ᠪᠠᠶᠠᠨ᠊ᠠᠦ᠋ᠨᠳᠦᠷ ᠭᠠᠴᠠᠭ᠎ᠠ ᠭᠠᠷ ᠭᠠᠷ ᠢᠶᠠᠨ ᠬᠤᠯᠪᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠵᠠᠢ
ᠨᠡᠶᠢᠲᠡᠯᠡᠭᠰᠡᠨ ᠴᠠᠭ᠄
2020/8/27
    ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠢᠳᠡᠪᠬᠢᠯᠡᠨ ᠤᠷᠤᠯᠴᠠᠵᠤ᠂ ᠴᠡᠪᠡᠷ ᠠᠷᠢᠭᠤᠨ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠭᠡ ᠤᠢᠢᠷ᠎ᠠ ᠳᠤ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠪᠠᠶᠠᠨ᠊ᠡᠦ᠋ᠨᠳᠦᠷ ᠭᠠᠴᠠᠭ᠎ᠠ ᠪᠠᠶᠠᠨ᠊ᠡᠦ᠋ᠨᠳᠦᠷ ᠨᠡᠭᠦᠳᠡᠯ ᠠᠷᠠᠳ ᠤᠨ ᠲᠤᠭᠤᠷᠢᠭ ᠲᠤ ︽ᠭᠠᠷ ᠭᠠᠷ ᠢᠶᠠᠨ ᠬᠤᠯᠪᠤᠨ ᠪᠤᠯᠪᠠᠰᠤᠨ ᠢ ᠡᠭᠦᠳᠦᠨ ᠪᠠᠶᠢᠭᠤᠯᠬᠤ︾ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠪᠡ᠃     ᠠᠵᠢᠯᠯᠠᠭ᠎ᠠ ᠳᠤ ᠭᠠᠴᠠᠭᠠᠨ ᠤ ᠺᠠᠳ᠋ᠷ ᠠᠵᠢᠯᠳᠠᠨ᠂ ᠨᠠᠮ ᠤᠨ ᠬᠡᠰᠢᠬᠦᠨ᠂ ᠮᠤᠩᠭᠤᠯ ᠪᠠᠭ᠎ᠠ ᠰᠤᠷᠭᠠᠭᠤᠯᠢ ᠶᠢᠨ ᠪᠢᠴᠢᠬᠠᠨ ᠰᠠᠶᠢᠨ ᠲᠤᠷᠠᠴᠤᠳ ᠨᠡᠶᠢᠳᠡ ᠭᠤᠴᠢᠭᠠᠳ ᠬᠦᠮᠦᠨ ᠤᠷᠤᠯᠴᠠᠵᠤ᠂ ᠬᠤᠭ ᠨᠤᠪᠰᠢ ᠶᠢ ᠲᠡᠭᠦᠵᠤ ᠤᠷᠴᠢᠨ ᠲᠤᠭᠤᠷᠢᠨ ᠢ ᠴᠡᠪᠡᠷᠯᠡᠬᠦ ᠬᠦᠳᠡᠯᠮᠦᠷᠢ ᠪᠠᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦ ᠪᠠᠨ ᠡᠷᠭᠦᠵᠡᠢ᠃ ᠲᠡᠳᠡ ᠪᠠᠰᠠ ᠨᠡᠭᠦᠳᠡᠯ ᠠᠷᠠᠳ ᠤᠨ ᠲᠤᠭᠤᠷᠢᠭ ᠤᠨ ᠠᠶᠢᠯ ᠡᠷᠦᠭᠡ ᠪᠠᠷ ᠬᠦᠨᠵᠡᠭᠡᠶᠢᠷᠡᠨ ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠶᠢᠴᠠᠭᠠᠨ ᠰᠤᠳᠤᠯᠬᠤ ᠬᠠᠭᠤᠳᠠᠰᠤ ᠵᠢᠴᠢ ᠤᠷᠴᠢᠨ ᠲᠤᠭᠤᠷᠢᠨ ᠢ ᠴᠡᠭᠴᠡᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠵᠡᠷᠭᠡ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ ᠤᠷᠴᠢᠨ ᠲᠤᠭᠤᠷᠢᠨ ᠢ ᠪᠦᠳᠦᠮᠵᠢᠳᠡᠢ ᠦᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠰᠠᠶᠢᠨ ᠲᠤᠷ᠎ᠠ ᠠᠴᠠ ᠪᠠᠨ ᠤᠷᠴᠢᠨ ᠲᠤᠭᠤᠷᠢᠨ ᠢ ᠬᠠᠮᠠᠭᠠᠯᠠᠬᠤ ᠡ᠊ᠡᠭᠨᠡᠭᠡ ᠳᠤ ᠤᠷᠤᠯᠴᠠᠬᠤ ᠶᠢ ᠲᠠᠶᠢᠴᠢᠯᠠᠨ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠵᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号