ᠰᠢ ᠶᠢᠨ ᠫᠢᠩ ᠴᠡᠷᠢᠭ ᠠᠩᠭᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ‌‍ᠳᠤ ᠤᠷᠤᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠬᠤ ᠳᠠᠭᠠᠨ ᠦᠷᠭᠦᠯᠵᠢᠯᠡᠨ ᠪᠠᠶᠢᠯᠳᠤᠬᠤ ᠰᠤᠷᠳᠠᠯ ᠢ ᠪᠠᠳᠠᠷᠠᠭᠤᠯᠵᠦ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠳᠠᠷᠠᠭᠠᠴᠢ ᠶᠢᠨ ᠡᠭᠦᠷᠭᠡ ᠶᠢ ᠦᠨᠡᠨ ᠬᠦ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/8/24
         8 ᠰᠠᠷ᠎ᠠ ᠶᠢᠨ 20 ᠤ ᠦᠲᠡ ᠶᠢᠨ ᠡᠮᠦᠨ᠎ᠠ᠂ ᠠᠠᡁᠦ᠋ᠢ ᠳᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠰᠢᠨᠵᠢᠯᠠᠨ ᠪᠠᠶᠢᠴᠠᠭᠠᠵᠥ ᠪᠠᠶᠢᠴᠠᠭᠠᠨ ᠰᠤᠳᠤᠯᠵᠦ ᠪᠠᠶᠢᠭ᠎ᠠ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ ᠴᠡᠷᠢᠭ ᠠᠩᠭᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠤᠷᠤᠯᠴᠠᠵᠦ ᠪᠠᠶᠢᠭ᠎ᠠ ᠪᠠᠶᠢᠲᠠᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠤ᠂ ᠨᠠᠮ ᠤᠨ ᠲᠦᠪ ᠬᠤᠷᠢᠶ᠎ᠠ ᠪᠠ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠡᠮᠦᠨ᠎ᠠ ᠠᠴᠠ᠂ ᠦᠶᠡᠷ‌ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠤᠷᠤᠯᠴᠠᠵᠦ ᠪᠠᠶᠢᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠲᠤᠭᠴᠢ ᠪᠠᠶᠢᠯᠲᠤᠭᠴᠢ᠂ ᠵᠡᠪᠰᠡᠭᠲᠦ ᠴᠠᠭᠲᠠᠭ᠎ᠠ ᠶᠢᠨ ᠴᠡᠷᠢᠭ ᠠᠩᠭᠢ ᠶᠢᠨ ᠲᠠᠷᠤᠭ᠎ᠠ ᠪᠠᠶᠢᠯᠲᠤᠭᠴᠢ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ ᠬᠦᠮᠦᠰ ᠲᠤ ᠴᠢᠩ ᠰᠡᠳᠭᠢᠯ ᠤᠨ ᠮᠡᠡᠲᠦᠴᠢᠯᠡᠯ ᠲᠡᠪᠰᠢᠭᠦᠯᠪᠡ᠃ ᠵᠢᠷᠤᠬ ᠪᠤᠯ ᠰᠢ ᠶᠢᠨ ᠫᠢᠩ ᠬᠠᠷᠢᠭᠤ ᠮᠡᠳᠡᠬᠦᠯᠦᠯᠳᠡ ᠶᠢ ᠰᠤᠨᠤᠰᠤᠬᠰᠠᠨ ᠤ ᠳᠠᠷᠠᠭ᠎ᠠ ᠴᠢᠬᠤᠯᠠ ᠶᠠᠷᠢᠶ᠎ᠠ ᠳᠠᠯᠪᠢᠵᠥ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠬᠦᠳᠡᠷᠯᠡᠪᠡ      ᠰᠢᠨᠬᠤᠸᠠ ᠬᠤᠷᠢᠶᠠᠠ ᠤ ᠡᡁᠧᠹᠸᠢ ᠶᠢᠨ 8 ᠰᠠᠷ᠎ᠠ ᠶᠢᠨ 20 ᠤ ᠴᠠᠬᠢᠯᠭᠠᠠ ᠮᠡᠲᠡᠭᠡ ︵ᠰᠤᠷᠪᠤᠯᠵᠢᠯᠠᠭᠴᠢ ᠯᠢ ᠰᠢᠤᠸᠠᠠ ᠯᠢᠶᠠᠩ ᠯᠢ ᠳ᠋ᠠ ᠸᠧᠢ︶ ᠠᠠᡁᠦ᠋ᠢ ᠳᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠰᠢᠨᠵᠢᠯᠠᠨ ᠪᠠᠶᠢᠴᠠᠭᠠᠵᠥ ᠪᠠᠶᠢᠴᠠᠭᠠᠨ ᠰᠤᠳᠤᠯᠵᠦ ᠪᠠᠶᠢᠭ᠎ᠠ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ 20 ᠤ ᠦᠲᠡ ᠶᠢᠨ ᠡᠮᠦᠨ᠎ᠠ ᠴᠡᠷᠢᠭ ᠠᠩᠭᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠤᠷᠤᠯᠴᠠᠵᠦ ᠪᠠᠶᠢᠭ᠎ᠠ ᠪᠠᠶᠢᠲᠠᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠤ᠂ ᠨᠠᠮ ᠤᠨ ᠲᠦᠪ ᠬᠤᠷᠢᠶ᠎ᠠ ᠪᠠ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠡᠮᠦᠨ᠎ᠠ ᠠᠴᠠ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠤᠷᠤᠯᠴᠠᠵᠦ ᠪᠠᠶᠢᠭ᠎ᠠ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠲᠤᠭᠴᠢ ᠪᠠᠶᠢᠯᠲᠤᠭᠴᠢ᠂ ᠵᠡᠪᠰᠡᠭᠲᠦ ᠴᠠᠭᠲᠠᠭ᠎ᠠ ᠶᠢᠨ ᠴᠡᠷᠢᠭ ᠠᠩᠭᠢ ᠶᠢᠨ ᠲᠠᠷᠤᠭ᠎ᠠ ᠪᠠᠶᠢᠯᠲᠤᠭᠴᠢ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ ᠬᠦᠮᠦᠰ ᠲᠤ ᠴᠢᠩ ᠰᠡᠳᠭᠢᠯ ᠤᠨ ᠮᠡᠡᠲᠦᠴᠢᠯᠡᠯ ᠲᠡᠪᠰᠢᠭᠦᠯᠪᠡ᠃ ᠲᠡᠷᠡ᠂ ᠦᠷᠬᠦᠯᠵᠢᠯᠠᠠ ᠪᠠᠶᠢᠯᠲᠤᠬᠤ ᠰᠤᠷᠲᠠᠯ ᠢ ᠪᠠᠲᠠᠷᠠᠭᠤᠯᠤᠨ᠂ ᠠᠶᠤᠯ ᠠᠴᠠ ᠠᠪᠤᠷᠠᠵᠦ ᠭᠠᠮᠰᠢᠭ ᠠᠴᠠ ᠠᠪᠤᠷᠠᠬᠤ ᠠᠵᠢᠯ ᠢ ᠬᠦᠴᠤᠲᠠᠢ ᠵᠤᠬᠢᠶᠠᠠ ᠪᠠᠶᠢᠭᠤᠯᠵᠦ᠂ ᠤᠷᠤᠨ ᠨᠤᠲᠤᠭ ᠤᠨ ᠭᠠᠮᠰᠢᠭ ᠤᠨ ᠲᠠᠷᠠᠭᠠᠬᠢ ᠲᠠᠬᠢᠨ ᠪᠦᠲᠦᠭᠡᠡ ᠪᠠᠶᠢᠭᠤᠯᠤᠯᠲᠠ ᠶᠢ ᠲᠡᠮᠵᠢᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠠᠷᠠᠭᠠᠴᠢ ᠶᠢᠨ ᠡᠬᠦᠷᠭᠡ ᠶᠢ ᠦᠨᠡᠡ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠬᠠᠮᠲᠤᠷᠠᠭᠰᠠᠠ ᠱᠲ᠋ᠠᠪ ᠤᠨ ᠬᠡᠯᠳᠡᠰ᠂ ᠵᠡᠭᠦᠨ ᠤᠷᠤᠨ ᠤ ᠪᠠᠶᠢᠯᠲᠤᠭᠠᠠ ᠤ ᠲᠤᠭᠤᠷᠢᠬ᠂ ᠠᠠᡁᠦ᠋ᠢ ᠮᠤᠵᠢ ᠶᠢᠨ ᠴᠡᠷᠢᠭ ᠤᠨ ᠲᠤᠭᠤᠷᠢᠭ᠂ ᠵᠡᠪᠰᠡᠭᠲᠦ ᠴᠠᠭᠲᠠᠭ᠎ᠠ ᠶᠢᠨ ᠠᠠᡁᠦ᠋ᠢ ᠮᠤᠵᠢ ᠶᠢᠨ ᠶᠡᠷᠦᠩᠭᠡᠢ ᠠᠩᠭᠢ ᠲᠤᠰ ᠲᠤᠰ ᠴᠡᠷᠢᠭ ᠠᠩᠭᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠤᠷᠤᠯᠴᠠᠭᠰᠠᠠ ᠬᠤᠯᠪᠤᠭᠲᠠᠯ ᠪᠦᠬᠦᠢ ᠪᠠᠶᠢᠲᠠᠯ ᠢᠶᠠᠨ ᠬᠠᠷᠢᠭᠤ ᠮᠡᠲᠡᠭᠦᠯᠵᠠᠢ᠃ ᠪᠦᠷᠢᠳᠭᠡᠯ ᠢ ᠦᠨᠲᠦᠰᠦᠯᠡᠪᠡᠯ᠂ ᠡᠨᠡ ᠵᠢᠯ ᠦᠶᠡᠷ ᠤᠨ ᠬᠤᠭᠤᠴᠠᠭᠠᠠ ᠳᠤ ᠤᠷᠤᠭᠰᠠᠠ ᠠᠴᠠ ᠨᠠᠭᠠᠰᠢ᠂ 8 ᠰᠠᠷ᠎ᠠ ᠶᠢᠨ 19 ᠤ ᠡᠲᠦᠷ ᠪᠤᠯᠲᠠᠯ᠎ᠠ᠂ ᠴᠢᠯᠦᠭᠡᠯᠡᠬᠦ ᠴᠡᠷᠢᠭ ᠪᠤᠯᠤᠨ ᠵᠡᠪᠰᠡᠭᠲᠦ ᠴᠠᠭᠲᠠᠭ᠎ᠠ ᠶᠢᠨ ᠴᠡᠷᠢᠭ ᠠᠩᠭᠢ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠪᠤᠯᠤᠨ ᠴᠡᠷᠢᠭ ᠤᠨ ᠶᠠᠪᠤᠲᠠᠯ ᠤᠨ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ 120 ᠭᠠᠷᠤᠢ ᠲᠦᠮᠡᠡ ᠬᠦᠮᠦᠨ ᠤᠲᠠᠭ᠎ᠠ ᠶᠢᠨ ᠴᠡᠷᠢᠭ ᠤᠨ ᠬᠦᠴᠤᠨ ᠢ ᠬᠦᠲᠡᠯᠭᠡᠵᠦ᠂ 30 ᠭᠠᠷᠤᠢ ᠲᠦᠮᠡᠡ ᠬᠦᠮᠦᠨ ᠤᠲᠠᠭ᠎ᠠ ᠶᠢᠨ ᠡᠷᠦᠭᠡ ᠶᠢᠨ ᠴᠡᠷᠢᠭ ᠢ ᠵᠤᠬᠢᠶᠠᠠ ᠪᠠᠶᠢᠭᠤᠯᠵᠦ᠂ 17 ᠮᠤᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠤᠷᠤᠯᠴᠠᠭᠤᠯᠤᠨ᠂ 17 ᠲᠦᠮᠠ ᠭᠠᠷᠤᠢ ᠬᠦᠮᠦᠨ ᠢ ᠰᠢᠯᠵᠢᠭᠦᠯᠵᠦ᠂ 3900 ᠭᠠᠷᠤᠢ ᠬᠠᠰᠢᠯᠭ᠎ᠠ ᠰᠡᠳᠡᠷᠡᠭᠰᠡᠡ ᠪᠠ ᠤᠰᠤ ᠨᠡᠪᠴᠢᠵᠦ ᠪᠠᠶᠢᠬᠰᠠᠨ ᠬᠡᠰᠡᠭ ᠢ ᠪᠢᠲᠡᠭᠦᠮᠵᠢᠯᠡᠡ᠂ 900 ᠭᠠᠷᠤᠢ ᠺᠢᠯᠤᠮᠧᠲᠷ  ᠬᠠᠰᠢᠯᠭ᠎ᠠ ᠶᠢ ᠪᠠᠬᠢᠯᠡᠵᠦ᠂ 350 ᠭᠠᠷᠤᠢ ᠺᠢᠯᠤᠮᠧᠲᠷ ᠵᠠᠮ ᠢ ᠨᠡᠪᠲᠡᠷᠡᠭᠦᠯᠦᠭᠰᠡᠡ ᠪᠠᠶᠢᠨ᠎ᠠ᠃      ᠰᠢ ᠶᠢᠨ ᠫᠢᠩ ᠬᠠᠷᠢᠭᠤ ᠮᠡᠲᠡᠭᠦᠯᠦᠯᠲᠡ ᠶᠢ ᠰᠤᠨᠤᠰᠤᠭᠰᠠᠠ ᠤ ᠲᠠᠷᠠᠭ᠎ᠠ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠦᠶᠡᠷ ᠤᠨ ᠬᠤᠭᠤᠴᠠᠭᠠᠠ ᠳᠤ ᠤᠷᠤᠭᠰᠠᠠ ᠠᠴᠠ ᠨᠠᠭᠠᠰᠢ᠂ ᠪᠦᠬᠦ ᠤᠯᠤᠰ ᠤᠨ ᠤᠯᠠᠠ ᠭᠠᠵᠠᠷ ᠲᠤ ᠬᠦᠨᠲᠦ ᠨᠤᠴᠢᠲᠠᠢ ᠦᠶᠡᠷ ᠤᠰᠤᠲᠤᠯ ᠤᠨ ᠭᠠᠮᠰᠢᠭ ᠭᠠᠷᠴᠠᠢ᠃ ᠨᠠᠮ ᠤᠨ ᠲᠦᠪ ᠬᠤᠷᠢᠶᠠᠠ ᠤ ᠪᠠᠳᠤ ᠴᠢᠩᠭ᠎ᠠ ᠤᠲᠤᠷᠢᠲᠤᠯᠭ᠎ᠠ ᠲᠤᠤᠷ᠎ᠠ᠂ ᠡᠯ᠎ᠠ ᠬᠤᠯᠪᠤᠭᠲᠠᠯ ᠪᠦᠬᠦᠢ ᠲᠠᠯ᠎ᠠ ᠶᠢᠨ ᠬᠢᠨ ᠪᠦᠯᠬᠦᠮᠲᠡᠡ ᠲᠡᠮᠡᠴᠡᠵᠦ᠂ ᠭᠠᠮᠰᠢᠭᠲᠠᠭᠰᠠᠠ ᠤᠷᠤᠨ ᠤ ᠠᠷᠠᠳ ᠲᠦᠮᠠᠠ ᠰᠡᠳᠭᠢᠯ ᠨᠢᠭᠡᠳᠴᠤ᠂ ᠮᠠᠠ ᠤ ᠴᠡᠷᠢᠭ ᠠᠩᠭᠢ ᠬᠦᠨᠲᠦ ᠡᠬᠦᠷᠭᠡ ᠶᠢ ᠵᠤᠷᠢᠠᠠᠲᠠᠢ ᠡᠬᠦᠷᠭᠡᠯᠡᠡ᠂ ᠬᠠᠳᠠᠭᠤᠵᠢᠯᠳᠠᠢ ᠴᠢᠷᠮᠠᠶᠢᠯᠭ᠎ᠠ ᠪᠠᠷ ᠲᠠᠮᠵᠢᠭᠠᠳ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠲᠡᠮᠡᠴᠡᠯ ᠤᠨ ᠱᠠᠲᠤᠴᠢ ᠴᠢᠨᠠᠷ ᠲᠠᠢ ᠴᠢᠬᠤᠯᠠ ᠶᠡᠭᠡ ᠢᠯᠠᠯᠲᠠ ᠶᠢ ᠤᠯᠵᠠᠢ᠃ ᠠᠷᠠᠳ ᠤᠨ ᠴᠡᠷᠢᠭ ᠠᠩᠭᠢ ᠨᠠᠮ ᠤᠨ ᠵᠢᠯᠤᠭᠤᠲᠤᠯᠭ᠎ᠠ ᠶᠢ ᠲᠠᠭᠠᠵᠦ᠂ ᠵᠠᠷᠯᠢᠭ ᠢ ᠲᠤᠰᠤᠮᠠᠬᠴᠠ ᠬᠦᠲᠡᠯᠤᠯᠴᠡᠨ᠂ ᠠᠶᠤᠯ ᠲᠦᠭᠰᠢᠬᠦᠷᠢ ᠶᠢ ᠰᠦᠷᠦᠨ ᠤᠷᠤᠭᠰᠢᠯᠠᠵᠦ᠂ ᠵᠠᠩᠭᠢᠯᠠᠭ᠎ᠠ ᠶᠢᠨ ᠦᠶ᠎ᠠ ᠳᠤ ᠭᠠᠪᠰᠢᠭᠠᠢ ᠠᠩᠭᠢ ᠶᠢᠨ ᠦᠢᠯᠡᠲᠦᠯ ᠢ ᠪᠠᠲᠠᠷᠠᠭᠤᠯᠵᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠴᠡᠷᠢᠭ ᠠᠩᠭᠢ ᠶᠢᠨ ᠬᠤᠯᠪᠤᠭᠳᠠᠯ ᠪᠦᠬᠦᠢ ᠨᠢᠭᠡᠴᠢ ᠶᠢᠨ ᠬᠢᠨ ᠤᠷᠤᠨ ᠨᠤᠲᠤᠭ ᠤᠨ ᠬᠢᠨ ᠲᠠᠢ ᠬᠠᠮᠳᠤᠷᠠᠨ ᠦᠶᠡᠷ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠴᠡᠷᠢᠭ ᠬᠡᠷᠡᠭᠯᠡᠨ᠂ ᠤᠨᠢᠨ ᠳᠡᠭᠡᠷ᠎ᠠ ᠨᠢ ᠴᠡᠷᠢᠭ ᠬᠡᠷᠡᠭᠯᠡᠬᠦ ᠬᠡᠷᠡᠭᠳᠠᠢ᠃ ᠡᠭᠦᠷᠭᠡ ᠳᠠᠭᠠᠭᠠᠴᠢᠯᠠᠭᠰᠠᠨ ᠴᠡᠷᠢᠭ ᠠᠩᠭᠢ ᠰᠠᠶᠢᠨ ᠰᠠᠶᠢᠬᠠᠨ ᠪᠠᠶᠢᠳᠠᠯ ᠢᠶᠠᠨ ᠪᠠᠳᠤᠯᠠᠵᠤ᠂ ᠠᠶᠤᠯ ᠲᠦᠭᠰᠢᠭᠦᠷᠢ ᠭᠡᠮ ᠰᠤᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠬᠦᠴᠦᠳᠠᠢ ᠵᠤᠬᠢᠶᠠᠨ ᠪᠠᠶᠢᠭᠤᠯᠤᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠤ᠂ ᠳᠡᠳᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠨᠢ ᠰᠡᠷᠭᠦᠭᠡᠬᠦ ᠬᠡᠷᠡᠭᠳᠠᠢ᠃ ᠴᠡᠷᠢᠭ ᠠᠩᠭᠢ ᠶᠢ ᠴᠢᠩᠭ᠎ᠠ ᠰᠤᠷᠭᠠᠨ ᠬᠠᠮᠢᠶᠠᠷᠴᠤ᠂ ᠮᠠᠨ ᠤ ᠴᠡᠷᠢᠭ ᠤᠨ ᠵᠤᠷᠢᠯᠳᠠ ᠶᠢ ᠢᠳᠡᠪᠬᠢᠳᠠᠢ ᠦᠢᠯᠡᠳᠦᠯᠭᠡᠵᠢᠭᠦᠯᠵᠤ᠂ ᠠᠷᠠᠳ ᠤᠨ ᠪᠠᠭᠠᠳᠤᠷ ᠴᠡᠷᠢᠭ᠂ ᠠᠷᠠᠳ ᠤᠨ ᠪᠤᠯᠪᠠᠰᠤᠨ ᠴᠡᠷᠢᠭ ᠤᠨ ᠰᠠᠶᠢᠨ ᠰᠠᠶᠢᠬᠠᠨ ᠳᠦᠷᠢ ᠳᠦᠷᠬᠦ ᠶᠢ ᠪᠤᠢ ᠪᠤᠯᠭᠠᠬᠤ ᠬᠡᠷᠡᠭᠳᠠᠢ᠃ ᠡᠨᠡ ᠤᠳᠠᠭ᠎ᠠ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠨᠢ ᠮᠠᠨ ᠤ ᠴᠡᠷᠢᠭ ᠤᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ ᠴᠡᠷᠢᠭ ᠠᠩᠭᠢ ᠶᠢᠨ ᠳᠠᠶᠢᠨ ᠳᠤ ᠪᠡᠯᠡᠳᠭᠡᠭᠰᠡᠨ ᠪᠠᠶᠢᠳᠠᠯ ᠪᠠ ᠡᠭᠦᠷᠭᠡ ᠪᠡᠶᠡᠯᠡᠭᠦᠯᠬᠦ ᠴᠢᠳᠠᠪᠤᠷᠢ᠂ ᠳᠠᠷᠤᠭ᠎ᠠ ᠪᠠᠶᠢᠯᠳᠤᠭᠴᠢᠳ ᠤᠨ ᠪᠠᠶᠢᠯᠳᠤᠭᠠᠨ ᠤ ᠴᠤᠭ ᠵᠤᠷᠢᠬ᠂ ᠴᠡᠷᠢᠭ ᠵᠠᠰᠠᠭ ᠴᠡᠷᠢᠭ ᠠᠷᠠᠳ‌‍ᠤᠨ ᠬᠠᠷᠢᠴᠠᠭ᠎ᠠ ᠵᠡᠷᠭᠡ ᠳᠤ ᠠᠪᠴᠤ ᠬᠡᠯᠡᠪᠡᠯ ᠪᠤᠳᠠᠳᠠᠢ ᠰᠢᠯᠭᠠᠯᠳᠠ ᠪᠤᠯᠤᠨ᠎ᠠ᠂ ᠳ᠋ᠦᠩᠨᠡᠯᠳᠡ ᠶᠢ ᠰᠠᠶᠢᠳᠤᠷ ᠬᠢᠵᠤ᠂ ᠨᠢᠭᠡ ᠤᠳᠠᠭ᠎ᠠ ᠪᠠᠶᠢᠯᠳᠤᠪᠠᠯ ᠨᠢᠭᠡ ᠠᠯᠬᠤᠮ ᠤᠷᠤᠭᠰᠢᠯᠠᠬᠤ ᠶᠢ ᠪᠡᠶᠡᠯᠡᠭᠦᠯᠬᠦ ᠬᠡᠷᠡᠭᠳᠠᠢ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤᠮᠳᠠ ᠮᠠᠰᠢ ᠤᠯᠠᠨ ᠰᠡᠳᠭᠢᠯ ᠬᠦ᠋ᠳᠡᠯᠭᠡᠮ᠎ᠡ ᠦᠢᠯᠡ ᠶᠠᠪᠤᠳᠠᠯ ᠭᠠᠷᠴᠠᠢ᠂ ᠡᠳᠡᠭᠡᠷ ᠠᠮᠢᠳᠤ ᠪᠤᠳᠠᠳᠠᠢ ᠮᠠᠲ᠋ᠧᠷᠢᠶᠠᠯ ᠢ ᠰᠠᠶᠢᠳᠤᠷ ᠠᠰᠢᠬᠯᠠᠵᠤ ᠪᠠᠶᠢᠭᠠᠳ ᠴᠡᠷᠢᠭ ᠢ ᠬᠦᠴᠦᠷᠬᠡᠭᠵᠢᠭᠦᠯᠬᠦ ᠴᠡᠷᠢᠭ ᠢ ᠮᠠᠨᠳᠤᠭᠤᠯᠬᠤ ᠬᠦᠴᠦᠷᠬᠡᠭ ᠶᠡᠭᠡ ᠢᠳᠡᠪᠬᠢ ᠬᠦᠴᠦᠨ ᠢ ᠪᠦᠷᠢᠯᠳᠦᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃      ᠰᠢ ᠶᠢᠨ ᠫᠢᠩ ᠳᠤᠤᠷ᠎ᠠ ᠬᠠᠭᠠᠰ ᠵᠢᠯ ᠤᠨ ᠪᠦᠬᠦ ᠴᠡᠷᠢᠭ ᠤᠨ ᠡᠯ᠎ᠠ ᠵᠦᠢᠯ ᠤᠨ ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠶᠢ ᠳᠤᠪᠤᠶᠢᠯᠭᠠᠨ᠂ ᠠᠷᠭ᠎ᠠ ᠬᠡᠯᠪᠡᠷᠢ ᠪᠠᠨ ᠰᠢᠨᠡᠳᠭᠡᠵᠤ᠂ ᠡᠯ᠎ᠠ ᠵᠦᠢᠯ ᠤᠨ ᠠᠵᠢᠯ ᠢ ᠬᠦᠴᠦᠳᠠᠢ ᠡᠮᠬᠢ ᠵᠢᠷᠤᠮ ᠲᠠᠢ ᠠᠬᠢᠭᠤᠯᠤᠨ ᠦᠷ᠎ᠠ ᠪᠦᠲᠦᠮᠵᠢ ᠭᠠᠷᠭᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠳᠠ ᠶᠢᠨ 2020 ᠤᠨ ᠤ ᠬᠠᠷᠠᠯᠳᠠ ᠡᠭᠦᠷᠭᠡ ᠶᠢ ᠡᠷᠡᠰ ᠪᠡᠶᠡᠯᠡᠭᠦᠯᠵᠤ᠂ ᠨᠠᠮ ᠪᠤᠯᠤᠨ ᠠᠷᠠᠳ ᠠᠴᠠ ᠳᠠᠭᠠᠭᠠᠯᠭᠠᠭᠰᠠᠨ ᠡᠯ᠎ᠠ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠳᠠᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠳᠠᠯᠠᠨ᠂ ᠬᠦᠴᠦ ᠪᠠᠨ ᠲᠦᠪᠯᠡᠷᠡᠭᠦᠯᠦᠨ ᠴᠡᠷᠢᠭ ᠢ ᠪᠤᠯᠪᠠᠰᠤᠷᠠᠭᠤᠯᠤᠨ ᠳᠠᠶᠢᠨ ᠳᠤ ᠪᠡᠯᠡᠳᠭᠡᠵᠤ᠂ ᠪᠠᠶᠢᠳᠠᠯ ᠲᠤᠯᠭᠠᠷᠠᠪᠠᠯ ᠭᠠᠪᠰᠢᠭᠠᠢᠢᠯᠠᠨ ᠲᠡᠮᠡᠴᠡᠵᠦ ᠢᠯᠠᠯᠳᠠ ᠤᠯᠬᠤ ᠶᠢ ᠪᠠᠳᠤᠯᠠᠬᠤ ᠬᠡᠷᠡᠭᠳᠠᠢ᠃ ᠮᠠᠨ ᠤ ᠴᠡᠷᠢᠭ ᠤᠨ ᠪᠠᠶᠢᠭᠤᠯᠤᠯᠳᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠪᠤᠭᠤᠮᠳᠠ ᠶᠢ ᠰᠢᠪᠳᠤᠯᠬᠤ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ᠂ ᠲᠦᠷᠦ ᠶᠢᠨ ᠪᠤᠳᠤᠯᠭ᠎ᠠ ᠳᠦᠷᠢᠮ ᠤᠨ ᠦᠭᠡᠷᠡᠴᠢᠯᠡᠯᠳᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠤᠳᠠᠳᠠᠢ ᠦᠷ᠎ᠠ ᠪᠦᠲᠦᠮᠵᠢ ᠤᠯᠬᠤ ᠶᠢ ᠪᠠᠳᠤᠯᠠᠬᠤ ᠬᠡᠷᠡᠭᠳᠠᠢ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠨ ᠱᠠᠳᠤ ᠶᠢ ᠠᠳᠬᠤᠨ ᠰᠠᠭᠤᠷᠢ ᠲᠠᠯᠪᠢᠬᠤ ᠠᠵᠢᠯ ᠢ ᠰᠠᠶᠢᠳᠤᠷ ᠬᠢᠵᠤ᠂ ᠬᠠᠤᠯᠢ ᠶᠤᠰᠤᠭᠠᠷ ᠴᠡᠷᠢᠭ ᠢ ᠵᠠᠰᠠᠬᠤ᠂ ᠴᠡᠷᠢᠭ ᠢ ᠴᠢᠩᠭ᠎ᠠ ᠵᠠᠰᠠᠬᠤ ᠶᠢ ᠪᠠᠷᠢᠮᠳᠠᠯᠠᠵᠤ᠂ ᠴᠡᠷᠢᠭ ᠠᠩᠭᠢ ᠶᠢᠨ ᠳᠡᠭᠡᠳᠤ ᠬᠡᠮᠵᠢᠶᠡᠨ ᠤ ᠲᠦᠪᠯᠡᠷᠡᠯ ᠨᠢᠭᠡᠳᠦᠯᠳᠠᠢ ᠪᠠᠶᠢᠬᠤ ᠪᠠ ᠠᠮᠤᠷ ᠲᠦᠪᠰᠢᠨ ᠲᠤᠭᠳᠠᠭᠤᠨ ᠪᠠᠶᠢᠬᠤ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃      ᠵᠠᠩ ᠶᠢᠤ ᠰᠢᠶᠠ ᠨᠠᠷ ᠠᠵᠢᠯᠯᠠᠭ᠎ᠠ ᠳᠤ ᠤᠷᠤᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号