ᠰᠢ ᠶᠢᠨ ᠫᠢᠩ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠨᠢᠭᠡ ᠴᠤᠭᠴᠠᠵᠢᠭᠤᠯᠬᠤ ᠪᠠ ᠴᠢᠨᠠᠷ ᠰᠠᠶᠢᠲᠠᠢ ᠪᠠᠶᠢᠬᠤ ᠶᠢᠨ ᠲᠤᠭᠤᠷᠢᠨ ᠳᠤ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠵᠦ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠦᠭᠵᠢᠯᠲᠡ‌‍ᠶᠢᠨ ᠲᠠᠰᠤᠷᠠᠯᠲᠠ ᠦᠭᠡᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/8/24
      8 ᠰᠠᠷ᠎ᠠ ᠶᠢᠨ 20 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠾᠧᠹᠸᠢ ᠳᠤ ᠬᠦᠬᠡᠮᠦ᠋ᠷᠡᠨ ᠤ ᠭᠤᠷᠪᠠᠯᠵᠢᠨ ᠬᠤᠶᠢᠭ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠵᠠᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ      ᠰᠢᠨᠬᠤᠸᠠ ᠬᠤᠷᠢᠶᠠᠨ ᠤ ᠾᠧᠹᠸᠢ ᠶᠢᠨ 8 ᠰᠠᠷ᠎ᠠ ᠶᠢᠨ 22 ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 20 ᠤ ᠡᠳᠦᠷ ᠾᠧᠹᠸᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠬᠥᠭᠵᠢᠯᠲᠡ ᠶᠢ ᠯᠠᠪᠳᠠᠭᠤᠨ ᠤ ᠪᠠᠳᠤᠳᠠᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠲᠠᠨᠢᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠨᠢᠭᠡᠳᠤᠯᠳᠡᠢ ᠪᠠᠶᠢᠯᠭᠠᠬᠤ ᠶᠢ ᠪᠠᠷᠢᠮᠲᠠᠯᠠᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠶ ᠪᠠᠶᠢᠬᠤ ᠬᠤᠶᠠᠷ ᠵᠠᠩᠭᠢᠯᠠᠭ᠎ᠠ ᠶᠢᠨ ᠦᠭᠡ ᠶᠢᠨ ᠲᠤᠭᠤᠷᠢᠨ ᠳᠤ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠰᠢᠷᠭᠠᠭᠤ ᠠᠵᠢᠯᠯᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢᠨ ᠲᠠᠰᠤᠷᠠᠯᠳᠠ ᠦᠭᠡᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠭᠰᠠᠨ ᠬᠦᠭᠵᠢᠯᠳᠡ ᠶᠢ ᠠᠬᠢᠭᠤᠯᠬᠤ ᠤᠳᠤᠷᠢᠳᠬᠤ ᠲᠤᠭᠤᠢᠢᠯᠠᠩ ᠤᠨ ᠳᠠᠷᠤᠭ᠎ᠠ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃      ᠰᠢ ᠶᠢᠨ ᠫᠢᠩ ᠠᠨᠾᠦ᠋ᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠲᠤᠰ ᠶᠠᠷᠢᠯᠴᠠᠬᠤ ᠬᠤᠷᠠᠯ ᠢ ᠲᠤᠰᠬᠠᠶᠢᠯᠠᠨ ᠬᠤᠷᠠᠯᠳᠤᠭᠤᠯᠵᠠᠢ᠃ ᠶᠠᠷᠢᠯᠴᠠᠬᠤ ᠬᠤᠷᠠᠯ ᠳᠡᠭᠡᠷ᠎ᠡ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ᠂ ᠵᠢᠶᠠᠩᠰᠦ ᠮᠤᠵᠢ ᠶᠢᠨ ᠨᠠᠮ ᠤᠨ ᠬᠤᠷᠢᠶᠠᠨ ᠤ ᠱᠦᠵᠢ ᠯᠧᠦ ᠴᠢᠨ ᠵᠢᠶᠠᠨ᠂ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠴᠧ ᠵᠢᠶᠦ᠋ᠨ᠂ ᠠᠨᠾᠦ᠋ᠢ ᠮᠤᠵᠢ ᠶᠢᠨ ᠨᠠᠮ ᠤᠨ ᠬᠤᠷᠢᠶᠠᠨ ᠤ ᠱᠦᠵᠢ ᠯᠢ ᠶᠢᠨ ᠪᠢᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠦᠭᠵᠢᠯᠳᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠾᠧ ᠯᠢ ᠹᠧᠩ ᠤᠷᠢᠳ ᠬᠤᠵᠢᠳ ᠦᠭᠡ ᠶᠠᠷᠢᠵᠤ᠂ ᠦᠪᠡᠷ ᠦᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠬᠠᠷᠠᠭᠠᠰᠤ ᠠᠴᠠ ᠠᠵᠢᠯ ᠤᠨ ᠪᠠᠶᠢᠳᠠᠯ ᠢᠶᠠᠨ ᠲᠠᠨᠢᠯᠴᠠᠭᠤᠯᠵᠤ᠂ ᠰᠠᠨᠠᠯ ᠰᠠᠨᠠᠭᠤᠯᠭ᠎ᠠ ᠪᠠᠨ ᠶᠠᠷᠢᠪᠠ᠃      ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠨᠢᠬᠡ ᠵᠢᠯ ᠭᠠᠷᠤᠢ ᠶᠢᠨ ᠳᠤᠷᠰᠢ᠂ ᠭᠤᠷᠪᠠᠨ ᠮᠣᠵᠢ ᠨᠢᠭᠡ ᠬᠤᠲᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠢ ᠴᠢᠩᠭ᠎ᠠ ᠠᠳᠬᠤᠵᠤ᠂ ᠴᠥᠭᠡᠨ ᠪᠤᠰᠤ ᠭᠢᠯᠠᠰ ᠴᠡᠭ ᠢᠯᠡᠷᠡᠵᠠᠢ ᠃ ᠨᠢᠭᠡ ᠳᠤ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠢᠴᠡᠳ ᠣᠶᠢᠯᠠᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠤᠭᠴᠠᠵᠢᠭᠤᠯᠤᠨ ᠬᠥᠭᠵᠢᠬᠦᠯᠬᠦ ᠶᠢ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠶᠡᠷᠦᠩᠬᠡᠢ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠳᠤ ᠲᠠᠯᠪᠢᠵᠤ ᠨᠢᠭᠡᠳᠦᠯᠲᠡᠢ ᠲᠥᠯᠥᠪᠵᠢᠭᠦᠯᠤᠨ᠂ ᠪᠦᠬᠦ ᠤᠯᠤᠰ ᠤᠨ ᠬᠥᠭᠵᠢᠯᠲᠡ ᠶᠢᠨ ᠡᠷᠴᠢᠮᠲᠡᠢ ᠬᠥᠭᠵᠢᠶᠡᠨᠲᠡᠢ ᠨᠡᠮᠡᠭᠳᠡᠯ ᠤᠨ ᠲᠦᠢᠯ᠂ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ᠂ ᠳᠦᠷᠦᠬᠦᠯᠡᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠬᠦᠯᠬᠦ ᠬᠦᠳᠦᠯᠦᠨ ᠳᠠᠭᠠᠭᠤᠯᠬᠤ ᠣᠷᠣᠨ᠂ ᠣᠷᠣᠨ ᠪᠦᠰᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠥᠨᠳᠦᠷᠯᠢᠭ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠵᠢᠷᠦᠮᠯᠠᠵᠠᠢ᠃ ᠬᠤᠶᠠᠷ ᠲᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠭᠤᠤᠯᠳᠠᠯᠭ᠎ᠠ‌‍ᠲ᠋ᠠᠢ ᠬᠦᠷᠢᠶ᠎ᠡ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠰᠢᠪᠲᠤᠯᠤᠯᠲᠠ ᠬᠢᠵᠦ᠂ ᠴᠡᠭ ᠢᠶᠠᠷ ᠨᠡᠶᠢᠳᠡᠮ ᠢ ᠲᠠᠶᠢᠴᠢᠯᠠᠨ ᠨᠢᠭᠡ ᠴᠤᠬᠴᠠᠵᠢᠭᠤᠯᠬᠤ ᠠᠬᠢᠴᠠ ᠶᠢ ᠲᠦᠷᠭᠡᠳᠬᠡᠪᠡ᠃ ᠭᠤᠷᠪᠠ ᠳᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠳᠡ ᠶᠢᠨ ᠦᠷ᠎ᠡ ᠪᠦᠲᠦᠮᠵᠢ ᠨᠢᠭᠡᠨᠲᠡ ᠢᠯᠡᠷᠡᠵᠦ᠂ ᠲᠥᠯᠥᠪᠵᠢᠭᠦᠯᠭᠡ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ︽ᠳᠦᠷᠪᠡᠨ ᠨᠢᠷᠤᠭᠤ ᠨᠠᠢᠮᠠᠨ ᠳᠤᠯᠭᠠᠭᠤᠷᠢ︾ ᠶᠢ ᠠᠩᠬ᠎ᠠ ᠠᠯᠬᠤᠮ ᠪᠦᠷᠢᠯᠳᠦᠭᠦᠯᠵᠦ᠂ ᠣᠯᠠᠨ ᠳᠡᠰ ᠳᠠᠪᠬᠤᠷᠭ᠎ᠠ ᠶᠢᠨ ᠠᠵᠢᠯ ᠤᠨ ᠲᠣᠭᠲᠠᠴᠠ ᠪᠣᠳᠠᠲᠤ ᠦᠷ᠎ᠡ ᠪᠦᠲᠦᠮᠵᠢ ᠪᠠᠨ ᠪᠠᠳᠠᠷᠠᠭᠤᠯᠵᠠᠢ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢ ᠰᠡᠷᠭᠦᠭᠡᠬᠦ ᠶᠠᠪᠤᠴᠠ ᠳᠤ᠂ ᠨᠢᠭᠡ ᠴᠣᠭᠴᠠᠵᠢᠭᠤᠯᠤᠭᠰᠠᠨ ᠲᠣᠭᠲᠠᠴᠠ ᠪᠠ ᠬᠤᠯᠪᠤᠯᠳᠤᠨ ᠨᠡᠪᠲᠡᠷᠡᠯᠴᠡᠬᠦ ᠰᠠᠭᠤᠷᠢ ᠲᠥᠬᠦᠭᠡᠷᠦᠮᠵᠢ ᠦᠢᠯᠡᠳᠦᠯ ᠢᠶᠠᠨ ᠪᠠᠳᠠᠷᠠᠭᠤᠯᠪᠠ᠃ ᠶᠡᠷᠦᠩᠬᠡᠶ ᠳᠤᠨᠢ ᠠᠪᠴᠤ ᠬᠡᠯᠡᠪᠡᠯ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢᠨ ᠰᠢᠨ᠎ᠡ ᠪᠠᠶᠢᠳᠠᠯ ᠶᠠᠭ ᠪᠦᠷᠢᠯᠳᠦᠵᠦ ᠪᠠᠶᠢᠨ᠎ᠠ᠃ ᠡᠨᠡ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠪᠣᠯ ᠵᠥᠪ ᠣᠨᠣᠪᠴᠢᠲᠠᠶ᠂ ᠡᠯ᠎ᠡ ᠲᠠᠯ᠎ᠠ ᠶᠢᠨ ᠬᠢᠨ ᠤ ᠨᠠᠶᠢᠳᠠᠪᠤᠷᠢᠵᠢᠭᠤᠯᠤᠯᠳᠠ ᠡᠷᠴᠢᠮᠳᠠᠢ ᠪᠠᠶᠢᠬᠤ ᠶᠢ ᠬᠠᠷᠠᠭᠤᠯᠵᠤ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠦᠭᠵᠢᠯᠳᠡ ᠶᠢ ᠨᠡᠩ ᠰᠠᠶᠢᠲᠤᠷ ᠠᠬᠢᠭᠤᠯᠬᠤ ᠳᠤ᠂ ᠡᠷᠬᠡᠪᠰᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠪᠠ ᠦᠢᠯᠡᠳᠦᠯ ᠢ ᠭᠦᠨᠵᠡᠭᠡᠢ ᠲᠠᠨᠢᠬᠤ ᠬᠡᠷᠡᠭᠲᠡᠢ᠃ ᠨᠢᠭᠡᠳᠦᠭᠡᠷ ᠲᠤ᠂ ᠰᠢᠨ᠎ᠠ ᠬᠥᠭᠵᠢᠯᠲᠡ ᠶᠢᠨ ᠪᠠᠶᠢᠷᠢᠰᠢᠯ ᠢ ᠤᠷᠢᠳ ᠢᠶᠠᠷ ᠪᠤᠢ ᠪᠣᠯᠭᠠᠨ᠎ᠠ᠃ ᠣᠳᠣᠬᠠᠨ ᠤ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠮᠠᠭᠤᠳᠠᠵᠤ ᠪᠠᠶᠢᠭ᠎ᠠ ᠭᠠᠳᠠᠭᠠᠳᠤ ᠣᠷᠴᠢᠨ ᠳᠤ᠂ ᠪᠢᠳᠡ ᠡᠷᠬᠡᠪᠰᠢ ᠬᠦᠴᠦ ᠪᠠᠨ ᠲᠥᠪᠯᠡᠷᠡᠭᠦᠯᠤᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠯᠤᠳᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ‌‍ᠶᠢᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠬᠤ ᠬᠡᠷᠡᠭᠳᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠬᠢᠨ ᠴᠢᠳᠠᠪᠤᠷᠢᠲᠠᠨ ᠴᠤᠭᠯᠠᠷᠠᠭᠰᠠᠨ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠥᠨᠳᠥᠷ᠂ ᠦᠢᠯᠡᠳᠬᠦ ᠦᠢᠯᠡᠰ ᠬᠥᠭᠵᠢᠭᠰᠡᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠬᠠᠷᠢᠴᠠᠩᠭᠤᠶ ᠪᠦᠷᠢᠨ ᠲᠡᠭᠦᠯᠳᠡᠷ ᠪᠠ ᠵᠠᠬ᠎ᠠ ᠳᠡᠯᠭᠡᠭᠦᠷ ᠤᠨ ᠨᠦᠭᠡᠴᠡ ᠬᠦᠴᠦᠨ ᠶᠡᠭᠡ ᠵᠡᠷᠭᠡ ᠣᠯᠠᠨ ᠳᠠᠪᠠᠭᠤᠯᠢᠭ ᠢᠶᠠᠨ ᠪᠠᠳᠠᠷᠠᠭᠤᠯᠵᠥ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠠᠷᠭ᠎ᠠ ᠵᠠᠮ ᠢ ᠢᠳᠡᠪᠬᠢᠲᠡᠶ ᠰᠦᠪᠡᠭᠴᠢᠯᠡᠬᠦ ᠬᠡᠷᠡᠭᠳᠡᠢ᠃ ᠬᠤᠶᠠᠳᠤᠭᠠᠷ ᠲᠤ᠂ ᠵᠤᠷᠢᠭᠳᠠᠢ ᠪᠠᠷ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠵᠠᠮ ᠨᠡᠭᠡᠭᠡᠬᠦ ᠬᠤᠰᠢᠭᠤᠴᠢ ᠪᠣᠯᠬᠤ ᠬᠡᠷᠡᠭᠲᠡᠶ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠲᠦᠷᠭᠡᠰᠴᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠱᠠᠯᠠᠪᠳᠠᠨ ᠳᠡᠭᠡᠭᠰᠢᠯᠡᠭᠦᠯᠬᠦ ᠶᠢᠨ ᠲᠤᠯᠭᠠᠮ ᠴᠢᠨᠠᠷ ᠢ ᠨᠡᠩ ᠲᠤᠪᠤᠶᠢᠮ᠎ᠠ ᠢᠯᠡᠷᠡᠭᠦᠯᠪᠡ᠃ ᠱᠠᠩᠬᠠᠶ ᠪᠣᠯᠤᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠬᠢᠨ ᠴᠢᠨᠠᠷ ᠰᠠᠶᠢᠲᠠᠶ ᠪᠦᠲᠦᠭᠡᠭᠳᠡᠬᠦᠨ ᠬᠠᠩᠭᠠᠬᠤ ᠪᠠᠷ ᠪᠠᠷᠠᠬᠤ ᠦᠭᠡᠢ᠂ ᠨᠡᠩ ᠴᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠠᠩᠭᠠᠵᠤ᠂ ᠪᠦᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠳᠡᠢ᠃ ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠳᠠ ᠶᠢᠨ ᠰᠢᠨ᠎ᠡ ᠥᠨᠳᠦᠷᠯᠢᠭ ᠢ ᠲᠦᠷᠭᠡᠪᠴᠢᠯᠡᠨ ᠪᠠᠶᠢᠭᠤᠯᠬᠤ ᠬᠡᠷᠡᠭᠳᠡᠢ᠃ ᠦᠢᠷ᠎ᠡ ᠳᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠲᠤᠯᠭᠠᠷᠠᠪᠠ᠂ ᠪᠠᠶᠢᠳᠠᠯ ᠡᠶᠢᠮᠤᠷᠬᠦᠦ ᠪᠤᠯᠬᠤ ᠳᠤᠳᠤᠮ ᠪᠢᠳᠡ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠭ ᠢ ᠤᠯᠠᠮ ᠥᠨᠳᠥᠷ ᠮᠠᠨᠳᠤᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢ ᠡᠷᠡᠰ ᠭᠤᠶᠢᠪᠢᠰᠢ ᠦᠭᠡᠢ ᠬᠠᠮᠠᠭᠠᠯᠠᠨ ᠬᠥᠲᠥᠯᠥᠨ ᠳᠠᠭᠠᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠥᠭᠡᠷᠡᠴᠢᠯᠡᠯᠲᠡ ᠨᠡᠬᠡᠬᠡᠯᠳᠡ ᠶᠢᠨ ᠬᠤᠰᠢᠭᠤᠴᠢ ᠪᠣᠯᠤᠭᠰᠠᠭᠠᠷ ᠢᠷᠡᠵᠡᠢ᠃ ᠳᠡᠯᠡᠬᠡᠶ ᠶᠢᠨ ᠲᠡᠷᠢᠭᠦᠨ ᠤ ᠪᠠᠷᠢᠮᠵᠢᠶ᠎ᠠ ᠲᠠᠢ ᠬᠠᠷᠭᠤᠭᠤᠯᠤᠨ ᠠᠷᠠᠯᠵᠢᠶ᠎ᠠ ᠡᠵᠡᠩᠨᠡᠬᠦ ᠣᠷᠴᠢᠨ ᠢᠶᠠᠨ ᠰᠠᠶᠢᠵᠢᠷᠠᠭᠤᠯᠵᠤ᠂ ᠨᠡᠭᠡᠭᠡᠯᠲᠡᠲᠤ᠂  ᠦᠢᠯᠡᠴᠢᠯᠡᠭᠡ᠂ ᠰᠢᠨ᠎ᠡ ᠶᠢ ᠡᠭᠦᠳᠬᠦ᠂ ᠥᠨᠳᠥᠷ ᠪᠦᠲᠦᠮᠵᠢᠲᠡᠶ ᠬᠥᠭᠵᠢᠯᠲᠡ ᠶᠢᠨ ᠣᠷᠴᠢᠨ ᠢᠶᠠᠷ ᠤᠯᠤᠰ ᠤᠨ ᠳᠣᠲᠣᠭᠠᠳᠤ ᠭᠠᠳᠠᠭᠠᠳᠤ ᠶᠢᠨ ᠴᠢᠳᠠᠪᠤᠷᠢᠲᠠᠨ ᠪᠣᠯᠤᠨ ᠠᠵᠤ ᠠᠬᠤᠶᠢᠯᠠᠯ ᠤᠨ ᠨᠤᠳᠤᠬᠰᠢᠬᠤ ᠪᠠ ᠪᠡᠯᠡ ᠤᠷᠤᠭᠤᠯᠬᠤ ᠶᠢ ᠳᠠᠳᠠᠵᠥ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠳᠥᠭᠦᠮᠴᠢᠯᠡᠯᠳᠡ ᠶᠢ ᠠᠬᠢᠭᠤᠯᠵᠤ᠂ ᠳᠡᠯᠡᠬᠡᠶ ᠶᠢᠨ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠬᠤᠯᠪᠣᠨ ᠨᠡᠪᠲᠡᠷᠡᠭᠦᠯᠬᠦ ᠴᠢᠬᠤᠯᠠ ᠬᠥᠭᠦᠷᠭᠡ ᠪᠣᠯᠬᠤ ᠪᠠᠷ ᠴᠢᠷᠮᠠᠶᠢᠬᠤ ᠬᠡᠷᠡᠭᠲᠡᠶ ᠬᠡᠵᠥ ᠴᠢᠬᠤᠯᠠᠴᠢᠯᠠᠪᠠ᠃      ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠤᠬᠴᠠᠵᠢᠭᠤᠯᠤᠨ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠨᠢᠭᠡ ᠴᠤᠬᠴᠠᠵᠢᠭᠤᠯᠬᠤ ᠪᠠ ᠴᠢᠨᠠᠷ ᠰᠠᠶᠢᠲᠠᠢ ᠭᠡᠬᠦ ᠬᠤᠶᠠᠷ ᠵᠠᠩᠭᠢᠯᠠᠭ᠎ᠠ ᠶᠢᠨ ᠲᠤᠭᠤᠷᠢᠨ ᠳᠤ᠂ ᠨᠢᠭᠡ ᠴᠤᠬᠴᠠᠵᠢᠭᠤᠯᠬᠤ ᠰᠡᠳᠬᠢᠮᠵᠢ ᠪᠠ ᠠᠷᠭ᠎ᠠ ᠬᠡᠮᠵᠢᠶ᠎ᠡ ᠪᠠᠷ ᠵᠠᠰᠠᠭ ᠵᠠᠬᠢᠷᠭᠠᠨ ᠤ ᠪᠤᠭᠤᠮᠳᠠ ᠶᠢ ᠡᠪᠳᠡᠵᠦ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠵᠥ᠂ ᠴᠢᠬᠤᠯᠠ ᠡᠯᠧᠮᠧᠨ᠋ᠲ ᠢ ᠨᠠᠩ ᠶᠡᠭᠡ ᠬᠦᠷᠢᠶ᠎ᠠ ᠬᠡᠪᠴᠢᠶᠡᠨ ᠳᠤ ᠰᠠᠭᠠᠳ ᠦᠭᠡᠢ ᠨᠡᠪᠳᠡᠷᠡᠬᠦᠯᠵᠥ᠂ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠪᠠᠳᠠᠷᠠᠭᠤᠯᠬᠤ ᠳᠤ ᠠᠰᠢᠬᠳᠠᠢ ᠪᠠᠶᠢᠯᠭᠠᠵᠥ᠂ ᠨᠠᠩ ᠵᠦᠶ ᠵᠣᠬᠢᠰᠲᠠᠶ ᠠᠵᠢᠯ ᠤᠨ ᠬᠤᠪᠢᠶᠠᠷᠢᠯᠠᠯ ᠢ ᠪᠡᠶᠡᠯᠡᠭᠦᠯᠵᠥ᠂ ᠨᠡᠩ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ᠃      ᠨᠢᠭᠡᠳᠦᠭᠡᠷ ᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠠᠢ᠃ ᠭᠤᠷᠪᠠᠨ ᠮᠣᠵᠢ ᠨᠢᠭᠡ ᠬᠤᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠋ᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠭᠰᠠᠨ ᠤᠷᠢᠲᠠᠯ ᠳᠣᠤᠷ᠎ᠠ᠂ ᠨᠠᠮ ᠤᠨ ᠲᠥᠪ ᠬᠤᠷᠢᠶᠠᠨ ᠤ ᠡᠯ᠎ᠡ  ᠵᠦᠢᠯ‌‍ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠶ᠃ ᠡᠯ᠎ᠡ ᠵᠦᠢᠯ ᠤᠨ ᠬᠦᠴᠢᠷᠳᠡᠯ ᠢ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠳᠤ ᠰᠢᠭᠤᠳ ᠪᠠᠭᠤᠯᠭᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠭᠤᠳ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ ᠮᠥᠩᠭᠦᠨ ᠬᠦᠢᠯᠭᠡᠭᠡᠨ ᠤ ᠬᠦᠷᠦᠩᠭᠡ ᠶᠢᠨ ᠦᠢᠯᠡᠳᠬᠦ ᠦᠢᠯᠡᠰ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠬᠦ ᠶᠢ ᠬᠦᠳᠤᠯᠤᠨ ᠵᠢᠯᠤᠭᠤᠳᠬᠤ ᠬᠡᠷᠡᠭᠲᠡᠶ᠃ ᠲᠣᠭᠠᠴᠢᠯᠠᠭᠰᠠᠨ ᠠᠵᠤ ᠠᠬᠤᠢ ᠶᠢᠨ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠤᠨ ᠲᠣᠭᠠᠴᠢᠯᠠᠬᠤ᠂ ᠤᠶᠤᠨᠴᠢᠯᠠᠬᠤ ᠬᠡᠯᠪᠡᠷᠢ ᠶᠢᠨ ᠬᠤᠪᠢᠷᠠᠯᠳᠠ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠣᠯᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠳᠤᠮᠵᠢᠳᠠᠢ ᠪᠠᠯᠠ ᠣᠷᠣᠭᠤᠯᠤᠯᠲᠠ ᠶᠢᠨ ᠬᠡᠷᠡᠭᠴᠡᠭᠡ ᠶᠢ ᠬᠦᠭᠵᠢᠭᠡᠬᠦ ᠬᠡᠷᠡᠭᠲᠡᠶ᠃      ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠤᠭᠤᠮᠳᠠ ᠰᠢᠪᠳᠤᠯᠬᠤ ᠡᠷᠴᠢᠮ ᠢ ᠴᠢᠩᠭᠠᠷᠠᠭᠤᠯᠬᠤ ᠭᠡᠷᠡᠭᠳᠠᠢ᠃ ᠰᠢᠨ᠎ᠡ ᠶᠢ ᠡᠭᠦᠳᠬᠦ ᠰᠠᠨᠠᠭᠠᠴᠢᠯᠠᠭᠠᠲᠤ ᠡᠷᠬᠡ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠷᠬᠡᠪᠰᠢ ᠥᠪᠡᠷ ᠤᠨ ᠭᠠᠷ ᠲᠠᠭᠠᠨ ᠴᠢᠩᠭ᠎ᠠ ᠡᠵᠡᠮᠳᠡᠬᠦ ᠬᠡᠷᠡᠭᠲᠡᠶ᠃ ᠭᠤᠷᠪᠠᠨ ᠮᠣᠵᠢ ᠨᠢᠭᠡ ᠬᠤᠲᠠ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠨ ᠲᠥᠪᠯᠡᠷᠡᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ ᠠᠮᠢᠳᠤ ᠪᠣᠳᠠᠰ ᠤᠨ ᠡᠮ ᠡᠮᠨᠡᠯᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠲᠡᠬᠡᠨ ᠰᠢᠪᠲᠤᠯᠤᠯᠲᠠ ᠭᠠᠷᠭᠠᠬᠤ ᠭᠡᠷᠡᠭᠳᠠᠢ᠃ ᠨᠢᠭᠡ ᠪᠦᠯᠦᠭ ᠳᠤᠮᠳᠠ ᠪᠠᠭ᠎ᠠ ᠵᠢᠵᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠬᠡᠷᠡᠭᠲᠡᠶ᠃      ᠭᠤᠷᠪᠠᠳᠤᠭᠠᠷ ᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠬᠤᠳᠠ ᠶᠢᠨ ᠬᠥᠭᠵᠢᠯᠲᠡ ᠶᠢᠨ ᠶᠠᠰᠤ ᠴᠢᠨᠠᠷ ᠢ ᠲᠡᠭᠡᠭᠰᠢᠯᠡᠬᠦᠯᠬᠦ ᠭᠡᠷᠡᠭᠳᠠᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠬᠤᠲᠠ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠨᠢ ᠡᠷᠲᠡ᠂ ᠬᠠᠭᠤᠴᠢᠨ ᠬᠤᠲᠠ ᠶᠢᠨ ᠲᠣᠭᠤᠷᠢᠭ ᠣᠯᠠᠨ᠂ ᠥᠭᠡᠷᠡᠴᠢᠯᠡᠨ ᠪᠠᠶᠢᠭᠤᠯᠬᠤ ᠡᠭᠦᠷᠭᠡ ᠮᠠᠰᠢ ᠬᠦᠨᠳᠦ᠂ ᠡᠨᠡ ᠬᠦ ᠶᠠᠪᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ ᠬᠤᠲᠠ ᠶᠢᠨ ᠠᠯᠤᠰ ᠬᠡᠲᠦ ᠶᠢᠨ ᠬᠥᠭᠵᠢᠯᠲᠡ ᠲᠠᠢ ᠬᠤᠯᠪᠣᠭᠳᠠᠵᠤ ᠪᠠᠶᠢᠬᠤ ᠪᠤᠯᠬᠤᠷ᠂ ᠬᠡᠳᠦᠶ ᠬᠦᠴᠢᠷᠲᠡᠶ ᠪᠠᠶᠢᠭᠰᠠᠨ ᠴᠤ ᠠᠷᠭ᠎ᠠ ᠰᠦᠪᠡᠭᠴᠢᠯᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ᠂ ᠴᠥᠮ ᠢ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠵᠤ ᠪᠣᠯᠬᠤ ᠦᠭᠡᠢ᠂ ᠲᠡᠦᠬᠡ ᠰᠣᠶᠣᠯ ᠪᠠ ᠬᠤᠳᠠ ᠶᠢᠨ ᠳᠦᠷᠰᠦ ᠪᠠᠶᠢᠳᠠᠯ ᠢ ᠰᠠᠶᠢᠲᠤᠷ ᠬᠠᠮᠠᠭᠠᠯᠠᠬᠤ ᠶᠢ ᠠᠩᠬᠠᠷᠴᠤ᠂ ︽ᠬᠤᠳᠠ ᠭᠠᠵᠠᠷ ᠨᠢ ᠪᠦᠷ ᠡᠬᠡᠭᠡ ᠠᠳᠠᠯᠢ᠂ ᠠᠰᠠᠷ ᠨᠢ ᠴᠤ ᠨᠢᠭᠡ ᠯᠡ ᠠᠳᠠᠯᠢ ᠪᠠᠶᠢᠬᠤ︾ ᠠᠴᠠ ᠵᠠᠶᠢᠯᠠᠰᠬᠢᠬᠦ ᠬᠡᠷᠡᠭᠲᠡᠢ᠃ ᠵᠠᠪᠰᠢᠶᠠᠨ ᠢ ᠳᠠᠯᠢᠮᠳᠠᠭᠤᠯᠤᠨ ᠭᠡᠷ ᠭᠠᠵᠠᠷ ᠤᠨ ᠬᠥᠷᠥᠩᠭᠡ ᠶᠢ ᠬᠦᠭᠡᠷᠭᠡᠳᠡᠬᠦ ᠶᠢ ᠡᠷᠡᠰ ᠰᠡᠷᠭᠡᠶᠢᠯᠡᠵᠦ᠂ ᠤᠷᠤᠨ ᠰᠠᠭᠤᠴᠠ ᠪᠣᠯ ᠰᠠᠭᠤᠬᠤ ᠳᠤ ᠵᠤᠷᠢᠭᠤᠯᠤᠭᠰᠠᠨ ᠶᠤᠮ ᠂ ᠬᠠᠷᠢᠨ ᠰᠠᠷᠢᠭᠠᠯᠠᠬᠤ ᠳᠤ ᠵᠤᠷᠢᠭᠤᠯᠤᠭᠰᠠᠨ ᠪᠢᠰᠢ ᠬᠡᠰᠡᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠦ᠋ᠭᠵᠢᠬᠦ ᠶᠢ ᠦᠨᠡᠨ ᠬᠦ ᠪᠠᠲᠤᠯᠠᠬᠤ ᠭᠡᠷᠡᠭᠳᠠᠢ᠃      ᠳᠥᠷᠪᠡᠳᠦᠭᠡᠷ ᠲᠤ᠂ ᠬᠥᠭᠵᠢᠭᠡᠳᠦᠢ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠡᠨᠧᠷᠬᠢ ᠶᠢ ᠴᠢᠩᠭᠠᠳᠬᠠᠬᠤ ᠭᠡᠷᠡᠭᠳᠠᠢ᠃ ᠨᠢᠭᠡ ᠴᠣᠭᠴᠠᠵᠢᠭᠤᠯᠬᠤ ᠶᠢᠨ ᠨᠢᠭᠡ ᠴᠢᠬᠤᠯᠠ ᠬᠠᠷᠠᠯᠳᠠ ᠪᠣᠯ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢ ᠦᠭᠡᠶ ᠠᠰᠠᠭᠤᠳᠠᠯ ᠢ ᠰᠢᠢᠳᠪᠦᠷᠢᠯᠡᠨ᠎ᠡ᠃ ᠬᠥᠭᠵᠢᠯᠲᠡ ᠶᠢᠨ ᠵᠥᠷᠢᠶ᠎ᠡ ᠶᠡᠷᠦᠨᠢ ᠬᠥᠭᠵᠢᠯᠲᠡ ᠶᠢᠨ ᠣᠷᠣᠨ ᠵᠠᠶ ᠪᠠᠶᠢᠳᠠᠭ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠭᠵᠢᠭᠡᠳᠦᠢ ᠭᠠᠵᠠᠷ ᠣᠷᠣᠨ ᠳᠤ ᠴᠢᠭᠯᠡᠭᠦᠯᠦᠨ ᠨᠡᠩ ᠣᠨᠣᠴᠠᠳᠠᠢ ᠠᠷᠭ᠎ᠠ ᠬᠡᠮᠵᠢᠶ᠎ᠡ ᠬᠡᠷᠡᠭᠵᠢᠭᠦᠯᠤᠨ᠂ ᠡᠳᠡᠭᠡᠷ ᠭᠠᠵᠠᠷ ᠣᠷᠣᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠶᠢ ᠳᠠᠭᠠᠵᠤ ᠠᠮᠵᠢᠬᠤ ᠶᠢ ᠠᠬᠢᠭᠤᠯᠬᠤ ᠬᠡᠷᠡᠭᠲᠡᠢ᠃ ᠦᠷᠭᠡᠨ ᠬᠠᠷᠭᠤᠢ ᠴᠢᠯᠦᠭᠡᠳᠠᠢ ᠶᠤᠮ᠂ ᠦᠪᠡᠷᠳᠡᠭᠡᠨ ᠴᠢ ᠬᠠᠭᠠᠨ ᠶᠤᠮ᠃ ᠠᠳᠠᠯᠢ ᠪᠤᠰᠤ ᠭᠠᠵᠠᠷ ᠣᠷᠣᠨ ᠤ ᠠᠵᠤ ᠠᠬᠤᠢ ᠶᠢᠨ ᠨᠥᠬᠦᠴᠡᠯ᠂ ᠪᠠᠶᠢᠭᠠᠯᠢ ᠶᠢᠨ ᠨᠥᠬᠦᠴᠡᠯ ᠲᠡᠩᠴᠡᠭᠦᠷᠢ ᠦᠭᠡᠢ ᠪᠠᠶᠢᠬᠤ ᠪᠤᠯ ᠪᠤᠰᠤᠳᠴᠢ ᠤᠷᠤᠰᠢᠬᠤᠢ᠂ ᠵᠢᠱᠢᠶᠡᠯᠡᠪᠡᠯ ᠬᠤᠳᠠ ᠪᠠ ᠬᠥᠳᠡᠭᠡ᠂ ᠲᠠᠯ᠎ᠠ ᠭᠠᠵᠠᠷ ᠪᠠ ᠠᠭᠤᠯᠠᠷᠬᠠᠭ ᠣᠷᠣᠨ᠂ ᠠᠵᠤ ᠦᠢᠯᠡᠰ ᠬᠦ᠋ᠭᠵᠢᠭᠰᠡᠨ ᠣᠷᠣᠨ ᠪᠠ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠬᠤᠭᠤᠷᠣᠨᠳᠣ ᠪᠠᠨ ᠪᠦᠷ ᠵᠥᠷᠢᠶ᠎ᠡ ᠲᠠᠢ᠂ ᠳᠥᠭᠦᠮᠬᠡᠨ ᠢᠶᠠᠷ ᠮᠧᠬᠠᠨᠢᠭ ᠢᠶᠠᠷ ᠲᠡᠩᠴᠡᠭᠦᠷᠢᠲᠦ ᠴᠢᠨᠠᠷ ᠢ ᠣᠶᠢᠯᠠᠭᠠᠵᠤ ᠪᠣᠯᠬᠤ ᠦᠭᠡᠢ᠃ ᠬᠥᠭᠵᠢᠯᠲᠡ ᠲᠡᠩᠴᠡᠭᠦᠷᠢ ᠦᠭᠡᠶ ᠠᠰᠠᠭᠤᠳᠠᠯ ᠢ ᠰᠢᠢᠳᠪᠦᠷᠢᠯᠡᠬᠦ ᠳᠤ ᠠᠵᠤ ᠠᠬᠤᠶ ᠶᠢᠨ ᠵᠢᠮ᠎ᠡ ᠶᠣᠰᠣ᠂ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠦᠯᠬᠦ ᠬᠡᠷᠡᠭᠲᠡᠶ᠃ ᠣᠷᠣᠨ ᠨᠤᠳᠤᠭ ᠤᠨ ᠪᠠᠶᠢᠳᠠᠯ ᠳᠤᠨᠢ ᠲᠤᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠴᠤ᠂ ᠪᠤᠰᠤᠳᠴᠢ ᠵᠥᠷᠢᠶ᠎ᠡ ᠶᠢ ᠮᠡᠳᠡᠷᠡᠬᠦ ᠬᠡᠷᠡᠭᠲᠡᠶ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠃      ᠲᠠᠪᠤᠳᠤᠭᠠᠷ ᠲᠤ᠂ ᠫᠦᠳᠦ᠋ᠩ ᠤᠨ ᠥᠨᠳᠥᠷ ᠲᠦᠪᠰᠢᠨ ᠪᠦᠬᠦᠢ ᠥᠭᠡᠷᠡᠴᠢᠯᠡᠯᠲᠡ ᠨᠡᠬᠡᠬᠡᠯᠳᠡ ᠶᠢ ᠠᠬᠢᠭᠤᠯᠬᠤ ᠭᠡᠷᠡᠭᠳᠠᠢ᠃ ᠡᠨᠡ ᠵᠢᠯ ᠪᠣᠯ ᠱᠠᠩᠬᠠᠶ ᠶᠢᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠶ ᠪᠣᠯᠤᠨ᠎ᠠ᠂ ᠫᠦᠳᠦ᠋ᠩ ᠤᠨ ᠥᠭᠡᠷᠡᠴᠢᠯᠡᠯᠲᠡ ᠶᠢᠨ ᠰᠢᠰᠲ᠋ᠧᠮ ᠤᠨ ᠲᠦᠪᠯᠡᠷᠡᠨ ᠬᠠᠮᠳᠤᠷᠠᠯᠴᠠᠭᠰᠠᠨ ᠥᠨᠳᠥᠷ ᠪᠦᠲᠦᠮᠵᠢᠳᠠᠢ ᠪᠠᠶᠢᠬᠤ᠂ ᠥᠨᠳᠥᠷ ᠲᠦᠪᠰᠢᠨ ᠪᠦᠬᠦᠢ ᠲᠦᠷᠢᠮ ᠤᠨ ᠬᠡᠯᠪᠡᠷᠢᠳᠤ ᠨᠡᠭᠡᠭᠡᠯᠲᠡ ᠬᠢᠬᠦ᠂ ᠪᠦᠬᠦ ᠪᠥᠮᠪᠥᠷᠴᠡᠭ ᠤᠨ ᠡᠬᠢ ᠪᠠᠶᠠᠯᠢᠭ ᠢ ᠲᠤᠬᠢᠷᠠᠭᠤᠯᠬᠤ ᠴᠢᠳᠠᠪᠤᠷᠢ ᠪᠠᠨ ᠴᠢᠩᠭᠠᠳᠬᠠᠬᠤ᠂ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠢᠳᠡᠪᠬᠢᠲᠡᠢ ᠬᠠᠶᠢᠨ ᠰᠦᠪᠡᠭᠴᠢᠯᠡᠬᠦ᠂ ᠲᠤᠷᠰᠢᠯᠭ᠎ᠠ ᠡᠭᠦᠳᠬᠦ ᠶᠢ ᠳᠡᠮᠵᠢᠬᠦ ᠨᠢ ᠱᠠᠩᠬᠠᠢ ᠵᠢᠴᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠴᠢᠨᠠᠷ ᠰᠠᠶᠢᠲᠠᠢ ᠬᠥᠭᠵᠢᠯᠲᠡ ᠴᠢᠨᠠᠭᠰᠢᠯᠠᠪᠠᠯ ᠮᠠᠨ ᠤ ᠤᠯᠤᠰ ᠤᠨ ᠨᠡᠶᠢᠭᠡᠮ ᠵᠢᠷᠤᠮᠳᠤ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠳᠤ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠱᠠᠩᠬᠠᠶ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠷᠠᠮ ᠳᠠᠭᠠᠤ ᠰᠢᠨ᠎ᠡ ᠬᠡᠰᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠷᠰᠢᠯᠲᠠ ᠶᠢᠨ ᠲᠠᠷᠢᠶᠠᠨ ᠤ ᠦᠢᠯᠡᠳᠦᠯ ᠢ ᠭᠦᠶ᠋ᠴᠡᠳ ᠪᠠᠳᠠᠷᠠᠭᠤᠯᠬᠤ ᠬᠡᠷᠡᠭᠲᠡᠶ᠃ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠪᠦᠬᠦ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ᠃      ᠵᠢᠷᠭᠤᠳᠤᠭᠠᠷ ᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠭᠡᠷᠡᠭᠳᠠᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠣᠯ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠳᠠᠭᠠᠭᠤᠯᠤᠭᠴᠢ ᠮᠥᠨ᠂ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ‌‍ᠪᠠᠷ ᠪᠠᠷᠠᠬᠤ ᠦᠭᠡᠢ᠂ ᠠᠮᠢ ᠠᠬᠤᠶ ᠶᠢᠨ ᠬᠠᠮᠠᠭᠠᠯᠠᠯᠲᠠ ᠪᠤᠯᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠴᠤ ᠰᠠᠶᠢᠨ ᠳᠠᠭᠠᠭᠤᠯᠤᠬᠴᠢ ᠪᠤᠯᠬᠤ ᠬᠡᠷᠡᠭᠲᠡᠶ᠃ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠬᠤᠲᠠ ᠪᠠᠯᠭᠠᠰᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠶᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠪᠣᠬᠢᠷᠲᠤᠯ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ᠂ ᠣᠩᠭᠤᠴᠠ ᠰᠠᠯ ᠤᠨ ᠪᠣᠬᠢᠷᠲᠤᠯ ᠪᠠ ᠦᠯᠡᠳᠡᠭᠳᠡᠯ ᠬᠦᠳᠡᠷ ᠤᠨ ᠬᠥᠮᠥᠷᠭᠡ ᠶᠢᠨ ᠵᠠᠰᠠᠯᠲᠠ ᠶᠢ ᠴᠢᠩᠭᠠᠳᠬᠠᠬᠤ ᠭᠡᠷᠡᠭᠳᠠᠢ᠃ ᠲᠠᠢ ᠬᠤ᠋ ᠨᠠᠭᠤᠷ ᠤᠨ ᠡᠷᠬᠢᠨ ᠲᠤᠭᠤᠷᠢᠨ ᠤ ᠭᠠᠵᠠᠷ ᠣᠷᠣᠨ ᠤ ᠬᠤᠲᠠ ᠬᠥᠳᠡᠭᠡ ᠶᠢᠨ ᠣᠷᠭᠠᠨᠢᠭ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠬᠯᠠᠬᠤ ᠶᠢ ᠠᠬᠢᠭᠤᠯᠵᠤ᠂ ᠢᠵᠢ ᠪᠦᠷᠢᠳᠦᠭᠰᠡᠨ ᠰᠢᠷᠢᠰ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠳᠤ ᠲᠤᠯᠢ ᠪᠤᠯᠵᠤ᠂ ᠪᠦᠬᠦ ᠤᠯᠤᠰ ᠤᠨ ᠣᠷᠭᠠᠨᠢᠭ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠬᠯᠠᠬᠤ ᠳᠤ ᠵᠢᠱᠢᠶ᠎ᠡ ᠦᠵᠡᠭᠦᠯᠬᠦ ᠬᠡᠷᠡᠭᠲᠡᠶ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠵᠤᠭᠰᠤᠭᠠᠬᠤ ᠪᠣᠯ ᠪᠦᠬᠦ ᠲᠠᠯ᠎ᠠ ᠶᠢ ᠪᠣᠳᠣᠯᠬᠢᠯᠠᠵᠤ᠂ ᠦᠷ᠎ᠡ ᠬᠤᠶᠢᠴᠢᠰ ᠢᠶᠠᠨ ᠪᠤᠳᠤᠯᠬᠢᠯᠠᠵᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠤᠯᠤᠨ᠎ᠠ᠃ ᠮᠥᠷᠡᠨ ᠲᠠᠭᠠᠤ ᠶᠢᠨ ᠡᠯ᠎ᠠ ᠮᠤᠵᠢ ᠬᠤᠳᠠ ᠪᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠶ ᠲᠥᠯᠥᠪᠵᠢᠬᠦᠯᠤᠨ ᠵᠤᠬᠢᠴᠠᠭᠤᠯᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠠᠰᠤ ᠠᠩᠨᠠᠬᠤ ᠪᠠᠨ ᠵᠣᠭᠰᠣᠭᠰᠠᠨ ᠵᠢᠭᠠᠰᠤᠴᠢᠳ ᠤᠨ ᠠᠵᠢᠯ ᠣᠯᠭᠤᠯᠳᠠ ᠪᠤᠯᠤᠨ ᠠᠮᠢᠳᠤᠷᠠᠯ ᠢ ᠪᠠᠳᠤᠯᠠᠬᠤ ᠭᠡᠷᠡᠭᠳᠠᠢ᠃ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠠᠰᠤ ᠠᠩᠨᠠᠬᠤ ᠶᠢ ᠵᠤᠭᠰᠤᠭᠠᠬᠤ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠳᠤᠯᠬᠠᠤ ᠪᠠᠷ ᠴᠢᠷᠮᠠᠶᠢᠬᠤ ᠬᠡᠷᠡᠭᠲᠡᠢ᠃      ᠳᠣᠯᠣᠳᠤᠭᠠᠷ ᠲᠤ᠂ ᠦᠨᠳᠦᠰᠦᠨ ᠤᠯᠠᠨ ᠨᠡᠶᠢᠲᠡ ᠶᠢᠨ ᠦᠶ᠋ᠯᠡᠴᠢᠯᠡᠭᠡ ᠶᠢ ᠲᠦᠬᠦᠮ ᠲᠦᠳᠡ ᠪᠣᠯᠭᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠳᠠᠢ᠃ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ ᠶᠢ ᠢᠯᠡᠭᠦᠤ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠰᠢᠢᠳᠪᠤᠷᠢᠯᠡᠬᠦ ᠪᠠᠷ ᠢᠯᠡᠭᠦᠦ ᠴᠢᠷᠮᠠᠶᠢᠵᠤ᠂ ᠨᠢᠭᠡ ᠴᠤᠭᠴᠠᠵᠢᠭᠤᠯᠤᠨ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ᠃ ᠭᠤᠷᠪᠠᠨ ᠮᠣᠵᠢ ᠨᠢᠭᠡ ᠬᠤᠲᠠ ᠶᠢᠨ ᠬᠢᠨ ᠡᠨᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠷᠣᠨ ᠤ ᠬᠠᠮᠲᠤᠷᠠᠯᠴᠠᠭᠠᠨ ᠤ ᠲᠣᠭᠲᠠᠴᠠ ᠶᠢ ᠠᠰᠢᠡᠡᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠶᠡᠭᠡ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠬᠤ ᠬᠡᠷᠡᠭᠳᠠᠢ᠃ ᠨᠢᠭᠡᠳᠦᠯᠳᠠᠢ ᠡᠮ ᠡᠮᠴᠢᠯᠡᠭᠡᠨ ᠤ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠋ᠢ ᠠᠬᠢᠭᠤᠯᠵᠤ᠂ ᠡᠮ ᠤᠨ ᠵᠦᠢᠯᠡᠰ᠂ ᠣᠨᠣᠰᠢᠯᠠᠨ ᠡᠮᠨᠡᠬᠦ ᠲᠥᠷᠥᠯ ᠵᠦᠶ᠋ᠯ᠂ ᠡᠮ ᠡᠮᠴᠢᠯᠡᠭᠡᠨ ᠤ ᠦᠢᠯᠡᠴᠢᠯᠡᠭᠡᠨ ᠤ ᠲᠦᠬᠦᠭᠡᠷᠤᠮᠵᠢ ᠶᠢᠨ ᠨᠢᠭᠡᠳᠦᠯᠲᠡᠶ ᠪᠠᠶᠢᠬᠤ ᠶᠢ ᠲᠥᠯᠥᠪᠯᠡᠭᠡ ᠲᠠᠢ ᠪᠠᠷ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ︽ᠪᠦᠷᠢᠨ ᠴᠢᠳᠠᠮᠵᠢᠳᠤ ᠺᠠᠷᠲ︾ ᠭᠠᠷᠭᠠᠬᠤ ᠶᠢ ᠰᠦᠪᠡᠭᠴᠢᠯᠡᠵᠦ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠵᠤᠭᠠᠴᠠᠨ ᠲᠣᠭᠤᠷᠢᠬᠤ᠂ ᠰᠣᠶᠣᠯ ᠢ ᠪᠡᠶᠡᠴᠢᠯᠡᠨ ᠤᠢᠢᠯᠠᠭᠠᠬᠤ ᠵᠡᠷᠭᠡ ᠲᠠᠯ᠎ᠠ ᠪᠠᠷ ︽ᠨᠢᠭᠡ ᠬᠤᠲᠠ ᠶᠢᠨ ᠬᠦᠷᠳᠡᠮᠵᠢ︾ ᠢ ᠶᠢ ᠡᠩ ᠲᠡᠷᠢᠭᠦᠨ ᠳᠤ ᠪᠡᠶᠡᠯᠡᠭᠦᠯᠬᠦ ᠬᠡᠷᠡᠭᠳᠠᠢ᠃ ᠡᠭᠦᠨ ᠤ ᠬᠠᠮᠲᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠳᠤᠲᠠᠭᠤᠳᠠᠯ ᠢ ᠨᠥᠬᠦᠪᠥᠷᠢᠯᠡᠬᠦ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠠᠴᠠ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠲᠦᠯᠦᠪᠵᠢᠭᠦᠯᠬᠦ᠂ ᠲᠦᠷᠦ ᠶᠢᠨ ᠪᠤᠳᠤᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠ ᠲᠣᠭᠲᠠᠯ ᠬᠦᠴᠦᠨ ᠢ ᠳᠡᠭᠡᠭᠰᠢᠯᠡᠭᠦᠯᠵᠦ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠴᠢᠳᠠᠪᠤᠷᠢᠲᠠᠨ ᠢ ᠢᠯᠡᠷᠡᠭᠦᠯᠵᠦ᠂ ᠴᠢᠳᠠᠪᠤᠷᠢᠲᠠᠨ ᠢ ᠬᠥᠮᠦᠵᠢᠭᠦᠯᠵᠦ᠂ ᠴᠢᠳᠠᠪᠤᠷᠢᠲᠠᠨ ᠢ ᠬᠡᠷᠡᠭᠯᠡᠬᠦ ᠬᠡᠷᠡᠭᠲᠡᠶ᠃ ᠤᠯᠤᠰ ᠲᠦᠷᠦ ᠶᠢᠨ ᠪᠠᠷᠢᠮᠵᠢᠶ᠎ᠠ‌‍ᠶᠢ ᠨᠢᠭᠡᠳᠦᠭᠡᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡ ᠤᠯᠤᠰ ᠲᠦᠷᠦ ᠶᠢᠨ ᠲᠠᠯ᠎ᠠ ᠪᠠᠷ ᠢᠲᠡᠭᠡᠮᠵᠢᠲᠡᠶ᠂ ᠨᠠᠶᠢᠳᠠᠪᠤᠷᠢᠲᠠᠶ᠂ ᠰᠠᠨᠠᠭ᠎ᠠ ᠠᠮᠦᠷ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠺᠠᠳ᠋ᠷ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠳᠡᠪᠰᠢᠭᠦᠯᠬᠦ᠂ ᠰᠢᠯᠢᠳᠡᠭ ᠢ ᠱᠠᠩᠨᠠᠬᠤ᠂ ᠦᠬᠡᠨᠴᠡ ᠬᠥᠮᠦᠨ ᠢ ᠪᠠᠭᠤᠯᠭᠠᠬᠤ᠂ ᠴᠢᠳᠠᠪᠤᠷᠢ ᠦᠭᠡᠢ ᠶᠢ ᠰᠢᠭᠰᠢᠭᠳᠡᠭᠦᠯᠬᠦ ᠵᠥᠪ ᠤᠳᠤᠷᠢᠳᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠥᠭᠵᠢᠯᠲᠡ ᠲᠠᠢ ᠵᠣᠬᠢᠴᠠᠬᠤ ᠺᠠᠳ᠋ᠷ ᠤᠨ ᠰᠣᠯᠢᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠳᠦᠷᠢᠮᠵᠢᠭᠦᠯᠤᠨ ᠪᠠᠶᠢᠭᠤᠯᠬᠤ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠰᠢᠢᠳᠪᠦᠷᠢᠲᠤ ᠪᠤᠳᠤᠯᠭ᠎ᠠ ᠲᠣᠭᠲᠠᠭᠠᠬᠤ᠂ ᠵᠠᠬ᠎ᠠ ᠳᠡᠯᠭᠡᠭᠦᠷ ᠨᠡᠭᠡᠭᠡᠬᠦ᠂ ᠮᠡᠷᠭᠡᠵᠢᠯ ᠰᠢᠨᠡᠴᠢᠯᠡᠬᠦ᠂ ᠦᠷ᠎ᠡ ᠠᠰᠢᠭ ᠢᠶᠠᠨ ᠳᠡᠭᠡᠭᠰᠢᠯᠡᠭᠦᠯᠬᠦ ᠳᠤ ᠦᠢᠯᠡᠴᠢᠯᠡᠬᠦ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠳᠠᠢ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠲᠤᠳᠤᠷ᠎ᠠ ᠨᠠᠮ ᠤᠨ ᠭᠡᠰᠢᠭᠦᠨ ᠬᠦᠭᠵᠢᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠢ ᠬᠦᠮᠦᠵᠢᠭᠦᠯᠦᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠲᠡᠳᠡᠨ ᠢ ᠬᠥᠲᠥᠯᠥᠨ ᠵᠢᠯᠣᠭᠤᠳᠴᠤ ᠬᠤᠰᠢᠭᠤᠴᠢ ᠵᠢᠱᠢᠶᠡᠴᠢ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠬᠰᠠᠨ ᠬᠥᠭᠵᠢᠯᠲᠡ ᠶᠢ ᠨᠢᠭᠡ ᠯᠡ ᠡᠳᠦᠷ ᠲᠤ ᠪᠡᠶᠡᠯᠡᠭᠦᠯᠴᠢᠬᠡᠬᠦ ᠪᠢᠰᠢ᠂ ᠪᠢᠳᠡ ᠲᠡᠦᠬᠡ ᠶᠢᠨ ᠬᠦᠯᠢᠴᠡᠩᠭᠦᠢ ᠤᠪᠤᠷ ᠪᠠᠶᠢᠬᠤ ᠬᠡᠷᠡᠭᠳᠠᠢ ᠪᠦᠭᠡᠳ ᠥᠷᠯᠥᠭᠡ ᠦᠳᠡᠰᠢ‌‍ᠶᠢ ᠲᠡᠮᠡᠴᠡᠬᠦ ᠲᠤᠯᠭᠠᠮ ᠪᠤᠳᠤᠯ ᠲᠠᠢ ᠪᠠᠶᠢᠵᠤ᠂ ᠠᠯᠤᠰ ᠬᠡᠳᠦ ᠶᠢ ᠲᠥᠰᠦᠪᠯᠡᠬᠦ ᠬᠡᠷᠡᠭᠳᠠᠢ ᠪᠦᠭᠡᠳ ᠨᠢᠳᠦᠨ ᠡᠮᠦᠨᠡᠬᠢ ᠠᠵᠢᠯ ᠢᠶᠠᠨ ᠰᠠᠶᠢᠳᠤᠷ ᠬᠢᠬᠦ ᠬᠡᠷᠡᠭᠲᠡᠢ᠃ ᠤᠳᠤᠷᠢᠳᠬᠤ ᠳᠤᠭᠤᠶᠢᠯᠠᠩ ᠶᠡᠭᠡ ᠴᠢᠭᠯᠡᠯ᠂ ᠶᠡᠭᠡ ᠵᠠᠷᠴᠢᠮ ᠤᠨ ᠪᠣᠭᠤᠮᠲᠠ ᠶᠢ ᠰᠠᠶᠢᠲᠤᠷ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ‌‍ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠᠨ ᠮᠣᠵᠢ ᠨᠢᠭᠡ ᠬᠤᠲᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠭᠦᠨ ᠴᠢᠷᠮᠠᠶᠢᠵᠤ᠂ ᠵᠣᠷᠢᠭᠲᠠᠶ ᠪᠠᠷ ᠰᠢᠪᠲᠤᠯᠤᠯᠲᠠ ᠭᠠᠷᠭᠠᠬᠤ ᠬᠡᠷᠡᠭᠳᠠᠢ᠃ ᠪᠣᠳᠠᠲᠤ ᠪᠠᠶᠢᠳᠠᠯ ᠢᠶᠠᠨ ᠦᠨᠳᠦᠰᠦᠯᠡᠵᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠠᠰᠤᠷᠠᠯᠳᠠ ᠦᠭᠡᠢ ᠨᠡᠩ ᠪᠠᠶᠠᠯᠢᠭ ᠦᠷ᠎ᠡ ᠪᠦᠲᠦᠭᠡᠯ ᠤᠯᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃      ᠬᠠᠨ ᠵᠧᠩ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠶ ᠭᠡᠬᠦ ᠬᠤᠶᠠᠷ ᠵᠠᠩᠭᠢᠯᠠᠭ᠎ᠠ‌‍ᠶᠢᠨ ᠦᠭᠡ ᠶᠢᠨ ᠲᠤᠭᠤᠷᠢᠨ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠭᠴᠠᠵᠢᠭᠰᠠᠨ ᠬᠦᠭᠵᠢᠯᠳᠡ ᠶᠢᠨ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠠᠢ᠃ ᠪᠦᠬᠦ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ ᠢ ᠬᠦᠴᠦᠯᠡᠨ ᠪᠠᠶᠢᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠠᠵᠤ ᠠᠬᠤᠶ‌‍ᠶᠢᠨ ᠲᠣᠭᠲᠠᠭᠤᠨ ᠡᠷᠬᠢᠯᠳᠡ ᠶᠢ ᠪᠠᠲᠤᠯᠠᠵᠤ᠂ ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠬᠦ ᠶᠢ ᠲᠦᠷᠭᠡᠳᠬᠡᠬᠦ ᠬᠡᠷᠡᠭᠳᠠᠢ᠃ ᠴᠢᠨᠠᠷ ᠰᠠᠶᠢᠲᠠᠢ ᠰᠢᠨ᠎ᠡ ᠡᠭᠦᠳᠦᠯᠳᠡ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠳᠤᠯᠤᠯᠳᠠ ᠶᠢ ᠲᠦᠪᠯᠡᠷᠡᠩᠭᠦᠢ ᠦᠷᠨᠢᠭᠦᠯᠵᠤ᠂ ᠠᠩᠬᠠᠨ ᠤ ᠰᠢᠨ᠎ᠡ ᠡᠭᠦᠳᠦᠯᠳᠡ᠂ ᠮᠡᠷᠭᠡᠵᠢᠯ ᠤᠨ ᠰᠢᠨ᠎ᠡ ᠡᠭᠦᠳᠦᠯᠳᠡ ᠪᠠ ᠠᠵᠤ ᠦᠢᠯᠡᠰ ᠤᠨ ᠰᠢᠨ᠎ᠡ ᠡᠭᠦᠳᠦᠯᠳᠡ ᠶᠢ ᠬᠠᠮᠵᠢᠯᠴᠠᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠ ᠦᠢᠯᠡᠳᠬᠦ ᠦᠢᠯᠡᠰ ᠤᠨ ᠰᠤᠳᠤᠯᠤᠨ ᠨᠡᠭᠡᠭᠡᠯᠳᠡ ᠶᠢᠨ ᠥᠨᠳᠦᠷᠯᠢᠭ ᠭᠠᠵᠠᠷ ᠢ ᠪᠤᠢ ᠪᠣᠯᠭᠠᠬᠤ ᠬᠡᠷᠡᠭᠳᠠᠢ᠃ ᠥᠨᠳᠥᠷ ᠲᠦᠪᠰᠢᠨ ᠪᠦ᠋ᠬᠦᠢ ᠨᠡᠭᠡᠭᠡᠯᠲᠡ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠠᠷᠠᠯᠵᠢᠶ᠎ᠠ ᠡᠵᠡᠩᠨᠡᠬᠦ ᠣᠷᠴᠢᠨ ᠢ ᠲᠡᠭᠦᠯᠳᠡᠷᠵᠢᠭᠦᠯᠬᠦ ᠬᠡᠷᠡᠭᠳᠠᠢ᠃ ᠥᠨᠳᠥᠷ ᠪᠦᠲᠦᠮᠵᠢᠲᠡᠶ ᠬᠠᠮᠵᠢᠯᠴᠠᠬᠤ ᠶᠢ ᠬᠦᠴᠦᠯᠡᠨ ᠴᠢᠩᠭᠠᠳᠬᠠᠵᠤ᠂ ᠨᠢᠭᠡ ᠴᠣᠭᠴᠠᠵᠢᠭᠰᠠᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠤᠭᠤᠷᠢᠨ ᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠴᠢᠩᠭᠠᠳᠬᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠬᠦᠮ ᠲᠦᠳᠡ ᠪᠤᠯᠭᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠳᠠᠢ ᠭᠡᠵᠤ ᠢᠯᠡᠳᠭᠡᠵᠠᠢ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠸᠠᠩ ᠶᠦᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠮᠤᠵᠢ ᠬᠤᠲᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号