ᠰᠢ ᠶᠢᠨ ᠫᠢᠩ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠵᠠᠬᠢᠶ᠎ᠠ ᠢᠯᠡᠭᠡᠪᠡ
ᠨᠡᠶᠢᠲᠡᠯᠡᠭᠰᠡᠨ ᠴᠠᠭ᠄
2020/8/24
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 21 ᠤ ᠴᠠᠬᠢᠯᠭᠠᠨ ᠮᠡᠳᠡᠭᠡ᠂ 8 ᠰᠠᠷ᠎ᠠ ᠶᠢᠨ 21 ᠤ ᠡᠳᠤᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠤ ᠶᠡᠷᠦᠩᠬᠡᠶᠢᠯᠡᠭᠴᠢ ᠠᠯᠢᠹ · ᠠᠷᠸᠧᠢ ᠳᠤ ᠵᠠᠬᠢᠶ᠎ᠠ ᠢᠯᠡᠭᠡᠵᠠᠢ᠃      ᠰᠢ ᠶᠢᠨ ᠫᠢᠩ ᠵᠠᠬᠢᠶ᠎ᠠ ᠳᠠᠭᠠᠨ᠂ ᠶᠡᠷᠦᠩᠬᠡᠶᠢᠯᠡᠭᠴᠢ ᠠᠷᠸᠧᠢ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ᠲᠦᠷᠦ ᠶᠢᠨ ᠨᠠᠮ ᠤᠨ ᠬᠠᠮᠳᠦ ᠪᠠᠷ ᠵᠦᠪᠳᠡᠬᠦ ᠲᠤᠭᠳᠠᠴᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠰᠠᠨ ᠳᠤ ᠲᠤᠰᠬᠠᠢᠢᠯᠠᠨ ᠵᠠᠬᠢᠳᠠᠯ ᠢᠯᠡᠭᠡᠵᠤ ᠪᠠᠶᠠᠷ ᠬᠦᠷᠭᠡᠭᠰᠡᠨ ᠨᠢ ᠳᠤᠮᠳᠠᠳᠤ ᠫᠠᠺᠢᠰᠲ᠋ᠠᠨ ᠤ ᠬᠠᠷᠢᠯᠴᠠᠭ᠎ᠠ ᠪᠤᠯᠤᠨ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠳᠠ ᠶᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠨ ᠳᠡᠮᠵᠢᠵᠤ ᠪᠠᠶᠢᠬᠤ ᠶᠢ ᠭᠦᠢᠴᠡᠳ ᠬᠠᠷᠠᠭᠤᠯᠪᠠ᠂ ᠪᠢ ᠡᠭᠦᠨ ᠢ ᠮᠠᠭᠳᠠᠨ ᠰᠠᠶᠢᠰᠢᠶᠠᠵᠤ ᠪᠠᠶᠢᠨ᠎ᠠ ᠭᠡᠵᠤ ᠢᠯᠡᠳᠭᠡᠪᠡ᠃      ᠰᠢ ᠶᠢᠨ ᠫᠢᠩ᠂ ᠳᠤᠮᠳᠠᠳᠤ ᠫᠠᠺᠢᠰᠲ᠋ᠠᠨ ᠪᠤᠯ ᠤᠨᠴᠠᠭᠠᠢ ᠨᠦᠬᠦᠷᠰᠡᠭ ᠨᠠᠶᠢᠷ ᠰᠡᠳᠬᠢᠯᠭᠡ ᠲᠠᠢ ᠰᠠᠶᠢᠨ ᠠᠬ᠎ᠠ ᠳᠡᠭᠦᠦ᠂ ᠰᠠᠶᠢᠨ ᠬᠠᠨᠢᠳᠠᠨ ᠮᠦᠨ᠃ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠭᠢᠯ ᠪᠤᠯ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ ᠶᠢᠨ ᠪᠡᠯᠭᠡ ᠳᠡᠮᠳᠡᠭ ᠤᠨ ᠴᠢᠨᠠᠷᠳᠠᠢ ᠲᠦᠷᠦᠯ ᠵᠦᠢᠯ ᠪᠤᠯᠤᠨ᠎ᠠ᠂ ᠳᠤᠮᠳᠠᠳᠤ ᠫᠠᠺᠢᠰᠲ᠋ᠠᠨ ᠤ ᠦᠷᠭᠦᠯᠵᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠭᠦᠨᠵᠡᠭᠡᠢ ᠬᠦᠭᠵᠢᠭᠦᠯᠬᠦ᠂ ᠳᠤᠮᠳᠠᠳᠤ ᠫᠠᠺᠢᠰᠲ᠋ᠠᠨ ᠤ ᠨᠡᠩ ᠨᠢᠭᠳᠠ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ ᠳᠤᠮᠳᠠᠳᠤ ᠫᠠᠺᠢᠰᠲ᠋ᠠᠨ ᠤ ᠲᠦᠷᠦ ᠶᠢᠨ ᠨᠠᠮ ᠦᠷᠭᠦᠯᠵᠢ ᠨᠦᠬᠦᠷᠰᠡᠭ ᠵᠦᠪᠳᠡᠯᠴᠡᠭᠡ ᠬᠢᠵᠤ᠂ ᠤᠯᠤᠰ ᠲᠦᠷᠦ ᠶᠢᠨ ᠬᠠᠮᠳᠤ ᠶᠢᠨ ᠲᠠᠨᠢᠯᠳᠠ ᠪᠠᠨ ᠲᠠᠰᠤᠷᠠᠯᠳᠠ ᠦᠭᠡᠢ ᠨᠢᠭᠳᠠᠷᠠᠭᠤᠯᠬᠤ ᠨᠢ ᠬᠤᠩᠭᠢᠯ ᠤᠨ ᠪᠦᠲᠦᠭᠡᠨ ᠪᠠᠶᠢᠭᠤᠯᠤᠯᠳᠠ ᠶᠢᠨ ᠯᠠᠪᠳᠠᠭᠤᠨ ᠢᠶᠠᠷ ᠬᠤᠯᠠ ᠠᠶᠠᠯᠠᠬᠤ ᠪᠤᠯᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ ᠶᠢ ᠴᠢᠨᠠᠷ ᠰᠠᠶᠢᠳᠠᠢ ᠪᠠᠷ ᠬᠠᠮᠳᠦ ᠪᠠᠷ ᠪᠦᠲᠦᠭᠡᠨ ᠪᠠᠶᠢᠭᠤᠯᠬᠤ ᠳᠤ ᠠᠰᠢᠭᠳᠠᠢ ᠶᠤᠮ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠭᠠᠷᠤᠭᠰᠠᠨ ᠠᠴᠠ ᠨᠠᠭᠠᠰᠢ᠂ ᠪᠦᠬᠦ ᠲᠡᠯᠡᠭᠡᠢ ᠶᠢᠨ ᠬᠢᠵᠢᠭ ᠲᠠᠢ ᠲᠡᠮᠡᠴᠡᠭᠰᠡᠨ ᠦᠢᠯᠡᠲᠦᠯᠭᠡ ᠨᠢ ᠡᠯ᠎ᠠ ᠤᠯᠤᠰ ᠭᠠᠭᠴᠡ ᠬᠦ ᠬᠠᠷᠢᠯᠴᠠᠠ ᠲᠡᠮᠵᠢᠵᠦ᠂ ᠪᠦᠯᠭᠦᠮᠲᠡᠠ ᠬᠠᠮᠲᠤᠷᠠᠯᠴᠠᠪᠠᠯ ᠰᠠᠶᠢ ᠬᠢᠵᠢᠭ ᠢ ᠢᠯᠠᠵᠤ ᠳᠡᠶᠢᠯᠬᠦ ᠶᠢ ᠬᠦᠢᠴᠡᠳ ᠬᠡᠷᠡᠴᠢᠯᠡᠵᠠᠢ᠃ ᠲᠤᠮᠲᠠᠲᠤ ᠶᠢᠨ ᠲᠠᠯ᠎ᠠ ᠶᠢᠨ ᠬᠢᠨ ᠲᠤᠷᠠᠲᠠᠶ᠎ᠠ ᠫᠠᠺᠢᠰᠲ᠋ᠠᠠ ᠤ ᠲᠠᠯ᠎ᠠ ᠲᠠᠢ ᠬᠠᠮᠲᠤ ᠪᠠᠷ᠂ ᠫᠠᠺᠢᠰᠲ᠋ᠠᠠ ᠲᠤᠮᠲᠠᠲᠤ ᠶᠢᠨ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ ᠬᠦᠨᠵᠡᠭᠡᠶᠢᠷᠡᠭᠦᠯᠦᠨ᠂ ᠭᠠᠵᠠᠷ ᠤᠷᠤᠨ ᠤ ᠤᠯᠤᠰ ᠤᠳ ᠤᠨ ᠪᠦᠯᠬᠦᠮᠲᠠᠠ ᠬᠠᠮᠲᠤᠷᠠᠯᠴᠠᠬᠤ ᠶᠢ ᠬᠠᠮᠳᠤ ᠪᠠᠷ ᠠᠬᠢᠭᠤᠯᠵᠤ᠂ ᠭᠠᠵᠠᠷ ᠤᠷᠤᠨ ᠤ ᠪᠠᠨ ᠡᠩᠭᠡ ᠲᠠᠶᠢᠪᠤᠩ ᠬᠦᠭᠵᠢᠯᠲᠠ ᠶᠢᠨ ᠰᠠᠶᠢᠨ ᠰᠠᠶᠢᠨᠬᠠᠠ ᠪᠠᠶᠢᠲᠠᠯ ᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠡᠭᠦᠨ ᠠᠴᠠ ᠡᠮᠦᠨ᠎ᠠ᠂ ᠠᠯᠢᠹ · ᠠᠷᠸᠧᠢ ᠲᠤᠮᠲᠠᠲᠤ ᠫᠠᠺᠢᠰᠲ᠋ᠠᠠ ᠤ ᠠᠵᠦ ᠠᠬᠤᠢ ᠶᠢᠨ ᠬᠤᠩᠭᠢᠯ ᠤᠨ ᠲᠦᠷᠦ ᠶᠢᠨ ᠨᠠᠮ ᠤᠨ ᠬᠠᠮᠲᠤ ᠪᠠᠷ ᠵᠦᠪᠳᠡᠬᠦ ᠲᠤᠭᠲᠠᠴᠠ ᠶᠢᠨ ᠬᠤᠶᠠᠲᠤᠭᠠᠷ ᠤᠲᠠᠭ᠎ᠠ ᠶᠢᠨ ᠬᠤᠷᠠᠯ ᠳᠤ ᠪᠠᠶᠠᠷ ᠤᠨ ᠵᠠᠬᠢᠲᠠᠯ ᠢᠯᠡᠭᠡᠵᠦ᠂ ᠶᠡᠷᠦᠩᠭᠡᠢ ᠱᠦᠵᠢ ᠰᠢ ᠶᠢᠨ ᠫᠢᠩ ᠤᠨ ᠲᠤᠷᠠᠲᠤᠭᠰᠠᠠ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠪᠤᠯᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠢ ᠬᠠᠮᠲᠤᠷᠠᠯᠴᠠᠭ᠎ᠠ ᠂ ᠡᠩᠭᠡ ᠲᠠᠶᠢᠪᠤᠩ ᠬᠢᠭᠡᠳ ᠬᠦᠭᠵᠢᠯᠲᠠ ᠶᠢᠨ ᠦᠨᠡᠡ ᠶᠤᠰᠤ ᠶᠢ ᠬᠦᠨᠵᠡᠭᠡᠢ ᠲᠠᠶᠢᠯᠪᠤᠷᠢᠯᠠᠨ ᠦᠬᠦᠯᠡᠵᠦ᠂ ᠲᠡᠯᠡᠭᠡᠢ ᠶᠢᠨ ᠠᠷᠠᠳ ᠲᠦᠮᠠᠨ ᠤ ᠨᠡᠶᠢᠲᠡᠮ ᠤᠨ ᠬᠦᠰᠡᠯ ᠡᠷᠡᠮᠡᠯᠵᠡᠯ ᠢ ᠲᠤᠰᠬᠠᠵᠠᠢ᠃ ᠫᠠᠺᠢᠰᠲ᠋ᠠᠠ ᠳᠤ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠦᠷᠪᠢᠰᠦᠨ ᠳᠡᠯᠭᠡᠷᠡᠵᠦ ᠪᠠᠶᠢᠬᠤ ᠳᠤ ᠳᠤᠮᠳᠠᠳᠤ ᠶᠢᠨ ᠲᠠᠯ᠎ᠠ ᠶᠢᠨ ᠬᠢᠨ ᠴᠠᠭ ᠲᠤᠬᠠᠢ ᠳᠤᠨᠢ ᠫᠠᠺᠢᠰᠲ᠋ᠠᠠ ᠳᠤ ᠡᠮ ᠡᠮᠴᠢᠯᠡᠭᠡᠨ ᠤ ᠲᠤᠰᠠᠯᠠᠮᠵᠢ ᠬᠠᠩᠭᠠᠭᠰᠠᠠ ᠳᠤ ᠪᠢ ᠤᠨᠴᠠᠭᠠᠢᠢᠯᠠᠠ ᠲᠠᠯᠠᠷᠬᠠᠵᠦ ᠪᠠᠶᠢᠨ᠎ᠠ᠃ ᠫᠠᠺᠢᠰᠲ᠋ᠠᠠ ᠤ ᠲᠠᠯ᠎ᠠ ᠶᠢᠨ ᠬᠢᠨ ᠫᠠᠺᠢᠰᠲ᠋ᠠᠠ ᠲᠤᠮᠲᠠᠲᠤ ᠶᠢᠨ ᠰᠤᠶᠤᠯ ᠤᠨ ᠰᠤᠯᠢᠯᠴᠠᠭ᠎ᠠ ᠢᠲᠡᠭᠡᠯᠴᠡᠭᠡ ᠪᠠᠨ ᠦᠷᠬᠦᠯᠵᠢᠯᠡᠡ ᠴᠢᠩᠭᠠᠳᠬᠠᠵᠦ᠂ ᠲᠤᠮᠲᠠᠲᠤ ᠤᠯᠤᠰ‌‍ᠲ᠋ᠠᠢ ᠬᠠᠮᠲᠤ ᠶᠢᠨ ᠬᠠᠷᠠᠯᠲᠠ ᠪᠠᠨ ᠪᠠᠷᠢᠮᠲᠠᠯᠠᠵᠦ᠂ ᠭᠠᠵᠠᠷ ᠤᠷᠤᠨ ᠤ ᠡᠩᠭᠡ ᠲᠠᠶᠢᠪᠤᠩ ᠬᠢᠭᠡᠳ ᠲᠤᠭᠲᠠᠭᠤᠨ ᠢ ᠠᠬᠢᠭᠤᠯᠬᠤ ᠪᠠᠷ ᠭᠠᠷ ᠬᠤᠯᠪᠤᠠ ᠴᠢᠷᠮᠠᠶᠢᠨ᠎ᠠ ᠭᠡᠵᠦ ᠢᠯᠡᠳᠭᠡᠵᠠᠢ᠃      ᠲᠤᠮᠲᠠᠲᠤ ᠫᠠᠺᠢᠰᠲ᠋ᠠᠠ ᠤ ᠠᠵᠦ ᠠᠬᠤᠢ ᠶᠢᠨ ᠬᠤᠩᠭᠢᠯ ᠤᠨ ᠲᠦᠷᠦ ᠶᠢᠨ ᠨᠠᠮ ᠤᠨ ᠬᠠᠮᠲᠤ ᠪᠠᠷ ᠵᠦᠪᠳᠡᠬᠦ ᠲᠤᠭᠲᠠᠴᠠ ᠶᠢ ᠲᠤᠮᠲᠠᠲᠤ ᠤᠯᠤᠰ ᠤᠨ ᠡᠪ ᠬᠠᠮᠲᠤ ᠨᠠᠮ ᠪᠤᠯᠤᠨ ᠫᠠᠺᠢᠰᠲ᠋ᠠᠠ ᠤ ᠲᠦᠷᠦ ᠪᠠ ᠲᠦᠷᠦ ᠶᠢᠨ ᠭᠠᠳᠠᠨᠠᠬᠢ ᠭᠤᠤᠯ ᠲᠦᠷᠦ‌‍ᠶᠢᠨ ᠨᠠᠮ 2019 ᠤᠨ ᠳᠤ ᠪᠠᠶᠢᠭᠤᠯᠵᠠᠢ᠃ 8 ᠰᠠᠷ᠎ᠠ ᠶᠢᠨ 20 ᠤ ᠡᠲᠦᠷ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠭᠠᠲᠠᠭᠠᠲᠤ ᠲᠠᠢ ᠬᠤᠯᠪᠤᠭ᠎ᠠ ᠠᠪᠬᠤ ᠬᠡᠯᠲᠡᠰ ᠠᠴᠠ ᠭᠤᠤᠯᠯᠠᠠ ᠡᠷᠬᠢᠯᠡᠭᠰᠡᠡ ᠲᠤᠮᠲᠠᠲᠤ ᠫᠠᠺᠢᠰᠲ᠋ᠠᠠ ᠤ ᠠᠵᠦ ᠠᠬᠤᠢ ᠶᠢᠨ ᠬᠤᠩᠭᠢᠯ ᠤᠨ ᠲᠦᠷᠦ ᠶᠢᠨ ᠨᠠᠮ ᠤᠨ ᠬᠠᠮᠲᠤ ᠪᠠᠷ ᠵᠦᠪᠳᠡᠬᠦ ᠲᠤᠭᠲᠠᠴᠠ ᠶᠢᠨ ᠬᠤᠶᠠᠲᠤᠭᠠᠷ ᠤᠲᠠᠭ᠎ᠠ ᠶᠢᠨ ᠬᠤᠷᠠᠯ ᠸᠢᠲᠢᠣ᠋ ᠬᠤᠷᠠᠯ ᠤᠨ ᠬᠡᠯᠪᠡᠷᠢ ᠪᠠᠷ ᠶᠠᠪᠤᠭᠲᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号