| | | 8 ᠰᠠᠷ᠎ᠠ ᠶᠢᠨ 18 ᠠᠴᠠ 21 ᠤ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠠᠨᠾᠦ᠋ᠢ ᠳᠤ ᠰᠢᠨᠵᠢᠯᠡᠨ ᠪᠠᠶᠢᠴᠠᠭᠠᠵᠠᠢ᠃ ᠵᠢᠷᠤᠭ ᠪᠤᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠾᠧᠹᠸᠢ | ᠬᠤᠳᠠ ᠶᠢᠨ ᠹᠸᠢᠢᠳᠦ᠋ᠩ ᠰᠢᠶᠠᠨ ᠤ ᠠᠷᠪᠠᠨ ᠨᠠᠢᠮᠠᠨ ᠬᠤᠯᠪᠤᠭᠠᠳᠤ ᠬᠠᠰᠢᠯᠭ᠎ᠠ ᠶᠢᠨ ᠠᠮᠢ ᠠᠬᠤᠢ ᠶᠢᠨ ᠨᠤᠭᠤ | ᠭᠠᠵᠠᠷ ᠤᠨ ᠦᠶᠡᠷ ᠬᠤᠷᠠᠭᠤᠯᠬᠤ ᠤᠷᠤᠨᠤ ᠴᠤᠤ ᠬᠤ᠋ ᠨᠠᠭᠤᠷ ᠤᠨ ᠶᠡᠭᠡ ᠬᠠᠰᠢᠯᠭ᠎ᠠ ᠳᠡᠭᠡᠷ᠎ᠠ ᠦᠶᠡᠷ ᠢ ᠰᠡᠷᠭᠡᠶᠢᠯᠡᠨ | ᠦᠶᠡᠷ ᠲᠠᠢ ᠲᠡᠮᠡᠴᠡᠵᠥ ᠭᠠᠮᠰᠢᠭ ᠠᠴᠠ ᠠᠪᠤᠷᠠᠬᠤ ᠲᠡᠮᠡᠴᠡᠯ ᠳᠤᠮᠳᠠ ᠦᠷᠡᠭᠳᠡᠭᠰᠡᠨ ᠨᠦᠭᠦᠳ ᠤᠨ ᠭᠡᠷ ᠤᠨ ᠬᠦᠮᠦᠰ᠂ | ᠦᠶᠡᠷ ᠢ ᠰᠡᠷᠭᠡᠶᠢᠯᠡᠵᠤ ᠦᠶᠡᠷ ᠲᠠᠢ ᠲᠡᠮᠡᠴᠡᠬᠦ ᠡᠮᠦᠨ᠎ᠠ ᠹᠷᠤᠨᠲ ᠤᠨ ᠠᠵᠢᠯᠳᠠᠳ᠂ ᠲᠡᠷᠢᠭᠦᠨ ᠤ ᠨᠡᠶᠢᠳᠡᠯᠢᠭ | ᠵᠢᠱᠢᠶ᠎ᠠ ᠶᠢᠨ ᠲᠦᠯᠦᠭᠡᠯᠡᠭᠴᠢ ᠪᠤᠯᠤᠨ ᠦᠶᠡᠷ ᠲᠠᠢ ᠲᠡᠮᠡᠴᠡᠵᠤ ᠠᠶᠤᠯ ᠠᠴᠠ ᠠᠪᠤᠷᠠᠬᠤ ᠳᠤ ᠤᠷᠤᠯᠴᠠᠭᠰᠠᠨ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢᠳ ᠢ ᠳᠤᠳᠤᠨᠤ ᠪᠠᠷ ᠪᠤᠯᠭᠤᠭᠠᠨ ᠲᠤᠬᠤᠨᠢᠭᠤᠯᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠦ᠋ᠯᠵᠢᠯᠠᠭᠴᠢ ᠵᠢᠤᠢ ᠫᠧᠩ ᠰᠡᠭᠦᠳᠡᠷᠯᠡᠪᠡ | | | | | | | 8 ᠰᠠᠷ᠎ᠠ ᠶᠢᠨ 18 ᠠᠴᠠ 21 ᠤ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠠᠨᠾᠦ᠋ᠢ ᠳᠤ ᠰᠢᠨᠵᠢᠯᠡᠨ ᠪᠠᠶᠢᠴᠠᠭᠠᠵᠠᠢ᠃ ᠵᠢᠷᠤᠭ ᠪᠤᠯ 19 ᠤ ᠦᠳᠡ ᠶᠢᠨ ᠡᠮᠦᠨ᠎ᠠ᠂ ᠰᠢ ᠶᠢᠨ ᠫᠢᠩ ᠮᠠ ᠠᠨ | ᠱᠠᠨ ᠬᠤᠳᠠ ᠶᠢᠨ ᠳᠤᠮᠳᠠᠳᠤ ᠤᠯᠤᠰ ᠤᠨ ᠪᠤᠦ ᠦ᠋ ᠮᠠ ᠭᠠᠩ ᠪᠦᠯᠦᠭᠯᠡᠯ ᠳᠤ ᠠᠵᠤ ᠠᠬᠤᠢᠢᠯᠠᠯ ᠤᠨ | ᠬᠦᠳᠡᠯᠮᠦᠷᠢ ᠶᠢᠨ ᠵᠢᠱᠢᠶᠡᠴᠢ᠂ ᠠᠵᠢᠯᠴᠢᠳ ᠤᠨ ᠲᠦᠯᠦᠭᠡᠯᠡᠭᠴᠢ ᠲᠠᠢ ᠳᠤᠳᠤᠨᠤ ᠪᠠᠷ ᠰᠠᠨᠠᠯ ᠢᠶᠠᠨ ᠰᠤᠯᠢᠯᠴᠠᠵᠤ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | ᠰᠢᠨᠬᠤᠸᠠ ᠬᠤᠷᠢᠶᠠᠨ ᠤ ᠾᠧᠹᠧᠢ ᠶᠢᠨ 8 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠠᠨᠾᠦ᠋ᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ | ᠨᠠᠮ ᠤᠨ ᠲᠦᠪ ᠬᠤᠷᠢᠶᠠᠨᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠦᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠳᠤᠭᠳᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠦᠭᠡᠷᠡᠴᠢᠯᠡᠯᠳᠡ | ᠨᠡᠭᠡᠭᠡᠯᠳᠡ ᠶᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠭᠤᠷᠪᠠᠨ ᠶᠡᠭᠡ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠳᠦᠷ ᠬᠢᠵᠦ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠰᠠᠶᠢᠳᠦᠷ ᠬᠢᠵᠦ᠂ ︽ | ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠤᠷᠢᠳᠦ ᠢᠯᠠᠯᠳᠠ ᠶᠢ ᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠰᠢᠢᠳᠪᠤᠷᠢᠳᠦ ᠳᠠᠶᠢᠯᠠᠯᠳᠤᠭᠠᠨ ᠬᠢᠵᠦ᠂ ᠤᠯᠤᠰ ᠤᠨ ᠲᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠭᠴᠠ | ᠪᠤᠯᠭᠠᠵᠤ᠂ ᠤᠯᠤᠰ ᠤᠨ ᠳᠤᠳᠤᠭᠠᠳᠤ ᠭᠠᠳᠠᠭᠠᠳᠦ ᠶᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ | ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠬᠦ ᠳᠤ ᠨᠡᠩ ᠶᠡᠭᠡ ᠵᠢᠳᠭᠦᠯ ᠦᠵᠡᠭᠦᠯᠵᠦ᠂ ᠰᠠᠶᠢᠨ ᠰᠠᠶᠢᠬᠠᠨ | ᠠᠨᠾᠦ᠋ᠢ ᠶᠢ ᠱᠠᠯᠠᠪᠳᠠᠨ ᠪᠦᠲᠦᠭᠡᠨ ᠪᠠᠶᠢᠭᠤᠯᠬᠤ ᠲᠠᠯ᠎ᠠ ᠪᠠᠷ ᠨᠡᠩ ᠶᠡᠭᠡ ᠰᠢᠨ᠎ᠠ ᠠᠬᠢᠴᠠ ᠲᠠᠢ ᠪᠤᠯᠬᠤ ᠬᠡᠷᠡᠭᠳᠠᠢ᠃ | ᠨᠠᠢᠮᠠᠨ ᠰᠠᠷ᠎ᠠ ᠶᠢᠨ ᠬᠦᠬᠡᠮᠦ᠋ᠷᠡᠨ ᠬᠤᠸᠠᠶᠢᠾᠧ ᠭᠤᠤᠯ ᠤᠨ ᠡᠬᠡ ᠭᠠᠵᠠᠷ ᠢᠶᠠᠷ ᠠᠭᠤᠷ ᠠᠮᠢᠰᠬᠤᠯ ᠰᠢᠳᠠᠮ᠎ᠠ | ᠬᠠᠯᠠᠭᠤᠨ ᠪᠠᠶᠢᠯ᠎ᠠ᠃ 8 ᠰᠠᠷ᠎ᠠ ᠶᠢᠨ 18 ᠠᠴᠠ 21 ᠤ ᠡᠳᠦᠷ ᠪᠤᠯᠳᠠᠯ᠎ᠠ᠂ ᠰᠢ ᠶᠢᠨ ᠫᠢᠩ ᠠᠨᠾᠦ᠋ᠢ ᠮᠤᠵᠢ ᠶᠢᠨ | ᠨᠠᠮ ᠤᠨ ᠬᠤᠷᠢᠶᠠᠨ ᠤ ᠱᠦᠵᠢ ᠯᠢ ᠶᠢᠨ ᠪᠢᠨ᠂ ᠮᠤᠵᠢ ᠶᠢᠨ ᠳᠠᠷᠤᠭ᠎ᠠ ᠯᠢ ᠭᠦᠸᠧ ᠶᠢᠩ ᠤᠨ ᠪᠠᠷ᠎ᠠ | ᠪᠤᠯᠤᠯᠭ᠎ᠠ ᠲᠠᠢ ᠪᠠᠷ᠂ ᠤᠷᠢᠳ ᠬᠤᠵᠢᠳ ᠹᠦᠶᠠᠩ᠂ ᠮᠠ ᠠᠨ ᠱᠠᠨ᠂ ᠾᠧᠹᠧᠢ ᠵᠡᠷᠭᠡ ᠭᠠᠵᠠᠷ ᠲᠤ ᠬᠦᠷᠴᠤ᠂ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠮᠦᠨ᠎ᠠ ᠹᠷᠤᠨᠲ᠂ ᠬᠦᠳᠡᠭᠡ ᠲᠤᠰᠬᠤᠨ᠂ ᠠᠵᠤ ᠠᠬᠤᠢᠢᠯᠠᠯ᠂ | ᠬᠤᠪᠢᠰᠬᠠᠯ ᠤᠨ ᠳᠤᠷᠠᠰᠬᠠᠯ ᠤᠨ ᠤᠷᠳᠤᠨ ᠳᠤ ᠭᠦᠨᠵᠡᠭᠡᠶᠢᠷᠡᠨ᠂ ᠭᠠᠮᠰᠢᠭᠳᠠᠭᠰᠠᠨ ᠤᠯᠠᠨ ᠲᠦᠮᠡᠨ ᠪᠤᠯᠤᠨ ᠦᠶᠡᠷ ᠢ | ᠰᠡᠷᠭᠡᠶᠢᠯᠡᠵᠦ ᠭᠠᠮᠰᠢᠭ ᠠᠴᠠ ᠠᠪᠤᠷᠠᠬᠤ ᠡᠮᠦᠨ᠎ᠠ ᠹᠷᠤᠨᠲ ᠤᠨ ᠠᠵᠢᠯᠳᠠᠨ ᠢ ᠪᠤᠯᠭᠤᠭᠠᠨ ᠲᠤᠬᠤᠨᠢᠭᠤᠯᠵᠤ᠂ ᠬᠢᠵᠢᠭ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ | ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ | ᠳᠠᠷᠠᠭᠠᠬᠢ ᠰᠡᠷᠭᠦᠭᠡᠯᠳᠡ ᠳᠠᠬᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ᠂ ᠬᠦᠬᠡᠮᠦ᠋ᠷᠡᠨ ᠤ ᠭᠤᠷᠪᠠᠯᠵᠢᠨ | ᠬᠤᠶᠢᠭ ᠤᠨ ᠨᠢᠭᠡ ᠴᠤᠭᠴᠠᠵᠢᠭᠰᠠᠨ ᠬᠦᠭᠵᠢᠯᠳᠡ ᠶᠢ ᠠᠬᠢᠭᠤᠯᠬᠤ᠂ ︽ᠠᠷᠪᠠᠨ ᠳᠦᠷᠪᠡᠳᠦᠭᠡᠷ ᠲᠠᠪᠤᠨ ᠵᠢᠯ ᠤᠨ | ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠦᠯᠦᠪᠵᠢᠭᠦᠯᠬᠦ ᠲᠤᠬᠠᠢ ᠪᠠᠶᠢᠴᠠᠭᠠᠨ ᠰᠤᠳᠤᠯᠵᠠᠢ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠹᠦᠶᠠᠩ ᠬᠤᠳᠠ ᠶᠢᠨ ᠹᠦᠨᠠᠨ | ᠰᠢᠶᠠᠨ ᠤ ᠸᠠᠩ ᠵᠢᠶᠠ ᠪᠠ ᠬᠠᠰᠢᠯᠭ᠎ᠠ ᠳᠤ ᠬᠦᠷᠴᠤ᠂ ᠠᠨᠾᠦ᠋ᠢ ᠮᠤᠵᠢ ᠶᠢᠨ ᠦᠶᠡᠷ ᠢ ᠰᠡᠷᠭᠡᠶᠢᠯᠡᠬᠦ ᠠᠵᠢᠯ ᠵᠢᠴᠢ | ᠸᠠᠩ ᠵᠢᠶᠠ ᠪᠠ ᠶᠢᠨ ᠬᠠᠭᠠᠯᠳᠠ ᠪᠠᠨ ᠨᠡᠭᠡᠭᠡᠵᠦ ᠦᠶᠡᠷ ᠢ ᠵᠠᠯᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ | ᠸᠠᠩ ᠵᠢᠶᠠ ᠪᠠ ᠬᠠᠰᠢᠯᠭ᠎ᠠ ᠨᠢ ᠮᠢᠩᠭᠠᠨ ᠭᠠᠵᠠᠷ ᠤᠨ ᠬᠤᠸᠠᠶᠢᠾᠧ ᠭᠤᠤᠯ ᠤᠨ ︽ᠨᠢᠭᠡᠳᠦᠭᠡᠷ ᠬᠠᠰᠢᠯᠭ᠎ᠠ︾ ᠭᠡᠬᠦ | ᠠᠯᠳᠠᠷ ᠲᠠᠢ᠃ ᠡᠨᠡ ᠵᠢᠯ ᠤᠨ 7 ᠰᠠᠷ᠎ᠠ ᠶᠢᠨ 20 ᠤ ᠡᠳᠦᠷ᠂ ᠸᠠᠩ ᠵᠢᠶᠠ ᠪᠠ ᠬᠠᠰᠢᠯᠭ᠎ᠠ 13 ᠵᠢᠯ ᠤᠨ ᠳᠠᠷᠠᠭ᠎ᠠ | ᠳᠠᠬᠢᠨᠳᠠ ᠬᠠᠭᠠᠯᠳᠠ ᠪᠠᠨ ᠨᠡᠭᠡᠭᠡᠵᠦ ᠦᠶᠡᠷ ᠬᠤᠷᠠᠭᠤᠯᠵᠤ᠂ ᠤᠷᠬᠢᠯ ᠤᠨ ᠬᠤᠭᠤᠴᠠᠭ᠎ᠠ ᠠᠴᠠ ᠵᠠᠶᠢᠯᠠᠰᠬᠢᠨ | ᠳᠠᠷᠤᠯᠳᠠ ᠶᠢ ᠪᠠᠭᠠᠰᠬᠠᠬᠤ ᠦᠢᠯᠡᠳᠦᠯ ᠢᠶᠠᠨ ᠪᠦᠲᠦᠮᠵᠢᠳᠠᠢ ᠪᠠᠳᠠᠷᠠᠭᠤᠯᠵᠠᠢ᠃ ᠸᠠᠩ ᠵᠢᠶᠠ ᠪᠠ ᠶᠢᠨ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠬᠦ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ ᠬᠤᠸᠠᠶᠢᠾᠧ ᠭᠤᠤᠯ ᠢ | ᠵᠠᠰᠠᠭᠰᠠᠨ ᠲᠡᠦᠬᠡ ᠪᠤᠯᠤᠨ ᠬᠤᠸᠠᠶᠢᠾᠧ ᠭᠤᠤᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ ᠠᠵᠢᠯ ᠤᠨ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠬᠤᠸᠠᠶᠢᠾᠧ ᠭᠤᠤᠯ ᠪᠤᠯ ᠰᠢᠨ᠎ᠠ ᠳᠤᠮᠳᠠᠳᠤ | ᠤᠯᠤᠰ ᠪᠠᠶᠢᠭᠤᠯᠤᠭᠳᠠᠭᠰᠠᠨ ᠤ ᠳᠠᠷᠠᠭ᠎ᠠ ᠪᠦᠬᠦ ᠲᠠᠯ᠎ᠠ ᠪᠠᠷ ᠰᠢᠰᠲ᠋ᠧᠮ ᠲᠠᠢ ᠵᠠᠰᠠᠭᠰᠠᠨ ᠨᠢᠭᠡᠳᠦᠭᠡᠷ ᠶᠡᠭᠡ ᠭᠤᠤᠯ | ᠪᠤᠯᠤᠨ᠎ᠠ᠃ 70 ᠵᠢᠯ ᠤᠨ ᠲᠤᠷᠰᠢ᠂ ᠬᠤᠸᠠᠶᠢᠾᠧ ᠭᠤᠤᠯ ᠤᠨ ᠵᠠᠰᠠᠯᠳᠠ ᠲᠤᠪᠤᠶᠢᠮ᠎ᠠ ᠦᠷ᠎ᠠ ᠪᠦᠲᠦᠮᠵᠢ ᠤᠯᠵᠤ᠂ | ᠦᠶᠡᠷ ᠢ ᠰᠡᠷᠭᠡᠶᠢᠯᠡᠬᠦ ᠰᠢᠰᠲ᠋ᠧᠮ ᠶᠠᠪᠤᠬᠤ ᠲᠤᠳᠤᠮ ᠲᠡᠭᠦᠯᠳᠡᠷᠵᠢᠵᠦ᠂ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠪᠡ᠃ | ᠬᠤᠸᠠᠶᠢᠾᠧ ᠭᠤᠤᠯ ᠢ ᠵᠠᠰᠠᠭᠰᠠᠨ ᠲᠤᠷᠰᠢᠯᠭ᠎ᠠ ᠪᠠᠨ ᠰᠠᠶᠢᠳᠦᠷ ᠳ᠋ᠦᠩᠨᠡᠵᠦ᠂ ︽ᠠᠷᠪᠠᠨ ᠳᠦᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠤ ᠬᠤᠸᠠᠶᠢᠾᠧ ᠭᠤᠤᠯ ᠤᠨ ᠵᠠᠰᠠᠯᠳᠠ ᠶᠢᠨ ᠲᠦᠰᠦᠯ ᠢ ᠰᠠᠶᠢᠳᠦᠷ ᠲᠦᠯᠦᠪᠵᠢᠭᠦᠯᠬᠦ ᠬᠡᠷᠡᠭᠳᠠᠢ | ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠰᠢ ᠶᠢᠨ ᠫᠢᠩ ᠤᠢᠢᠷ᠎ᠠ ᠬᠠᠪᠢ ᠶᠢᠨ ᠬᠤᠩ ᠯᠢᠶᠠᠩ ᠬᠠᠶᠢᠷᠴᠠᠭ ᠪᠤᠭᠴᠤ ᠶᠢᠨ ᠬᠢᠵᠠᠭᠠᠷᠳᠦ | ᠺᠤᠮᠫᠠᠨᠢ ᠳᠤ ᠬᠦᠷᠴᠤ᠂ ᠹᠦᠨᠠᠨ ᠰᠢᠶᠠᠨ ᠤ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠪᠤᠯᠤᠨ ᠭᠠᠮᠰᠢᠭ ᠠᠴᠠ | ᠪᠤᠯᠵᠤ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠪᠠᠶᠢᠭ᠎ᠠ ᠪᠠᠶᠢᠳᠠᠯ ᠢ ᠤᠢᠢᠯᠠᠭᠠᠵᠤ᠂ ᠦᠢᠯᠡᠳᠪᠤᠷᠢ ᠶᠢᠨ | ᠲᠠᠰᠤᠭ ᠤᠨ ᠦᠢᠯᠡᠳᠪᠤᠷᠢᠯᠡᠯ ᠤᠨ ᠱᠤᠭᠤᠮ ᠢ ᠪᠠᠶᠢᠴᠠᠭᠠᠨ ᠦᠵᠡᠵᠦ᠂ ᠠᠵᠢᠯᠳᠠᠨ ᠠᠵᠢᠯᠴᠢᠨ ᠲᠠᠢ ᠲᠤᠳᠤᠨᠤ ᠪᠠᠷ | ᠶᠠᠷᠢᠯᠴᠠᠪᠠ᠃ ᠰᠢ ᠶᠢᠨ ᠫᠢᠩ ᠠᠵᠤ ᠠᠬᠤᠢᠢᠯᠠᠯ ᠢ ᠬᠦᠴᠢᠷ ᠪᠡᠷᠬᠡᠰᠢᠶᠠᠯ ᠢ ᠢᠯᠠᠨ ᠳᠠᠪᠠᠵᠤ᠂ ᠭᠠᠮᠰᠢᠭ ᠠᠴᠠ | ᠪᠤᠯᠤᠭᠰᠠᠨ ᠬᠤᠬᠢᠷᠠᠯ ᠢᠶᠠᠨ ᠡᠭᠡᠭᠦᠯᠵᠦ ᠠᠪᠴᠢᠷᠠᠬᠤ ᠶᠢ ᠬᠦᠰᠡᠪᠡ᠃ ᠲᠡᠷᠡ ᠡᠯ᠎ᠠ ᠱᠠᠳᠤᠨ ᠤ ᠨᠠᠮ ᠤᠨ ᠬᠤᠷᠢᠶ᠎ᠠ | ᠪᠤᠯᠤᠨ ᠵᠠᠰᠠᠭ ᠤᠨ ᠤᠷᠳᠤᠨ ᠳᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢᠢᠯᠠᠯ ᠢ ᠬᠠᠪᠰᠤᠷᠤᠨ | ᠬᠦᠴᠢᠷ ᠪᠤᠭᠤᠮᠳᠠ ᠶᠢ ᠳᠠᠪᠠᠨ ᠲᠤᠭᠤᠯᠵᠤ᠂ ᠭᠠᠮᠰᠢᠭᠳᠠᠭᠰᠠᠨ ᠤᠯᠠᠨ ᠲᠦᠮᠡᠨ᠂ ᠶᠠᠳᠠᠭᠤ ᠬᠦᠴᠢᠷᠳᠡᠯᠳᠠᠢ ᠤᠯᠠᠨ | ᠲᠦᠮᠡᠨ ᠤ ᠠᠵᠢᠯ ᠤᠯᠭᠤᠯᠳᠠ ᠶᠢ ᠪᠠᠳᠤᠯᠠᠬᠤ ᠬᠡᠷᠡᠭᠳᠠᠢ ᠭᠡᠵᠦ ᠱᠠᠭᠠᠷᠳᠠᠪᠠ᠃ | ᠶᠠᠳᠠᠭᠤ ᠶᠢ ᠳᠡᠳᠬᠦᠬᠦ ᠦᠢᠯᠡᠳᠪᠤᠷᠢ ᠶᠢᠨ ᠲᠠᠰᠤᠭ ᠠᠴᠠ ᠰᠠᠯᠵᠤ᠂ ᠰᠢ ᠶᠢᠨ ᠫᠢᠩ ᠮᠧᠩ ᠸᠠ ᠦᠶᠡᠷ | ᠬᠤᠷᠠᠭᠤᠯᠬᠤ ᠤᠷᠤᠨ ᠤ ᠼᠤᠤ ᠵᠢᠢ ᠪᠠᠯᠭᠠᠰᠤ ᠶᠢᠨ ᠯᠢ ᠮᠢᠨ ᠲᠤᠰᠬᠤᠨ ᠤ ᠰᠢ ᠲᠢᠶᠠᠨ ᠫᠥᠸᠧ ᠡᠳ᠋ᠯᠡᠩ ᠳᠤ | ᠬᠦᠷᠴᠤ ᠪᠠᠶᠢᠴᠠᠭᠠᠨ ᠰᠤᠳᠤᠯᠪᠠ᠃ ᠦᠶᠡᠷ ᠦᠩᠭᠡᠷᠡᠭᠰᠡᠨ ᠤ ᠳᠠᠷᠠᠭ᠎ᠠ᠂ ᠡᠳ᠋ᠯᠡᠩ ᠤᠨ ᠤᠢᠢᠷ᠎ᠠ ᠬᠠᠪᠢ ᠶᠢᠨ ᠲᠠᠷᠢᠶᠠᠨ | ᠭᠠᠵᠠᠷ ᠢᠶᠠᠷ ᠲᠠᠷᠢᠶᠠᠴᠢᠳ ᠶᠠᠭᠠᠷᠠᠯᠳᠠᠢ ᠠᠵᠢᠯᠯᠠᠠ᠂ ᠲᠤᠰᠬᠤᠨ ᠤ ᠠᠷᠠᠳ ᠤᠰᠤᠨ ᠴᠦᠬᠦᠷᠦᠮ ᠠᠴᠠ ᠪᠠᠨ ᠳᠠᠬᠢᠶᠠᠨ | ᠲᠤᠯᠤᠭᠠᠢᠢᠳᠦ ᠯᠢᠩᠬᠤᠸ᠎ᠠ ᠶᠢᠨ ᠦᠷ᠎ᠠ ᠲᠡᠬᠦᠵᠦ᠂ ᠦᠶᠡᠷ ᠳᠠᠳᠠᠷᠠᠭᠰᠠᠨ ᠲᠠᠷᠢᠶᠠᠨ ᠳᠠᠭᠠᠨ ᠢᠳᠡᠰᠢᠨ ᠨᠤᠭᠤᠭ᠎ᠠ | ᠨᠦᠬᠦᠵᠦ ᠲᠠᠷᠢᠭᠠᠳ ᠶᠠᠭᠠᠷᠠᠯᠳᠤᠨ᠎ᠠ᠃ ᠰᠢ ᠶᠢᠨ ᠫᠢᠩ ᠲᠠᠷᠢᠶᠠᠨ ᠤ ᠳᠠᠯᠠᠩ ᠢ ᠳᠠᠭᠠᠵᠤ ᠲᠠᠷᠢᠶᠠᠨ ᠤ ᠳᠤᠮᠳᠠ | ᠬᠦᠷᠴᠤ᠂ ᠬᠦᠳᠡᠯᠮᠦᠷᠢᠯᠡᠵᠦ ᠪᠠᠶᠢᠭ᠎ᠠ ᠨᠤᠳᠤᠭ ᠤᠨ ᠠᠬ᠎ᠠ ᠳᠡᠭᠦᠦ ᠨᠠᠷ ᠠᠴᠠ ᠦᠢᠯᠡᠳᠪᠤᠷᠢᠯᠡᠯ ᠢᠶᠠᠨ ᠰᠡᠷᠭᠦᠭᠡᠵᠦ | ᠪᠠᠶᠢᠭ᠎ᠠ ᠪᠠᠶᠢᠳᠠᠯ ᠢ ᠤᠢᠢᠯᠠᠭᠠᠪᠠ᠃ ᠲᠡᠷᠡ᠂ ᠤᠷᠤᠨ ᠨᠤᠳᠤᠭ ᠤᠨ ᠪᠠᠶᠢᠳᠠᠯ ᠳᠠᠭᠠᠨ ᠵᠤᠬᠢᠴᠠᠭᠤᠯᠵᠤ᠂ ᠵᠠᠪᠳᠤᠨ | ᠲᠠᠷᠢᠵᠤ ᠨᠦᠬᠦᠨ ᠲᠠᠷᠢᠵᠤ᠂ ᠭᠠᠮᠰᠢᠭ ᠠᠴᠠ ᠪᠤᠯᠤᠭᠰᠠᠨ ᠬᠤᠬᠢᠷᠠᠯ ᠢ ᠴᠢᠳᠠᠬᠤᠶᠢᠨ ᠲᠤᠳᠤᠷ᠎ᠠ ᠪᠠᠭᠠᠰᠬᠠᠵᠤ᠂ | ᠨᠠᠮᠤᠷ ᠤᠨ ᠤᠯᠠᠷᠢᠯ ᠳᠤ ᠮᠦᠨ ᠬᠦ ᠰᠠᠶᠢᠨ ᠬᠤᠷᠢᠶᠠᠯᠳᠠ ᠤᠯᠬᠤ ᠪᠠᠷ ᠴᠢᠷᠮᠠᠶᠢᠬᠤ ᠬᠡᠷᠡᠭᠳᠠᠢ᠃ ᠦᠶᠡᠷ ᠬᠤᠷᠠᠭᠤᠯᠬᠤ | ᠤᠷᠤᠨ ᠤ ᠤᠨᠴᠠᠯᠢᠭ ᠢᠶᠠᠨ ᠦᠨᠳᠦᠰᠦᠯᠡᠨ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠢ ᠳᠤᠬᠢᠷᠠᠭᠤᠯᠵᠤ᠂ | ᠳᠠᠪᠠᠭᠤᠯᠢᠭ ᠢᠶᠠᠨ ᠪᠠᠳᠠᠷᠠᠭᠤᠯᠬᠤ ᠶᠢᠨ ᠬᠠᠮᠳᠤ ᠨᠤᠳᠤᠭ ᠤᠨ ᠠᠬ᠎ᠠ ᠳᠡᠭᠦᠦ ᠨᠠᠷ ᠤᠨ ᠠᠭᠠᠵᠢᠮ ᠢᠶᠠᠷ ᠨᠡᠬᠦᠵᠦ | ᠭᠠᠷᠬᠤ ᠶᠢ ᠬᠦᠳᠦᠯᠦᠨ ᠵᠢᠯᠤᠭᠤᠳᠬᠤ ᠪᠠ ᠵᠤᠷᠢᠭᠵᠢᠭᠤᠯᠵᠤ᠂ ᠦᠶᠡᠷ ᠬᠤᠷᠠᠭᠤᠯᠬᠤ ᠤᠷᠤᠨ ᠤ ᠬᠦᠮᠦᠨ ᠠᠮᠠ | ᠠᠬᠢᠵᠤ ᠨᠡᠮᠡᠭᠳᠡᠬᠦ ᠦᠭᠡᠢ ᠪᠠᠶᠢᠬᠤ ᠶᠢ ᠪᠠᠳᠤᠯᠠᠬᠤ ᠬᠡᠷᠡᠭᠳᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠰᠢ ᠲᠢᠶᠠᠨ ᠫᠦᠸᠧ ᠡᠳ᠋ᠯᠡᠩ ᠳᠤ ᠬᠦᠷᠴᠤ᠂ ᠲᠤᠰᠬᠤᠨ ᠤ ᠳᠦᠷᠰᠦ ᠪᠠᠶᠢᠳᠠᠯ ᠢ | ᠪᠠᠶᠢᠴᠠᠭᠠᠵᠤ ᠦᠵᠡᠭᠰᠡᠨ ᠪᠦᠭᠡᠳ ᠲᠤᠰᠬᠤᠨ ᠤ ᠠᠷᠠᠳ ᠤᠨ ᠭᠡᠷ ᠲᠤ ᠤᠷᠤᠵᠤ᠂ ᠭᠡᠷ ᠪᠦᠯᠢ ᠶᠢᠨ ᠤᠷᠤᠯᠭ᠎ᠠ᠂ | ᠭᠠᠮᠰᠢᠭ ᠠᠴᠠ ᠪᠤᠯᠤᠭᠰᠠᠨ ᠬᠤᠬᠢᠷᠠᠯ᠂ ᠦᠢᠯᠡᠳᠪᠤᠷᠢᠯᠡᠯ ᠢᠶᠠᠨ ᠰᠡᠷᠭᠦᠭᠡᠭᠰᠡᠨ ᠪᠠᠶᠢᠳᠠᠯ ᠵᠡᠷᠭᠡ ᠶᠢ ᠨᠢ ᠤᠢᠢᠯᠠᠭᠠᠪᠠ᠃ | ᠰᠢ ᠶᠢᠨ ᠫᠢᠩ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤᠯᠤᠰ ᠤᠨ ᠳᠤᠭᠳᠠᠭᠠᠯ ᠶᠤᠰᠤᠭᠠᠷ | ᠂ ᠬᠤᠯᠪᠤᠭᠳᠠᠯ ᠪᠦᠬᠦᠢ ᠨᠦᠬᠦᠪᠤᠷᠢ ᠵᠤᠭᠤᠰ ᠢ ᠳᠠᠷᠤᠢ ᠳᠦᠷᠭᠡᠨ ᠨᠠᠶᠢᠳᠠᠪᠤᠷᠢᠵᠢᠭᠤᠯᠬᠤ ᠶᠢᠨ ᠬᠠᠮᠳᠤ ᠦᠨᠳᠦᠰᠦᠨ | ᠵᠦᠢᠯ ᠢ ᠪᠠᠳᠤᠯᠠᠬᠤ ᠵᠡᠷᠭᠡ ᠬᠠᠪᠰᠤᠷᠤᠨ ᠳᠡᠳᠬᠦᠬᠦ ᠠᠷᠭ᠎ᠠ ᠬᠡᠮᠵᠢᠶ᠎ᠠ ᠭᠠᠷᠭᠠᠵᠤ᠂ ᠭᠠᠮᠰᠢᠭᠳᠠᠭᠰᠠᠨ ᠤᠯᠠᠨ | ᠲᠦᠮᠡᠨ ᠤ ᠦᠨᠳᠦᠰᠦᠨ ᠠᠮᠢᠳᠤᠷᠠᠯ ᠳᠤ ᠨᠦᠯᠦᠭᠡ ᠪᠤᠯᠬᠤ ᠦᠭᠡᠢ ᠶᠢ ᠦᠨᠡᠨ ᠬᠦ ᠪᠠᠳᠤᠯᠠᠬᠤ ᠬᠡᠷᠡᠭᠳᠠᠢ ᠭᠡᠵᠦ | ᠵᠢᠭᠠᠵᠤ ᠭᠠᠷᠭᠠᠪᠠ᠃ | ᠡᠳ᠋ᠯᠡᠩ ᠠᠴᠠ ᠠᠶᠠᠷᠯᠠᠬᠤ ᠦᠶᠡᠰ ᠲᠤ᠂ ᠲᠤᠰᠬᠤᠨ ᠤ ᠠᠷᠠᠳ ᠲᠠᠯ᠎ᠠ ᠲᠠᠯ᠎ᠠ ᠠᠴᠠ ᠶᠡᠷᠦᠩᠬᠡᠢ ᠱᠦᠵᠢ ᠶᠢᠨ | ᠠᠮᠦᠷ ᠢ ᠠᠰᠠᠭᠤᠵᠤ ᠪᠠᠶᠢᠯ᠎ᠠ᠃ ᠰᠢ ᠶᠢᠨ ᠫᠢᠩ ᠨᠤᠳᠤᠭ ᠤᠨ ᠠᠷᠠᠳ ᠲᠤ᠂ ᠭᠠᠮᠰᠢᠭᠳᠠᠭᠰᠠᠨ ᠤᠷᠤᠨ ᠤ ᠤᠯᠠᠨ | ᠲᠦᠮᠡᠨ ᠤ ᠲᠦᠯᠦᠭᠡ ᠪᠢ ᠶᠡᠭᠡ ᠰᠠᠨᠠᠭᠠᠰᠢᠷᠠᠳᠠᠭ᠂ ᠡᠨᠡ ᠤᠳᠠᠭ᠎ᠠ ᠲᠠ ᠤᠯᠠᠠ ᠢ ᠲᠤᠰᠬᠠᠢᠢᠯᠠᠨ ᠦᠵᠡᠬᠦ ᠪᠠᠷ | ᠢᠷᠡᠵᠦ᠂ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠬᠠᠪᠰᠤᠷᠤᠯᠭ᠎ᠠ ᠪᠠᠷ ᠤᠯᠠᠨ ᠢᠶᠠᠷ ᠢᠶᠠᠨ ᠬᠡᠪ ᠤᠨ | ᠠᠮᠢᠳᠤᠷᠠᠯ ᠢᠶᠠᠨ ᠠᠭᠠᠵᠢᠮ ᠢᠶᠠᠷ ᠰᠡᠷᠭᠦᠭᠡᠵᠦ᠂ ᠦᠢᠯᠡᠳᠪᠤᠷᠢᠯᠡᠯ ᠢᠶᠠᠷ ᠦᠪᠡᠷ ᠢ ᠪᠠᠨ ᠠᠪᠤᠷᠠᠬᠤ ᠠᠵᠢᠯ ᠢ | ᠢᠳᠡᠪᠬᠢᠳᠠᠢ ᠦᠷᠨᠢᠭᠦᠯᠵᠦ ᠪᠠᠶᠢᠭ᠎ᠠ ᠶᠢ ᠦᠵᠡᠭᠡᠳ ᠪᠢ ᠰᠠᠨᠠᠭ᠎ᠠ ᠠᠮᠤᠷᠠᠯᠠ᠃ ᠤᠯᠠᠨ ᠢᠶᠠᠷ ᠢᠶᠠᠨ ᠦᠪᠡᠷ ᠤᠨ | ᠬᠦᠴᠦ ᠪᠠᠷ ᠢᠶᠠᠨ ᠳᠡᠭᠵᠢᠷᠡᠵᠦ᠂ ᠦᠷᠭᠦᠯᠵᠢᠯᠡᠨ ᠴᠢᠷᠮᠠᠶᠢᠨ ᠠᠵᠢᠯᠯᠠᠵᠤ᠂ ᠠᠮᠢᠳᠤᠷᠠᠯ ᠢᠶᠠᠨ ᠡᠳᠦᠷ ᠠᠴᠠ ᠡᠳᠦᠷ | ᠦᠭᠡᠳᠡᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | 19 ᠤ ᠦᠳᠡ ᠶᠢᠨ ᠡᠮᠦᠨ᠎ᠡ᠂ ᠰᠢ ᠶᠢᠨ ᠫᠢᠩ ᠮᠠ ᠠᠨ ᠱᠠᠨ ᠬᠤᠳᠠ ᠳᠤ ᠬᠦᠷᠴᠤ ᠪᠠᠶᠢᠴᠠᠭᠠᠨ ᠰᠤᠳᠤᠯᠪᠠ | ᠃ ᠰᠢᠤᠸᠠᠢ ᠵᠢᠶᠠ ᠸᠠ ᠠᠮᠢ ᠠᠬᠤᠢ ᠶᠢᠨ ᠬᠦᠷᠢᠶᠡᠯᠡᠩ ᠬᠥᠬᠡᠮᠥ᠋ᠷᠡᠨ ᠤ ᠬᠥᠪᠡᠭᠡᠨ ᠳᠤ ᠪᠠᠶᠢᠷᠢᠯᠠᠵᠤ᠂ ᠬᠠᠮᠢᠶ᠎ᠠ ᠨᠠᠮᠢᠶ᠎ᠠ | ᠦᠭᠡᠢ ᠪᠠᠶᠢᠭᠤᠯᠬᠤ᠂ ᠪᠣᠬᠢᠷ ᠤᠰᠤ ᠭᠠᠵᠠᠷ ᠰᠠᠢ ᠦᠭᠡᠢ ᠤᠷᠤᠰᠬᠤ ᠪᠠᠶᠢᠳᠠᠯ ᠤᠷᠳᠤ ᠬᠤᠭᠤᠴᠠᠭ᠎ᠠ ᠪᠠᠷ ᠤᠷᠤᠰᠢᠵᠤ | ᠪᠠᠶᠢᠵᠠᠢ᠂ ᠴᠡᠭᠴᠡᠯᠡᠨ ᠵᠠᠰᠠᠬᠤ ᠪᠠᠷ ᠳᠠᠮᠵᠢᠨ᠂ ᠡᠳᠦᠭᠡ ᠠᠳᠡᠬᠢ ᠨᠢ ᠨᠢᠭᠡᠨᠲᠡ ᠠᠷᠠᠳ ᠲᠦᠮᠡᠨ ᠤ ᠤᠰᠤ | ᠮᠦᠷᠡᠨ ᠲᠠᠢ ᠤᠢᠢᠷᠠᠳᠴᠤ ᠨᠣᠭᠤᠭᠠᠨ ᠤᠷᠭᠤᠮᠠᠯ ᠡᠪᠡᠰᠦ ᠲᠠᠢ ᠤᠢᠢᠷᠠᠳᠬᠤ ᠦᠵᠡᠰᠬᠦᠯᠡᠩᠲᠦ ᠰᠠᠶᠢᠬᠠᠨ | ᠦᠵᠡᠮᠵᠢ ᠶᠢᠨ ᠱᠤᠭᠤᠮ ᠪᠣᠯᠵᠠᠢ᠃ | ᠰᠢ ᠶᠢᠨ ᠫᠢᠩ ᠮᠠ ᠠᠨ ᠱᠠᠨ ᠬᠤᠳᠠ ᠶᠢᠨ ᠬᠥᠬᠡᠮᠥ᠋ᠷᠡᠨ ᠤ ᠡᠷᠭᠢ ᠶᠢᠨ ᠱᠤᠭᠤᠮ ᠢ ᠶᠡᠷᠦᠩᠬᠡᠶᠢᠯᠡᠨ | ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ᠂ ᠬᠥᠬᠡᠮᠥ᠋ᠷᠡᠨ ᠳᠤ ᠵᠢᠭᠠᠰᠤ | ᠠᠩᠨᠠᠬᠤ ᠶᠢ ᠠᠷᠪᠠᠨ ᠵᠢᠯ ᠵᠤᠭᠰᠤᠭᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ | ᠣᠶᠢᠯᠠᠭᠠᠬᠰᠠᠨ ᠪᠦᠬᠡᠳ ᠮᠦᠷᠡᠨ ᠤ ᠬᠦᠪᠡᠭᠡᠨ ᠳᠤ ᠬᠦᠷᠴᠤ ᠬᠥᠬᠡᠮᠥ᠋ᠷᠡᠨ ᠤ ᠤᠰᠤᠨ ᠤ ᠪᠠᠶᠢᠳᠠᠯ ᠪᠣᠯᠤᠨ ᠡᠷᠭᠢ ᠶᠢᠨ | ᠱᠤᠭᠤᠮ ᠤᠨ ᠠᠮᠢ ᠠᠬᠤᠶ ᠣᠷᠴᠢᠨ ᠲᠣᠭᠤᠷᠢᠨ ᠢ ᠪᠠᠶᠢᠴᠠᠭᠠᠨ ᠦᠵᠡᠵᠡᠶ᠃ ᠰᠢ ᠶᠢᠨ ᠫᠢᠩ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠤᠯᠤᠨ ᠠᠵᠤ ᠠᠬᠤᠢᠶᠢᠨ ᠬᠥᠭᠵᠢᠯᠲᠡ ᠨᠢ ᠬᠠᠷᠢᠯᠴᠠᠨ ᠵᠥᠷᠢᠴᠡᠯᠳᠤᠨ ᠡᠰᠡᠷᠭᠦᠴᠡᠯᠳᠦᠬᠦ | ᠬᠠᠷᠢᠴᠠᠭ᠎ᠠ ᠲᠠᠢ ᠪᠢᠰᠢ᠂ ᠬᠠᠷᠢᠨ ᠬᠤᠪᠢᠰᠤᠩᠭᠤᠢ ᠨᠢᠭᠡᠳᠬᠦ ᠬᠠᠷᠢᠴᠠᠭ᠎ᠠ ᠲᠠᠢ ᠶᠤᠮ᠃ ᠠᠮᠢ ᠠᠬᠤᠢ ᠶᠢ ᠰᠠᠶᠢᠲᠤᠷ | ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠪᠠᠯ ᠰᠠᠶᠢ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠵᠦ ᠴᠢᠳᠠᠨ᠎ᠠ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠵᠤᠭᠰᠤᠭᠠᠬᠤ ᠲᠥᠯᠥᠪᠯᠡᠭᠡ ᠶᠢ | ᠬᠡᠷᠡᠭᠵᠢᠭᠦᠯᠬᠦ ᠳᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠥᠷᠭᠡᠨ ᠣᠯᠠᠨ ᠵᠢᠭᠠᠰᠤᠴᠢᠨ ᠢ ᠡᠷᠭᠢ ᠳᠡᠭᠡᠷ᠎ᠡ | ᠭᠠᠷᠬᠤ ᠳᠤᠷᠠᠲᠠᠶ᠂ ᠡᠷᠭᠢ ᠳᠡᠭᠡᠷ᠎ᠡ ᠭᠠᠷᠴᠤ ᠴᠢᠳᠠᠬᠤ᠂ ᠡᠷᠭᠢ ᠳᠡᠭᠡᠷ᠎ᠡ ᠭᠠᠷᠤᠭᠰᠠᠨ ᠤ ᠳᠠᠷᠠᠭ᠎ᠠ ᠲᠣᠭᠲᠠᠪᠤᠷᠢᠵᠢᠵᠤ | ᠴᠢᠳᠠᠬᠤ᠂ ᠪᠠᠶᠠᠵᠢᠵᠤ ᠴᠢᠳᠠᠬᠤ ᠪᠤᠯᠭᠠᠬᠤ ᠬᠡᠷᠡᠭᠳᠡᠢ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠪᠦᠳᠦᠭᠡᠨ | ᠪᠠᠶᠢᠭᠤᠯᠤᠯᠲᠠ ᠳᠤ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠬᠢᠵᠦ | ᠪᠣᠯᠬᠤ ᠦᠭᠡᠢ᠃ ᠬᠥᠬᠡᠮᠥ᠋ᠷᠡᠨ ᠢ ᠬᠠᠶᠢᠷᠠᠯᠠᠬᠤ᠂ ᠬᠥᠬᠡᠮᠥ᠋ᠷᠡᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ︽ | ᠠᠷᠠᠳ ᠲᠦᠮᠡᠨ ᠨᠢ ᠬᠥᠬᠡᠮᠥ᠋ᠷᠡᠨ ᠢ ᠬᠠᠮᠠᠭᠠᠯᠠᠵᠤ᠂ ᠬᠦᠬᠡᠮᠦ᠋ᠷᠡᠨ ᠨᠢ ᠠᠷᠠᠳ ᠲᠦᠮᠡᠨ ᠳᠤ ᠪᠤᠶᠠᠨ ᠦᠢᠯᠡᠳᠬᠦ︾ | ᠰᠠᠶᠢᠨ ᠰᠠᠶᠢᠬᠠᠨ ᠣᠷᠴᠢᠯ ᠢ ᠪᠤᠢ ᠪᠤᠯᠭᠠᠵᠤ᠂ ︽ᠦᠷᠭᠡᠨ ᠮᠥᠷᠡᠨ ᠤ ᠨᠤᠮᠢᠨ ᠤᠰᠤ ᠵᠡᠭᠦᠨᠰᠢ ᠪᠠᠨ ᠳᠠᠪᠠᠯᠭᠠᠯᠠᠨ | ᠤᠷᠤᠰᠬᠤ︾ ᠭᠤᠶᠢᠳᠠ ᠦᠵᠡᠮᠵᠢ ᠡᠷᠳᠡ ᠨᠢᠭᠡᠨ ᠡᠳᠦᠷ ᠳᠠᠬᠢᠨᠳᠠ ᠢᠯᠡᠷᠡᠬᠦ ᠪᠤᠯᠭᠠᠬᠤ ᠬᠡᠷᠡᠭᠳᠡᠢ ᠬᠡᠵᠥ | ᠴᠢᠬᠤᠯᠠᠴᠢᠯᠠᠪᠠ᠃ | ᠮᠠ ᠠᠨ ᠱᠠᠨ ᠬᠤᠳᠠ ᠪᠤᠯᠤᠳ ᠳᠡᠮᠦᠷ ᠠᠴᠠ ᠪᠤᠯᠵᠥ ᠪᠠᠶᠢᠭᠤᠯᠤᠭᠳᠠᠵᠤ᠂ ᠪᠤᠯᠤᠳ ᠳᠡᠮᠤᠷ ᠠᠴᠠ ᠪᠤᠯᠵᠤ | ᠬᠥᠭᠵᠢᠨ ᠮᠠᠨᠳᠤᠭᠰᠠᠨ ᠶᠤᠮ᠃ ᠰᠢ ᠶᠢᠨ ᠫᠢᠩ ᠳᠤᠮᠳᠠᠳᠤ ᠤᠯᠤᠰ ᠤᠨ ᠪᠦᠦ ᠡᠦ ᠮᠠ ᠭᠠᠩ ᠪᠦᠯᠦᠭᠯᠡᠯ ᠳᠤ ᠬᠦᠷᠴᠦ | ᠂ ᠠᠵᠤ ᠠᠬᠤᠶᠢᠯᠠᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠭᠤᠣᠯᠳᠠᠯᠭ᠎ᠠ ᠲᠠᠢ | ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠳᠠᠷᠠᠭ᠎ᠠ ᠨᠢ᠂ ᠰᠢ ᠶᠢᠨ ᠫᠢᠩ ᠴᠢᠨᠠᠷ ᠰᠠᠶᠢᠲᠠᠢ | ᠬᠠᠶᠢᠯᠤᠰᠢ ᠶᠢᠨ ᠮᠠᠲ᠋ᠧᠷᠢᠶᠠᠯ ᠤᠨ ᠲᠠᠰᠤᠭ ᠲᠤ ᠣᠷᠣᠵᠤ᠂ ᠬᠠᠯᠠᠭᠠᠯᠳᠠ ᠶᠢᠨ ᠵᠤᠤᠬ᠎ᠠ᠂ ᠠᠩᠬ᠎ᠠ ᠬᠡᠪᠰᠢᠭᠦᠯᠬᠦ ᠮᠠᠰᠢᠨ | ᠂ ᠳᠤᠮᠳᠠ ᠬᠡᠪᠰᠢᠭᠦᠯᠬᠦ ᠮᠠᠰᠢᠨ ᠵᠡᠷᠭᠡ ᠶᠢᠨ ᠡᠷᠬᠢᠯᠳᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠦᠢᠯᠡᠳᠪᠦᠷᠢ ᠶᠢᠨ | ᠲᠠᠰᠤᠭ ᠤᠨ ᠭᠠᠳᠠᠨ᠎ᠠ᠂ ᠠᠵᠤ ᠠᠬᠤᠶᠢᠯᠠᠯ ᠤᠨ ᠬᠥᠳᠡᠯᠮᠦᠷᠢ ᠶᠢᠨ ᠵᠢᠱᠢᠶᠡᠴᠢ᠂ ᠠᠵᠢᠯᠴᠢᠨ ᠤ ᠲᠥᠯᠥᠭᠡᠯᠡᠭᠴᠢ | ᠶᠡᠷᠦᠩᠬᠡᠢ ᠱᠦᠵᠢ ᠶᠢᠨ ᠬᠦᠷᠴᠤ ᠢᠷᠡᠭᠰᠡᠨ ᠢ ᠦᠵᠡᠭᠡᠳ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ | ᠤᠯᠠᠨ ᠲᠠᠢ ᠳᠣᠲᠣᠨᠣ ᠪᠠᠷ ᠮᠡᠨᠳᠦᠴᠢᠯᠡᠪᠡ᠃ ᠲᠡᠷᠡ᠂ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠮᠠ ᠭᠠᠩ | ᠪᠦᠯᠦᠭᠯᠡᠯ ᠬᠦ᠋ᠴᠢᠷ ᠪᠡᠷᠬᠡᠰᠢᠶᠡᠯ ᠢ ᠢᠯᠠᠨ ᠳᠠᠪᠠᠵᠤ᠂ ᠡᠩ ᠲᠡᠷᠢᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ | ᠳᠡᠭᠡᠷ᠎ᠡ ᠬᠠᠭᠠᠰ ᠵᠢᠯ ᠤᠨ ᠭᠠᠷᠤᠯᠲᠠ ᠪᠠ ᠡᠵᠡᠩᠨᠡᠯᠲᠡ ᠶᠢᠨ ᠣᠷᠣᠯᠭ᠎ᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ︽ᠬᠤᠣᠰ ᠨᠡᠮᠡᠭᠳᠡᠯ︾ ᠲᠠᠢ ᠪᠠᠶᠢᠬᠤ ᠶᠢ ᠪᠡᠶᠡᠯᠡᠭᠦᠯᠪᠡ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠢ ᠠᠳᠬᠤᠵᠥ᠂ ᠰᠢᠨ᠎ᠡ ᠮᠠᠲ᠋ᠧᠷᠢᠶᠠᠯ | ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠥ᠂ ᠮᠡᠷᠭᠡᠵᠢᠯ ᠤᠨ ᠠᠭᠤᠯᠤᠭᠳᠠᠴᠠ ᠥᠨᠳᠥᠷ᠂ ᠨᠡᠮᠡᠯᠲᠡ | ᠥᠷᠲᠡᠭ ᠥᠨᠳᠥᠷ ᠰᠢᠨ᠎ᠡ ᠦᠶ᠋ᠯᠡᠳᠬᠦᠨ ᠢ ᠨᠡᠩ ᠣᠯᠠᠨ ᠨᠡᠭᠡᠭᠡᠨ ᠦᠢᠯᠡᠳᠪᠦᠷᠢᠯᠡᠵᠤ᠂ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠴᠢᠩᠭᠠᠳᠬᠠᠬᠤ ᠬᠡᠷᠡᠭᠳᠡᠢ᠃ ᠬᠥᠳᠡᠯᠮᠦᠷᠢ ᠶᠢᠨ ᠵᠢᠱᠢᠶᠡᠴᠢ ᠪᠣᠯ ᠪᠥᠬᠦᠳᠡ ᠨᠠᠶᠢᠷᠠᠮᠳᠠᠬᠤ | ᠤᠯᠤᠰ ᠤᠨ ᠭᠠᠪᠢᠶᠠᠲᠠᠨ ᠮᠥᠨ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ | ᠬᠡᠷᠡᠭᠲᠡᠶ ᠬᠡᠵᠥ ᠵᠢᠭᠠᠵᠥ ᠭᠠᠷᠭᠠᠪᠠ᠃ | 19 ᠤ ᠦᠳᠡ ᠶᠢᠨ ᠬᠤᠶᠢᠨ᠎ᠠ᠂ ᠰᠢ ᠶᠢᠨ ᠫᠢᠩ ᠾᠧᠹᠸᠢ ᠬᠤᠳᠠ ᠶᠢᠨ ᠹᠸᠢ ᠳ᠋ᠦᠩ ᠰᠢᠶᠠᠨ ᠤ ᠠᠷᠪᠠᠨ | ᠨᠠᠢᠮᠠᠨ ᠬᠤᠯᠪᠤᠭᠠᠳᠤ ᠬᠠᠰᠢᠯᠭ᠎ᠠ ᠶᠢᠨ ᠠᠮᠢ ᠠᠬᠤᠢ ᠶᠢᠨ ᠨᠤᠭᠤ ᠭᠠᠵᠠᠷ ᠤᠨ ᠦᠶᠡᠷ ᠬᠤᠷᠠᠭᠤᠯᠬᠤ ᠤᠷᠤᠨ ᠤ ᠴᠤᠤ | ᠬᠤ᠋ ᠨᠠᠭᠤᠷ ᠤᠨ ᠶᠡᠭᠡ ᠬᠠᠰᠢᠯᠭ᠎ᠠ ᠶᠢᠨ ᠯᠦᠸᠧ ᠵᠢᠶ᠋ᠨ ᠲᠦᠩ ᠤᠨ ᠬᠡᠰᠡᠭ ᠲᠤ ᠬᠦᠷᠴᠤ ᠰᠢᠨᠵᠢᠯᠡᠨ ᠪᠠᠶᠢᠴᠠᠭᠠᠪᠠ᠃ | ᠡᠨᠡ ᠵᠢᠯ ᠦᠶᠡᠷ ᠤᠨ ᠬᠤᠭᠤᠴᠠᠭᠠᠨ ᠳᠤ ᠤᠷᠤᠬᠰᠠᠨ ᠠᠴᠠ ᠨᠠᠭᠠᠰᠢ᠂ ᠴᠤᠤ ᠬᠤ᠋ ᠨᠠᠭᠤᠷ ᠤᠨ ᠤᠰᠤᠨ ᠲᠦᠪᠰᠢᠨ | ᠲᠡᠤᠬᠡ ᠶᠢᠨ ᠤᠷᠬᠢᠯ ᠬᠡᠮᠵᠢᠭᠳᠡᠯ ᠢ ᠤᠯᠠᠨᠳᠠ ᠳᠠᠪᠠᠵᠥ᠂ ᠾᠧᠹᠧᠢ ᠬᠤᠲᠠ ᠠᠷᠪᠠᠨ ᠨᠠᠢᠮᠠᠨ ᠬᠤᠯᠪᠤᠭᠠᠳᠤ ᠬᠠᠰᠢᠯᠭ᠎ᠠ | ᠵᠢᠴᠢ ᠣᠶᠢᠷ᠎ᠠ ᠬᠠᠪᠢ ᠶᠢᠨ ᠬᠠᠰᠢᠯᠭ᠎ᠠ ᠶᠢᠨ ᠤᠷᠤᠨ ᠳᠤ ᠦᠶᠡᠷ ᠬᠤᠷᠠᠭᠤᠯᠬᠤ ᠶᠢ ᠰᠠᠨᠠᠭᠠᠴᠢᠯᠠᠭ᠎ᠠ ᠠᠴᠠ ᠪᠠᠨ | ᠡᠬᠢᠯᠡᠭᠦᠯᠵᠡᠶ᠃ ᠰᠢ ᠶᠢᠨ ᠫᠢᠩ ᠴᠤᠤ ᠬᠤ᠋ ᠨᠠᠭᠤᠷ ᠤᠨ ᠤᠰᠤᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠴᠤᠤ | ᠬᠤ᠋ ᠨᠠᠭᠤᠷ ᠢ ᠲᠣᠭᠤᠷᠢᠭᠰᠠᠨ ᠭᠤᠤᠯ ᠬᠠᠰᠢᠯᠭ᠎ᠠ ᠶᠢᠨ ᠦᠶᠡᠷ ᠢ ᠵᠠᠯᠠᠭᠰᠠᠨ ᠵᠢᠴᠢ ᠡᠷᠬᠢᠨ ᠲᠣᠭᠤᠷᠢᠨ ᠤ ᠨᠤᠭᠤ | ᠭᠠᠵᠠᠷ ᠲᠤ ᠦᠶᠡᠷ ᠬᠤᠷᠠᠭᠤᠯᠤᠬᠰᠠᠨ᠂ ᠴᠤᠤ ᠬᠤ᠋ ᠨᠠᠭᠤᠷ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠪᠠ ᠶᠡᠭᠡ ᠬᠠᠰᠢᠯᠭ᠎ᠠ ᠶᠢ ᠪᠠᠬᠢᠯᠡᠭᠰᠡᠨ | ᠪᠠᠶᠢᠳᠠᠯ ᠢ ᠣᠶᠢᠯᠠᠭᠠᠪᠠ᠃ ᠲᠡᠷᠡ᠂ ᠨᠤᠭᠤ ᠭᠠᠵᠠᠷ ᠤᠨ ᠦᠶᠡᠷ ᠬᠤᠷᠠᠭᠤᠯᠬᠤ ᠣᠷᠣᠨ ᠤ ᠪᠠᠶᠢᠷᠢ ᠲᠣᠭᠲᠠᠭᠠᠯᠲᠠ ᠪᠠ | ᠲᠥᠯᠥᠪᠵᠢᠭᠦᠯᠭᠡ ᠶᠢ ᠪᠠᠷᠢᠮᠲᠠᠯᠠᠵᠤ᠂ ᠠᠮᠢ ᠠᠬᠤᠶ ᠶᠢᠨ ᠨᠤᠭᠤ ᠭᠠᠵᠠᠷ ᠤᠨ ᠦᠶᠡᠷ ᠬᠤᠷᠠᠭᠤᠯᠬᠤ ᠣᠷᠣᠨ ᠤ ᠦᠶᠡᠷ | ᠬᠤᠷᠠᠭᠤᠯᠬᠤ ᠴᠢᠳᠠᠮᠵᠢ ᠪᠠ ᠠᠮᠢ ᠠᠬᠤᠶ ᠶᠢ ᠬᠠᠮᠠᠭᠠᠯᠠᠬᠤ ᠴᠢᠳᠠᠮᠵᠢ ᠶᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠶ | ᠬᠡᠵᠥ ᠴᠢᠬᠤᠯᠠᠴᠢᠯᠠᠪᠠ᠃ ᠲᠡᠷᠡ᠂ ᠣᠳᠣᠬᠠᠨ ᠳᠤ ᠡᠮᠦᠨᠡᠲᠦ ᠣᠷᠣᠨ ᠤ ᠬᠤᠯᠪᠣᠭᠳᠠᠯ ᠪᠦᠬᠦᠢ ᠭᠠᠵᠠᠷ | ᠣᠷᠣᠨ ᠤ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ | ᠠᠳᠬᠤᠬᠤ ᠶᠢᠨ ᠵᠡᠷᠭᠡ ᠪᠠᠷ ᠳᠠᠭᠠᠯᠳᠠ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠮᠠᠷᠠᠲᠤ ᠣᠷᠣᠨ ᠤ | ᠬᠤᠯᠪᠣᠭᠳᠠᠯ ᠪᠦᠬᠦᠢ ᠭᠠᠵᠠᠷ ᠣᠷᠣᠨ ᠡᠭᠦᠰᠴᠦ ᠮᠡᠳᠡᠬᠦ ᠦᠶᠡᠷ ᠤᠨ ᠪᠠᠶᠢᠳᠠᠯ ᠢ ᠰᠡᠷᠡᠮᠵᠢᠯᠡᠨ ᠰᠡᠷᠭᠡᠶᠢᠯᠡᠬᠦ ᠪᠠᠨ | ᠴᠢᠩᠭᠠᠳᠬᠠᠵᠥ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ | ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠳᠡᠢ ᠬᠡᠵᠥ ᠵᠢᠭᠠᠵᠥ ᠭᠠᠷᠭᠠᠪᠠ᠃ | ᠶᠡᠭᠡ ᠬᠠᠰᠢᠯᠭ᠎ᠠ ᠳᠡᠭᠡᠷ᠎ᠡ᠂ ᠰᠢ ᠶᠢᠨ ᠫᠢᠩ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ | ᠠᠪᠤᠷᠠᠬᠤ ᠲᠡᠮᠡᠴᠡᠯ ᠳᠤᠮᠳᠠ ᠪᠡᠶ᠎ᠡ ᠦᠷᠡᠭᠳᠡᠭᠰᠡᠨ ᠨᠥᠬᠦᠳ ᠤᠨ ᠭᠡᠷ ᠪᠦᠯᠢ ᠶᠢᠨ ᠬᠢᠨ᠂ ᠦᠶᠡᠷ ᠢ ᠰᠡᠷᠭᠡᠶᠢᠯᠡᠵᠦ | ᠦᠶᠡᠷ ᠲᠠᠢ ᠲᠡᠮᠡᠴᠡᠬᠦ ᠡᠮᠦᠨ᠎ᠡ ᠹᠷᠣᠨᠲ ᠤᠨ ᠠᠵᠢᠯᠳᠠᠨ᠂ ᠲᠡᠷᠢᠭᠦᠨ ᠤ ᠨᠡᠶᠢᠲᠡᠯᠢᠭ ᠵᠢᠱᠢᠶᠠᠴᠢ ᠶᠢᠨ ᠲᠥᠯᠥᠭᠡᠯᠡᠭᠴᠢ | ᠪᠠ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠠᠵᠢᠯ ᠳᠤ ᠣᠷᠣᠯᠴᠠᠭᠰᠠᠨ ᠴᠡᠷᠢᠭ ᠠᠩᠬᠢ ᠶᠢᠨ ᠳᠠᠷᠤᠭ᠎ᠠ | ᠪᠠᠶᠢᠯᠳᠤᠭᠴᠢᠳ ᠢ ᠳᠣᠲᠣᠨᠣᠪᠠᠷ ᠪᠣᠯᠭᠤᠭᠠᠨ ᠲᠣᠬᠤᠨᠢᠭᠤᠯᠤᠭᠰᠠᠨ ᠪᠥᠭᠡᠳ ᠪᠦᠬᠦ ᠤᠯᠤᠰ ᠤᠨ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭᠡᠴᠠ ᠠᠪᠤᠷᠠᠬᠤ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ | ᠪᠠᠶᠢᠭ᠎ᠠ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠡᠨᠡ ᠵᠢᠯ ᠦᠶᠡᠷ ᠤᠨ | ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠡᠮᠦᠨᠡᠲᠦ ᠤᠷᠤᠨ ᠪᠠ ᠤᠮᠠᠷᠠᠲᠤ ᠤᠷᠤᠨ ᠤ ᠭᠤᠤᠯ ᠮᠥᠷᠡᠨ ᠨᠠᠭᠤᠷ | ᠴᠥᠭᠦᠷᠥᠮ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠠᠶᠤᠯ ᠲᠦᠭᠰᠢᠭᠦᠷᠢᠲᠦ ᠪᠠᠶᠢᠳᠠᠯ ᠵᠠᠯᠭᠠᠭ᠎ᠠ ᠪᠠᠷ ᠢᠯᠡᠷᠡᠪᠡ | ᠃ ᠥᠷᠭᠡᠨ ᠣᠯᠠᠨ ᠺᠠᠳ᠋ᠷ ᠣᠯᠠᠨ ᠲᠦᠮᠡᠨ ᠪᠠ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭᠠᠨ ᠤ ᠳᠠᠷᠤᠭ᠎ᠠ | ᠪᠠᠶᠢᠯᠳᠤᠭᠴᠢᠳ ᠨᠠᠮ ᠪᠣᠯᠤᠨ ᠵᠠᠰᠠᠭ ᠤᠨ ᠣᠷᠳᠣᠨ ᠤ ᠤᠷᠢᠶᠠᠯᠠᠭ᠎ᠠ ᠶᠢ ᠡᠷᠡᠰ ᠴᠤᠤᠷᠢᠶᠠᠳᠤᠨ ᠳᠠᠭᠠᠵᠤ᠂ ᠵᠣᠪᠠᠭᠤᠷᠢ | ᠵᠦᠳᠡᠭᠦᠷᠢ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠦᠷᠡᠭᠳᠡᠬᠦ ᠠᠴᠠ ᠠᠶᠤᠬᠤ ᠦᠭᠡᠢ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ | ᠡᠮᠦᠨ᠎ᠠ ᠹᠷᠣᠨᠲ ᠢ ᠪᠠᠲᠤ ᠰᠠᠬᠢᠵᠤ᠂ ᠮᠠᠰᠢ ᠣᠯᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠰᠡᠳᠬᠢᠯ ᠬᠥᠳᠡᠯᠭᠡᠮ᠎ᠡ | ᠦᠢᠯᠡ ᠠᠵᠢᠯᠯᠠᠭ᠎ᠠ ᠡᠭᠦᠰᠴᠤ᠂ ᠳᠤᠮᠳᠠᠳᠤ ᠤᠯᠤᠰ ᠤᠨ ᠠᠷᠠᠳ ᠲᠦᠮᠡᠨ ᠤ ᠲᠦᠭ ᠲᠦᠮᠡᠨ ᠢᠶᠠᠷ ᠢᠶᠠᠨ ᠰᠡᠳᠬᠢᠯ | ᠨᠢᠭᠡᠳᠦᠨ ᠡᠷᠡᠯᠬᠡᠭᠯᠡᠨ ᠲᠡᠮᠡᠴᠡᠬᠦ᠂ ᠢᠯᠠᠯᠳᠠ ᠤᠯᠬᠤ ᠪᠠᠷ ᠵᠤᠷᠢᠭᠳᠠᠢ ᠪᠠᠷ ᠲᠡᠮᠡᠴᠡᠬᠦ ᠪᠠᠭᠠᠳᠤᠷᠯᠢᠭ ᠴᠤᠭ | ᠵᠢᠪᠬᠤᠭ᠎ᠠ ᠶᠢ ᠢᠯᠡᠷᠡᠭᠦᠯᠵᠦ᠂ ᠦᠶᠡᠷ ᠤᠨ ᠤᠰᠤ ᠬᠠᠶᠢᠷ᠎ᠠ ᠨᠠᠶᠢᠷ ᠦᠭᠡᠢ ᠪᠤᠯᠪᠠᠴᠤ ᠬᠥᠮᠦᠰ ᠤᠨ ᠰᠡᠳᠬᠢᠯ ᠳᠤ | ᠬᠠᠶᠢᠷ᠎ᠠ ᠨᠠᠶᠢᠷ ᠢᠶᠠᠷ ᠪᠢᠯᠬᠠᠮ᠎ᠠ ᠪᠠᠶᠢᠳᠠᠭ ᠬᠦᠮᠦᠨ ᠤ ᠶᠢᠷᠲᠢᠨᠴᠤ ᠶᠢᠨ ᠶᠡᠭᠡ ᠬᠠᠶᠢᠷ᠎ᠠ ᠶᠢ ᠪᠢᠴᠢᠭᠯᠡᠵᠠᠢ᠃ ᠨᠠᠮ ᠪᠠ | ᠠᠷᠠᠳ ᠲᠦᠮᠡᠨ ᠲᠠ ᠨᠠᠷ ᠲᠤ ᠲᠠᠯᠠᠷᠬᠠᠵᠤ ᠪᠠᠶᠢᠨ᠎ᠠ ᠭᠡᠵᠤ ᠴᠢᠬᠤᠯᠠᠴᠢᠯᠠᠵᠠᠢ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠾᠧᠹᠸᠢ ᠳᠤ ᠠᠨᠾᠦ᠋ᠢ ᠶᠢᠨ ᠰᠢᠨ᠎ᠡ ᠶᠢ ᠡᠭᠦᠳᠬᠦ | ᠣᠷᠳᠣᠨ ᠢᠶᠠᠷ ᠲᠣᠭᠤᠷᠢᠨ ᠦᠵᠡᠵᠦ᠂ ᠠᠨᠾᠦ᠋ᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠬᠦ ᠲᠠᠯ᠎ᠠ ᠪᠠᠷ ᠤᠯᠤᠭᠰᠠᠨ ᠢᠳᠡᠪᠬᠢᠲᠡᠢ ᠠᠬᠢᠴᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ | ᠠᠨᠾᠦ᠋ᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠲᠦᠷᠭᠡᠨ | ᠠᠭᠤᠰᠤᠯᠴᠠᠵᠤ᠂ ᠳᠠᠪᠠᠯᠳᠠᠳᠤ ᠮᠠᠶ᠋ᠢᠭ ᠤᠨ ᠬᠥᠭᠵᠢᠯᠲᠡᠶᠢ ᠪᠡᠶᠡᠯᠡᠭᠦᠯᠬᠦ ᠳᠤ ᠵᠠᠩᠭᠢᠯᠠᠭ᠎ᠠ ᠨᠢ ᠰᠢᠨ᠎ᠡ ᠶᠢ ᠡᠭᠦᠳᠬᠦ ᠳᠤ | ᠲᠦᠰᠢᠭᠯᠡᠨ᠎ᠡ᠃ ᠰᠢᠨ᠎ᠡ ᠶᠢ ᠡᠭᠦᠳᠬᠦ ᠰᠠᠭᠤᠷᠢ ᠪᠠᠨ ᠤᠯᠠᠮ ᠴᠢᠨᠠᠭᠰᠢᠳᠠ ᠪᠠᠬᠢᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠲᠦᠷᠭᠡᠨ ᠪᠤᠢ ᠪᠤᠯᠭᠠᠵᠤ᠂ ᠴᠥᠬᠦᠷᠡᠰᠢ ᠦᠭᠡᠢ ᠪᠠᠷ ᠴᠢᠷᠮᠠᠶᠢᠵᠤ ᠤᠳᠠᠭᠠᠨ ᠳᠠᠭᠠᠭᠠᠮᠠᠭᠠᠢ ᠪᠠᠷ ᠵᠢᠳᠬᠦᠬᠦ | ᠬᠡᠷᠡᠭᠲᠡᠢ ᠭᠡᠵᠤ ᠵᠢᠭᠠᠵᠤ ᠭᠠᠷᠭᠠᠪᠠ᠃ | ᠮᠥᠷᠡᠨ ᠭᠠᠲᠤᠯᠬᠤ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠴᠤᠤ ᠬᠤ᠋ ᠨᠠᠭᠤᠷ ᠤᠨ ᠬᠥᠪᠡᠭᠡᠨ ᠳᠤ | ᠪᠠᠶᠢᠷᠢᠯᠠᠵᠤ ᠪᠠᠶᠢᠨ᠎ᠠ᠃ 71 ᠵᠢᠯ ᠤᠨ ᠡᠮᠦᠨ᠎ᠡ᠂ ᠠᠷᠠᠳ ᠣᠯᠠᠨ ᠤ ᠬᠦᠴᠦᠲᠡᠶ ᠳᠡᠮᠵᠢᠯᠭᠡ ᠳᠣᠣᠷ᠎ᠠ᠂ ᠠᠷᠠᠳ ᠤᠨ | ᠴᠢᠯᠥᠭᠡᠯᠡᠬᠦ ᠴᠡᠷᠢᠭ ᠬᠥᠬᠡᠮᠥ᠋ᠷᠡᠨ ᠤ ᠶᠡᠭᠡ ᠪᠠᠷᠲᠠᠭ᠎ᠠ ᠶᠢ ᠨᠢᠭᠡ ᠯᠡ ᠳᠡᠭᠡᠷ᠎ᠡ ᠰᠢᠪᠲᠤᠯᠵᠤ᠂ ᠪᠦᠬᠦ ᠳᠤᠮᠳᠠᠳᠤ | ᠤᠯᠤᠰ ᠢ ᠴᠢᠯᠥᠭᠡᠯᠡᠬᠦ ᠳᠤ ᠨᠥᠬᠦᠴᠡᠯ ᠪᠦᠷᠢᠯᠳᠦᠭᠦᠯᠵᠦ ᠥᠭᠪᠡ᠃ ᠰᠢ ᠶᠢᠨ ᠫᠢᠩ ᠳᠤᠷᠠᠰᠬᠠᠯ ᠤᠨ ᠣᠷᠳᠣᠨ ᠢᠶᠠᠷ | ᠲᠣᠭᠤᠷᠢᠨ ᠦᠵᠡᠵᠦ᠂ ᠲᠡᠷᠡ ᠬᠡᠰᠡᠭ ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠪᠡ᠃ ᠲᠡᠷᠡ᠂ ᠬᠤᠸᠠᠢ | ᠬᠠᠶ ᠶᠢᠨ ᠳᠠᠶᠢᠯᠠᠯᠳᠤᠭᠠᠨ ᠤ ᠢᠯᠠᠯᠲᠠ ᠶᠢ ᠪᠤᠯ ᠠᠷᠠᠳ ᠲᠦᠮᠡᠨ ᠵᠢᠵᠢᠭ ᠲᠡᠷᠭᠡ ᠪᠠᠨ ᠵᠢᠳᠭᠦᠨ ᠪᠠᠶᠢᠵᠤ ᠤᠯᠤᠭᠰᠠᠨ | ᠶᠤᠮ᠂ ᠮᠥᠷᠡᠨ ᠭᠠᠲᠤᠯᠬᠤ ᠳᠠᠶᠢᠯᠠᠯᠳᠤᠭᠠᠨ ᠤ ᠢᠯᠠᠯᠲᠠ ᠶᠢ ᠪᠤᠯ ᠠᠷᠠᠳ ᠲᠦᠮᠡᠨ ᠵᠢᠵᠢᠭ ᠣᠩᠭᠤᠴᠠ ᠪᠠᠨ ᠰᠡᠯᠢᠵᠦ | ᠪᠠᠶᠢᠮᠠᠠ ᠤᠯᠤᠭᠰᠠᠨ ᠶᠤᠮ᠃ ᠬᠡᠵᠢᠶ᠎ᠠ ᠪᠤᠯᠤᠭᠰᠠᠨ ᠴᠤ ᠪᠢᠳᠡ ᠪᠦᠷ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠭᠡᠬᠦ ᠦᠨᠳᠦᠰᠦ ᠶᠢ ᠦᠯᠦ ᠮᠠᠷᠲᠠᠨ᠂ ᠢᠮᠠᠭᠳᠠ ᠠᠷᠠᠳ | ᠲᠦᠮᠡᠨ ᠤ ᠰᠢᠳᠤᠷᠭᠤ ᠦᠢᠯᠡᠴᠢᠯᠡᠭᠴᠢ ᠪᠣᠯᠬᠤ ᠬᠡᠷᠡᠭᠳᠠᠢ᠃ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ | ᠥᠷᠭᠡᠨ ᠳᠡᠯᠭᠡᠷ ᠥᠷᠨᠢᠭᠦᠯᠵᠦ᠂ ᠶᠠᠭᠤᠨ ᠤ ᠤᠴᠢᠷ ᠠᠴᠠ ᠲᠡᠦᠬᠡ ᠪᠣᠯᠤᠨ ᠠᠷᠠᠳ ᠲᠦᠮᠡᠨ ᠳᠤᠮᠳᠠᠳᠤ ᠤᠯᠤᠰ ᠤᠨ | ᠡᠪ ᠬᠠᠮᠲᠤ ᠨᠠᠮ ᠢ ᠰᠣᠩᠭᠤᠭᠰᠠᠨ᠂ ᠶᠠᠭᠤᠨ ᠤ ᠤᠴᠢᠷ ᠠᠴᠠ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠬᠡᠷᠡᠭᠲᠡᠢ ᠪᠤᠢ ᠭᠡᠳᠡᠭ ᠢ ᠬᠥᠮᠦᠰ ᠲᠤ ᠭᠦᠨᠵᠡᠭᠡᠢ ᠤᠢᠢᠯᠠᠭᠠᠭᠤᠯᠬᠤ ᠬᠡᠷᠡᠭᠲᠡᠢ ᠭᠡᠵᠤ | ᠴᠢᠬᠤᠯᠠᠴᠢᠯᠠᠵᠠᠢ᠃ | 21 ᠤ ᠦᠳᠡ ᠶᠢᠨ ᠡᠮᠦᠨ᠎ᠡ᠂ ᠰᠢ ᠶᠢᠨ ᠫᠢᠩ ᠠᠨᠾᠦ᠋ᠢ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠨᠾᠦ᠋ᠢ ᠶᠢᠨ ᠡᠯ᠎ᠡ ᠵᠦᠢᠯ ᠤᠨ | ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠠᠨᠾᠦ᠋ᠢ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠤ ᠵᠠᠮ ᠨᠡᠭᠡᠭᠡᠨ ᠤᠷᠤᠭᠰᠢᠯᠠᠵᠤ᠂ ᠬᠦᠨᠳᠦ ᠡᠭᠦᠷᠭᠡ ᠶᠢ ᠤᠢᠢᠯᠠᠭᠠᠨ | ᠬᠦᠨᠳᠤ ᠡᠭᠦᠷᠭᠡ ᠶᠢ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠨᠡᠩ ᠶᠡᠭᠡ ᠬᠦᠴᠦᠨ ᠢᠶᠠᠨ ᠡᠷᠭᠦᠬᠦ ᠶᠢ ᠬᠦᠰᠡᠵᠠᠢ᠃ | ᠰᠢ ᠶᠢᠨ ᠫᠢᠩ᠂ ᠣᠳᠣᠬᠠᠨ ᠳᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠭᠦᠷᠭᠡ ᠮᠥᠨ ᠬᠦ | ᠮᠠᠰᠢ ᠬᠠᠲᠠᠭᠤ ᠪᠡᠷᠬᠡ ᠪᠠᠶᠢᠭᠰᠠᠭᠠᠷ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠶᠠᠳᠠᠷᠠᠯ | ᠵᠦᠷᠳᠡᠷᠡᠯ ᠠᠴᠠ ᠠᠶᠤᠬᠤ ᠦᠭᠡᠢ᠂ ᠵᠠᠯᠭᠠᠭ᠎ᠠ ᠪᠠᠷ ᠪᠠᠶᠢᠯᠳᠤᠬᠤ ᠰᠤᠷᠳᠠᠯ ᠢ ᠪᠠᠳᠠᠷᠠᠭᠤᠯᠵᠤ᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠯᠳᠡ ᠳᠠᠬᠢᠨ ᠪᠦᠲᠦᠭᠡᠨ ᠪᠠᠶᠢᠭᠤᠯᠤᠯᠳᠠ ᠶᠢᠨ | ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ | ᠳᠡᠮᠵᠢᠬᠦ ᠬᠡᠷᠡᠭᠲᠡᠶ᠃ ᠬᠢᠵᠢᠭ ᠠᠴᠠ ᠪᠤᠯᠵᠤ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠨ ᠠᠳᠬᠤᠵᠤ᠂ ᠤᠨᠢᠨ ᠳᠡᠭᠡᠷ᠎ᠠ ᠨᠢ ᠶᠠᠳᠠᠭᠤ ᠶᠢ | ᠲᠡᠳᠬᠦᠬᠦ ᠶᠢ ᠪᠠᠷᠢᠮᠲᠠᠯᠠᠵᠤ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠬᠡᠷᠡᠭᠳᠠᠢ᠃ ᠰᠡᠷᠭᠡᠶᠢᠯᠡᠬᠦ ᠪᠠᠷ | ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠭᠤᠤᠯ ᠮᠥᠷᠡᠨ ᠨᠠᠭᠤᠷ | ᠴᠦᠬᠦᠷᠦᠮ ᠤᠨ ᠠᠮᠤᠷ ᠲᠦᠪᠰᠢᠨ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ᠂ ᠬᠤᠲᠠ ᠶᠢᠨ | ᠦᠶᠡᠷ ᠢ ᠰᠡᠷᠭᠡᠶᠢᠯᠡᠬᠦ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠤ᠂ ᠨᠢᠭᠡ ᠪᠦᠯᠦᠭ ᠰᠠᠭᠤᠷᠢ ᠴᠢᠨᠠᠷᠲᠠᠶ᠂ | ᠭᠦᠢᠰᠦ ᠴᠢᠨᠠᠷᠲᠠᠶ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠡᠷᠡᠭᠳᠠᠢ᠃ | ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠬᠠᠷᠢᠭᠤᠴᠠᠯᠭ᠎ᠠ ᠶᠢ ᠯᠠᠪᠳᠠᠭᠤᠨ ᠪᠠᠳᠤᠳᠠᠢ ᠡᠭᠦᠷᠭᠡᠯᠡᠵᠦ᠂ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ | ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ | ᠬᠡᠷᠡᠭᠳᠠᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠬᠦᠭᠵᠢᠯᠲᠠ ᠶᠢᠨ ᠱᠠᠲᠤᠴᠢ ᠴᠢᠨᠠᠷᠲᠠᠢ ᠰᠢᠨ᠎ᠠ ᠤᠨᠴᠠᠯᠢᠭ ᠰᠢᠨ᠎ᠠ ᠱᠠᠭᠠᠷᠲᠠᠯᠭ᠎ᠠ ᠶᠢ | ᠬᠦᠨᠵᠡᠭᠡᠢ ᠡᠵᠡᠮᠲᠡᠵᠦ᠂ ᠪᠤᠲᠠᠲᠤ ᠴᠤᠭᠴᠠ ᠶᠢᠨ ᠠᠵᠦ ᠠᠬᠤᠢ ᠶᠢ ᠪᠤᠲᠠᠲᠠᠶᠢᠵᠢᠭᠤᠯᠤᠨ ᠬᠦᠴᠦᠷᠭᠡᠭᠵᠢᠭᠦᠯᠵᠤ | ᠰᠢᠯᠢᠲᠡᠭᠵᠢᠬᠦᠯᠬᠦ ᠶᠢ ᠭᠤᠤᠯᠲᠠᠯᠭ᠎ᠠ ᠲᠠᠢ ᠰᠢᠪᠲᠤᠯᠬᠤ ᠴᠢᠭᠯᠡᠯ ᠢᠶᠠᠨ ᠪᠤᠯᠭᠠᠬᠤ ᠶᠢ ᠪᠠᠷᠢᠮᠳᠠᠯᠠᠵᠤ᠂ ᠨᠢᠭᠡ ᠲᠠᠯ᠎ᠠ ᠪᠠᠷ | ᠤᠯᠠᠮᠵᠢᠯᠠᠯᠲᠦ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠠᠳᠬᠤᠵᠦ᠂ ᠨᠦᠬᠦᠭᠡ | ᠲᠠᠯ᠎ᠠ ᠪᠠᠷ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠮᠠᠨᠳᠤᠭᠰᠠᠨ ᠠᠵᠦ ᠦᠢᠯᠡᠰ ᠢ ᠬᠦᠭᠵᠢᠭᠦᠯᠦᠨ | ᠪᠤᠵᠠᠭᠠᠢᠢᠷᠠᠭᠤᠯᠬᠤ ᠶᠢ ᠠᠳᠬᠤᠠ᠂ ᠦᠢᠯᠡᠳᠭᠦ ᠦᠢᠯᠡᠰ ᠤᠨ ᠲᠤᠭᠠᠴᠢᠯᠠᠬᠤ᠂ ᠨᠧᠲᠵᠢᠬᠦ᠂ ᠤᠶᠤᠠᠴᠢᠯᠠᠬᠤ ᠲᠡᠶᠢᠰᠢ | ᠲᠦᠷᠭᠡᠨ ᠬᠦᠭᠵᠢᠭᠦ ᠶᠢ ᠠᠬᠢᠭᠤᠯᠵᠦ᠂ ᠠᠵᠦ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠭᠡᠯᠬᠢᠶ᠎ᠠ ᠶᠢᠨ ᠲᠤᠭᠲᠠᠪᠤᠷᠢᠲᠦ | ᠴᠢᠨᠠᠷ ᠪᠤᠯᠤᠨ ᠤᠲᠤᠬᠢᠴᠢᠯᠠᠯᠲᠠ ᠶᠢᠨ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ᠃ ᠲᠤᠲᠤᠭᠠᠲᠤ ᠭᠡᠷᠡᠭᠴᠡᠭᠡ ᠪᠠᠨ | ᠦᠷᠭᠡᠳᠭᠡᠬᠦ ᠪᠠᠶᠢᠯᠲᠤᠬᠤ ᠪᠤᠲᠤᠯᠭ᠎ᠠ ᠶᠢᠨ ᠰᠠᠭᠤᠷᠢ ᠴᠡᠭ ᠢ ᠪᠠᠲᠤ ᠡᠵᠡᠮᠲᠡᠵᠦ᠂ ᠰᠢᠨ᠎ᠠ ᠬᠦᠭᠵᠢᠯᠲᠠ ᠶᠢᠨ | ᠪᠠᠶᠢᠷᠢᠰᠢᠯ ᠢ ᠪᠦᠷᠢᠯᠲᠦᠭᠦᠯᠬᠦ ᠪᠦᠲᠦᠮᠵᠢᠲᠠᠢ ᠠᠷᠭ᠎ᠠ ᠵᠠᠮ ᠢ ᠬᠠᠶᠢᠨ ᠰᠦᠪᠡᠭᠴᠢᠯᠡᠬᠦ ᠪᠠᠷ ᠴᠢᠷᠮᠠᠶᠢᠬᠤ ᠭᠡᠷᠡᠭᠲᠡᠢ᠃ | ᠲᠡᠯᠡᠭᠡᠢ ᠶᠢᠨ ᠲᠡᠷᠢᠭᠦᠨ ᠤ ᠬᠢ ᠪᠠᠷ ᠪᠠᠷᠢᠮᠵᠢᠶᠠᠯᠠᠨ᠂ ᠬᠤᠰᠢᠭᠤᠴᠢ ᠰᠦᠪᠡᠭᠴᠢᠯᠡᠯ ᠪᠠ ᠤᠷᠢᠳᠠᠴᠢ | ᠪᠠᠶᠢᠷᠢᠰᠢᠭᠤᠯᠤᠯᠳᠠ ᠪᠠᠨ ᠴᠢᠩᠭᠠᠳᠬᠠᠵᠦ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠲᠠ ᠰᠢᠪᠲᠤᠯᠬᠤ | ᠡᠷᠴᠢᠮ ᠢᠶᠠᠨ ᠴᠢᠩᠭᠠᠷᠠᠭᠤᠯᠬᠤ ᠭᠡᠷᠡᠭᠲᠡᠢ᠃ ᠦᠭᠡᠷᠡᠴᠢᠯᠡᠯᠲᠡ ᠶᠢᠨ ᠰᠢᠪᠲᠤᠯᠤᠯᠲᠠ ᠪᠠ ᠬᠤᠰᠢᠭᠤᠴᠢ ᠦᠢᠯᠡᠲᠦᠯ ᠢ | ᠰᠠᠶᠢᠲᠤᠷ ᠪᠠᠲᠠᠷᠠᠭᠤᠯᠵᠤ᠂ ᠦᠭᠡᠷᠡᠴᠢᠯᠡᠯᠲᠡ ᠳᠤ ᠲᠦᠰᠢᠭᠯᠡᠡ ᠬᠦᠭᠵᠢᠯᠲᠠ ᠶᠢᠨ ᠪᠤᠭᠤᠮᠢ ᠪᠠᠨ ᠠᠷᠢᠯᠭᠠᠨ᠂ | ᠬᠦᠭᠵᠢᠯᠲᠠ ᠶᠢᠨ ᠲᠠᠪᠠᠭᠤᠯᠢᠭ ᠢᠶᠠᠨ ᠲᠦᠪᠯᠡᠷᠡᠭᠦᠯᠵᠦ᠂ ᠬᠦᠭᠵᠢᠯᠲᠠ ᠶᠢᠨ ᠬᠦᠲᠡᠯᠭᠡᠬᠦ ᠬᠦᠴᠤᠨ ᠢᠶᠠᠨ | ᠴᠢᠩᠭᠠᠳᠬᠠᠬᠤ ᠭᠡᠷᠡᠭᠲᠡᠢ᠃ ᠨᠢᠭᠡ ᠴᠤᠭᠴᠠᠵᠢᠯᠳᠠ ᠪᠤᠯᠤᠨ ᠴᠢᠨᠠᠷ ᠰᠠᠶᠢᠲᠠᠢ ᠭᠡᠬᠦ ᠬᠤᠶᠠᠷ ᠵᠠᠩᠭᠢᠯᠠᠭ᠎ᠠ ᠶᠢᠨ ᠦᠭᠡ ᠶᠢ | ᠴᠢᠩᠭ᠎ᠠ ᠡᠵᠡᠮᠳᠡᠨ᠂ ᠭᠤᠤᠯᠲᠠᠯᠭ᠎ᠠ ᠲᠠᠢ ᠬᠦᠷᠢᠶᠡᠨ ᠤ ᠨᠢᠭᠡ ᠴᠤᠭᠴᠠᠵᠢᠯᠳᠠ ᠶᠢᠨ ᠪᠦᠲᠦᠭᠡᠨ ᠪᠠᠶᠢᠭᠤᠯᠤᠯᠲᠠ ᠶᠢ | ᠬᠦᠨᠵᠡᠭᠡᠢ ᠠᠬᠢᠭᠤᠯᠵᠦ᠂ ᠬᠦᠬᠡᠮᠦ᠋ᠷᠠᠠ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠦᠭᠵᠢᠯᠳᠡ ᠶᠢ | ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠠᠷᠠᠳ ᠲᠦᠮᠠᠠ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠲᠤ ᠪᠤᠢ | ᠪᠤᠯᠭᠠᠵᠦ᠂ ᠠᠷᠠᠳ ᠤᠨ ᠠᠮᠢᠲᠤᠷᠠᠯ ᠤᠨ ᠢᠨᠵᠧᠨᠧᠷᠢᠩ ᠢ ᠯᠠᠪᠲᠠᠭᠤᠨ ᠪᠠᠳᠤᠳᠠᠢ ᠠᠬᠢᠭᠤᠯᠵᠦ᠂ ᠠᠵᠦ ᠠᠬᠤᠢᠢᠯᠠᠯ ᠳᠤ | ᠲᠤᠰᠠᠯᠠᠬᠤ᠂ ᠲᠠᠷᠤᠭᠠᠰᠤ ᠶᠢ ᠬᠦᠩᠭᠡᠷᠡᠭᠦᠯᠬᠦ᠂ ᠠᠵᠢᠯ ᠤᠨ ᠪᠠᠶᠢᠷᠢ ᠶᠢ ᠲᠤᠭᠲᠠᠪᠤᠷᠢᠵᠢᠭᠤᠯᠬᠤ᠂ ᠠᠵᠢᠯ | ᠤᠯᠭᠤᠯᠲᠠ ᠶᠢ ᠦᠷᠭᠡᠳᠭᠡᠬᠦ ᠶᠢ ᠳᠡᠮᠵᠢᠬᠦ ᠴᠢᠨᠠᠷᠲᠠᠢ ᠠᠷᠭ᠎ᠠ ᠬᠡᠮᠵᠢᠶ᠎ᠠ ᠶᠢ ᠨᠡᠩ ᠤᠯᠠᠠ ᠲᠤᠭᠲᠠᠭᠠᠵᠦ᠂ ᠶᠡᠭᠡ | ᠲᠡᠭᠡᠲᠦ ᠰᠤᠷᠭᠠᠭᠤᠯᠢ ᠶᠢᠨ ᠲᠡᠭᠦᠰᠦᠭᠰᠠᠠ ᠤᠶᠤᠲᠠᠠ᠂ ᠬᠦᠯᠦᠰᠦᠨ ᠲᠠᠷᠢᠶᠠᠴᠢᠠ᠂ ᠴᠡᠷᠢᠭ ᠠᠴᠠ ᠬᠠᠯᠠᠭᠳᠠᠭᠰᠠᠳ᠂ | ᠭᠠᠮᠰᠢᠭᠲᠠᠭᠰᠠᠠ ᠤᠯᠠᠠ ᠲᠦᠮᠠᠠ ᠵᠡᠷᠭᠡ ᠭᠤᠤᠯᠲᠠᠯᠭ᠎ᠠ ᠲᠠᠢ ᠬᠦᠮᠦᠰ ᠲᠤ ᠠᠵᠢᠯ ᠤᠯᠭᠤᠬᠤ ᠠᠵᠢᠯ ᠢ ᠲᠤᠪᠤᠶᠢᠮ᠎ᠠ | ᠰᠠᠶᠢᠲᠤᠷ ᠬᠢᠵᠦ᠂ ᠠᠵᠦ ᠠᠬᠤᠢᠢᠯᠠᠯ ᠤᠨ ᠬᠦᠴᠢᠷᠳᠡᠯ ᠢ ᠰᠢᠢᠳᠪᠤᠷᠢᠯᠡᠵᠦ ᠬᠠᠷᠠᠭᠠᠯᠵᠠᠯ ᠦᠵᠡᠭᠦᠯᠬᠦ ᠲᠦᠷᠦ ᠶᠢᠨ | ᠪᠤᠲᠤᠯᠭ᠎ᠠ ᠶᠢ ᠰᠠᠶᠢᠲᠤᠷ ᠨᠠᠶᠢᠲᠠᠪᠤᠷᠢᠵᠢᠭᠤᠯᠵᠦ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠤᠨ | ᠬᠦᠴᠤᠨ ᠢ ᠬᠠᠮᠠᠭᠠᠯᠠᠵᠦ ᠬᠦᠭᠵᠢᠭᠡᠬᠦ ᠬᠡᠷᠡᠭᠲᠡᠢ᠃ ᠨᠠᠮ ᠤᠨ ᠰᠤᠷᠭᠠᠠ ᠬᠦᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠦ᠂ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠦᠨᠲᠦᠰᠦᠨ ᠡᠬᠦᠷᠭᠡ ᠶᠢ | ᠨᠠᠶᠢᠲᠠᠪᠤᠷᠢᠵᠢᠭᠤᠯᠵᠦ᠂ ᠰᠤᠷᠭᠠᠠ ᠬᠦᠮᠦᠵᠢᠯ ᠤᠨ ᠡᠷᠬᠡ ᠳᠡᠭᠰᠢ ᠶᠢ ᠠᠬᠢᠭᠤᠯᠬᠤ ᠭᠡᠷᠡᠭᠲᠡᠢ᠃ ᠤᠲᠤ ᠶᠢᠨ | ᠭᠡᠷᠡᠭᠵᠢᠭᠦᠯᠵᠦ ᠪᠠᠶᠢᠭ᠎ᠠ ᠬᠠᠪᠰᠤᠷᠤᠨ ᠲᠡᠳᠭᠦᠬᠦ ᠲᠦᠷᠦ ᠶᠢᠨ ᠪᠤᠲᠤᠯᠭ᠎ᠠ ᠶᠡᠷᠦᠩᠭᠡᠢ ᠳᠡᠭᠡᠨ ᠲᠤᠭᠲᠠᠭᠤᠨ ᠪᠠᠶᠢᠬᠤ ᠶᠢ | ᠪᠠᠳᠤᠯᠠᠵᠤ᠂ ᠪᠦᠬᠦ ᠲᠠᠯ᠎ᠠ ᠪᠠᠷ ᠶᠠᠲᠠᠭᠤ ᠠᠴᠠ ᠠᠩᠭᠢᠵᠢᠷᠠᠭᠤᠯᠬᠤ ᠬᠢᠭᠡᠳ ᠬᠦᠲᠡᠭᠡ ᠲᠤᠰᠬᠤᠨ ᠢ ᠬᠦᠭᠵᠢᠭᠦᠯᠦᠨ | ᠮᠠᠠᠲᠤᠭᠤᠯᠬᠤ ᠶᠢ ᠪᠦᠲᠦᠮᠵᠢᠲᠠᠢ ᠵᠤᠯᠭᠠᠭᠤᠯᠬᠤ ᠶᠢ ᠦᠷᠬᠦᠯᠵᠢᠯᠠᠠ ᠠᠬᠢᠭᠤᠯᠵᠦ᠂ ᠶᠠᠲᠠᠭᠤ ᠬᠦᠴᠢᠷᠲᠠᠯᠲᠠᠢ ᠭᠠᠵᠠᠷ | ᠤᠷᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠠᠲᠤᠭᠤᠯᠬᠤ ᠶᠢ ᠠᠬᠢᠭᠤᠯᠬᠤ ᠭᠡᠷᠡᠭᠲᠡᠢ᠃ ᠴᠢᠬᠤᠯᠠ ᠶᠡᠭᠡ ᠬᠢᠵᠢᠭ ᠤᠨ | ᠪᠠᠶᠢᠲᠠᠯ ᠢ ᠰᠡᠷᠭᠡᠶᠢᠯᠡᠡ ᠡᠵᠡᠮᠲᠡᠬᠦ ᠠᠪᠤᠷᠠᠠ ᠡᠮᠨᠡᠬᠦ ᠪᠠᠶᠢᠭᠤᠯᠤᠮᠵᠢ ᠲᠤᠭᠲᠠᠴᠠ ᠶᠢ ᠲᠡᠭᠦᠯᠲᠡᠷᠵᠢᠭᠦᠯᠵᠦ᠂ ᠤᠯᠠᠠ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠲᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ | ᠪᠦᠷᠢᠠᠰᠢᠭᠦᠯᠬᠦ ᠬᠡᠷᠡᠭᠲᠡᠢ᠃ ᠨᠡᠶᠢᠭᠡᠮ ᠤᠨ ᠵᠠᠰᠠᠯᠲᠠ ᠪᠤᠯᠤᠨ ᠦᠢᠯᠡᠴᠢᠯᠡᠭᠡᠨ ᠤ ᠭᠤᠤᠯᠲᠠᠯᠭ᠎ᠠ ᠶᠢ ᠦᠨᠲᠦᠰᠦᠨ | ᠱᠠᠲᠤᠨ ᠳᠤ ᠪᠠᠭᠤᠯᠭᠠᠬᠤ ᠶᠢ ᠠᠬᠢᠭᠤᠯᠵᠦ᠂ ᠦᠨᠲᠦᠰᠦᠨ ᠱᠠᠲᠤᠨ ᠤ ᠨᠡᠶᠢᠭᠡᠮ ᠤᠨ ᠠᠮᠤᠷ ᠲᠦᠪᠰᠢᠨ ᠤ | ᠶᠡᠷᠦᠩᠭᠡᠶᠢᠯᠡᠭᠰᠡᠡ ᠵᠠᠰᠠᠯᠲᠠ ᠶᠢ ᠲᠡᠭᠦᠯᠲᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠲᠦᠮᠠᠠ ᠪᠤᠯ ᠮᠠᠠ ᠤ ᠨᠠᠮ ᠤᠨ ᠲᠦᠷᠦ ᠪᠠᠷᠢᠬᠤ ᠰᠠᠭᠤᠷᠢ ᠮᠦᠨ᠃ ᠰᠢᠨ᠎ᠠ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠯᠤᠭ᠎ᠠ ᠶᠢᠨ ᠲᠡᠮᠡᠴᠡᠯ᠂ ᠦᠶᠡᠷ ᠲᠠᠢ ᠲᠡᠮᠡᠴᠡᠵᠦ | ᠠᠶᠤᠯ ᠠᠴᠠ ᠠᠪᠤᠷᠠᠬᠤ ᠲᠡᠮᠡᠴᠡᠯ᠂ ᠮᠠᠠ ᠤ ᠨᠠᠮ ᠢᠮᠠᠭᠲᠠ ᠠᠷᠠᠳ ᠲᠦᠮᠠᠠ ᠤ ᠲᠦᠯᠦᠭᠡ ᠲᠦᠷᠦ ᠪᠠᠷᠢᠵᠦ᠂ ᠠᠷᠠᠳ | ᠲᠦᠮᠠᠠ ᠳᠤ ᠲᠦᠰᠢᠭᠯᠡᠡ ᠲᠦᠷᠦ ᠪᠠᠷᠢᠲᠠᠭ ᠯᠡ ᠶᠤᠮ ᠪᠤᠯ ᠬᠠᠨᠳᠤᠭᠰᠠᠨ ᠵᠦᠭ ᠲᠤ ᠳᠠᠶᠢᠰᠦᠨ ᠦᠭᠡᠢ ᠪᠤᠯᠵᠤ | ᠴᠢᠲᠠᠨ᠎ᠠ ᠭᠡᠲᠡᠭ ᠢ ᠲᠠᠬᠢᠨᠲᠠ ᠬᠠᠷᠠᠭᠤᠯᠵᠠᠢ᠃ ᠡᠯ᠎ᠠ ᠱᠠᠲᠤᠨ ᠤ ᠤᠲᠤᠷᠢᠳᠬᠤ ᠪᠠᠭ ᠪᠤᠯᠤᠨ ᠤᠲᠤᠷᠢᠳᠬᠤ ᠺᠠᠳ᠋ᠷ | ᠨᠠᠮ ᠤᠨ ᠵᠤᠷᠢᠯᠲᠠ ᠶᠢ ᠦᠢᠯᠡᠲᠦᠯᠭᠡᠵᠢᠭᠦᠯᠦᠨ᠂ ᠤᠯᠠᠠ ᠲᠦᠮᠡᠡᠴᠢ ᠦᠵᠡᠯᠲᠡ ᠶᠢ ᠪᠠᠲᠤ ᠪᠤᠢ ᠪᠤᠯᠭᠠᠵᠦ᠂ | ᠬᠡᠯᠪᠡᠷᠢᠴᠢ ᠦᠵᠡᠯ᠂ ᠨᠤᠶᠠᠠᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠦᠷᠭᠡᠡ ᠤᠯᠠᠠ ᠨᠠᠮ ᠤᠨ ᠭᠡᠰᠢᠭᠦᠨ | ᠺᠠᠳ᠋ᠷ ᠢ ᠬᠦᠮᠦᠵᠢᠭᠦᠯᠤᠨ ᠵᠢᠯᠤᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠠᠯ ᠢᠶᠠᠨ ᠪᠠᠲᠤᠳᠬᠠᠵᠦ᠂ ᠤᠯᠤᠰ | ᠲᠦᠷᠦ ᠶᠢᠨ ᠵᠦᠪ ᠪᠤᠷᠤᠭᠤ ᠶᠢ ᠢᠯᠭᠠᠠ ᠲᠠᠨᠢᠬᠤ᠂ ᠤᠯᠤᠰ ᠲᠦᠷᠦ ᠶᠢᠨ ᠲᠤᠭᠲᠠᠯ ᠬᠦᠴᠤ ᠢᠶᠠᠨ ᠪᠠᠳᠤᠯᠠᠬᠤ᠂ | ᠤᠯᠤᠰ ᠲᠦᠷᠦ ᠶᠢᠨ ᠪᠠᠶᠢᠲᠠᠯ ᠢ ᠡᠵᠡᠮᠲᠡᠬᠦ᠂ ᠤᠯᠤᠰ ᠲᠦᠷᠦ ᠶᠢᠨ ᠠᠶᠤᠯ ᠲᠦᠭᠰᠢᠬᠦᠷᠢ ᠶᠢ ᠰᠡᠷᠭᠡᠶᠢᠯᠡᠬᠦ | ᠴᠢᠲᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠳᠤ ᠬᠤᠷᠢᠭᠠᠲᠤ ᠤᠷᠤᠨ | ᠦᠭᠡᠢ᠂ ᠪᠦᠬᠦᠠ ᠢ ᠪᠦᠷᠬᠦᠭᠦᠯᠬᠦ᠂ ᠤᠭᠲᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠦ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠭᠤᠯᠤᠮᠵᠢ ᠲᠤᠭᠲᠠᠴᠠ ᠶᠢᠨ | ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠦᠨᠲᠦᠰᠦᠨ ᠱᠠᠲᠤᠨ ᠤ ᠡᠮᠦᠨ᠎ᠠ ᠹᠷᠤᠨᠲ᠂ ᠤᠯᠠᠠ ᠲᠦᠮᠠᠠ ᠤ ᠲᠡᠷᠭᠡᠲᠡ ᠬᠦᠷᠲᠡᠯ᠎ᠠ ᠠᠬᠢᠭᠤᠯᠵᠤ᠂ ᠲᠦᠪ ᠴᠢᠭᠡᠴᠢ | ᠰᠤᠷᠲᠠᠯ ᠪᠢᠯᠬᠠᠮ᠎ᠠ᠂ ᠤᠯᠤᠰ ᠲᠦᠷᠦ ᠢᠯᠠ ᠲᠤᠳᠤ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠳ᠋ᠢᠩ ᠰᠢᠤᠸᠠᠢ ᠰᠢᠶᠠᠩ᠂ ᠯᠢᠤ ᠡᡁᠧ᠂ ᠴᠸᠠ ᠰᠢ᠂ ᠸᠠᠩ ᠶᠦᠩ᠂ ᠡᡁᠧ ᠯᠢ ᠹᠧᠩ ᠪᠤᠯᠤᠨ ᠲᠦᠪ ᠤᠨ | ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ ᠪᠠᠷ᠎ᠠ ᠪᠤᠯᠵᠦ ᠰᠢᠨᠵᠢᠯᠡᠡ ᠪᠠᠶᠢᠴᠠᠭᠠᠵᠦ᠂ | ᠵᠠᠩ ᠶᠢᠤ ᠰᠢᠶᠠ ᠬᠤᠯᠪᠤᠭᠲᠠᠯ ᠪᠦᠬᠦᠢ ᠠᠵᠢᠯᠯᠠᠭ᠎ᠠ ᠳᠤ ᠤᠷᠤᠯᠴᠠᠵᠠᠢ᠃ | |