᠬᠦᠯᠵᠦ ᠮᠠᠯᠵᠢᠬᠤ ᠲᠠᠷᠢᠶᠠᠯᠠᠬᠤ ᠣᠷᠣᠨ ᠤ ᠴᠢᠳᠠᠪᠦᠷᠢᠳᠡᠨ ᠢ ᠬᠦᠮᠦᠵᠢᠬᠦᠯᠬᠦ ᠠᠵᠢᠯ ᠢ ᠴᠢᠩᠭ᠎ᠠ ᠠᠳᠬᠤᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠭᠤᠤᠯᠳᠠᠯᠭᠠᠳᠤ ᠠᠵᠢᠯ ᠲᠠᠢ ᠨᠢᠭᠲᠠ ᠤᠶᠠᠯᠳᠤᠭᠤᠯᠤᠨ ᠴᠢᠳᠠᠪᠤᠷᠢᠲᠠᠨ ᠢ ᠬᠥᠮᠦᠵᠢᠭᠦᠯᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠬᠠᠷᠢᠯᠴᠠᠨ  ᠵᠤᠬᠢᠴᠠᠯᠳᠤᠭᠤᠯᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠦ ᠡᠨᠡ ᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠠᠩᠭᠢ ᠶᠢᠨ ᠬᠢᠨ ᠨᠡᠶᠢᠲᠡ 1645 ᠬᠥᠮᠦᠨ ᠤᠳᠠᠭ᠎ᠠ  ᠦᠨᠳᠤᠰᠤᠨ ᠱᠠᠲᠤᠨ ᠳᠤ ᠬᠦᠨᠵᠡᠬᠡᠶᠢᠷᠡᠨ ᠦᠢᠯᠡᠴᠢᠯᠡᠭᠡ ᠬᠢᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号