ᠨᠠᠨᠳᠢᠨ ᠨᠡᠶᠢᠭᠡᠮ ᠲᠤᠭᠤᠷᠢᠭ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠰᠠᠶᠢᠳᠤᠷ ᠭᠢᠵᠤ ᠪᠠᠶᠢᠨ᠎ᠠ
ᠨᠡᠶᠢᠲᠡᠯᠡᠭᠰᠡᠨ ᠴᠠᠭ᠄
2020/8/27
    ︽ᠪᠦᠭᠦ ᠤᠯᠤᠰ ᠤᠨ ᠬᠤᠰᠢᠭᠤ ᠰᠢᠶᠠᠨ ᠤ ᠱᠠᠳᠤᠨ ᠤ ᠪᠤᠯᠪᠠᠰᠤᠨ ᠬᠤᠳᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠡᠭᠢᠯᠡᠭᠦᠯᠦᠭᠰᠡᠨ ᠠᠴᠠ ᠨᠠᠭᠠᠰᠢ᠂ ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠨᠠᠨᠳᠢᠨ ᠨᠡᠶᠢᠭᠡᠮ ᠲᠤᠭᠤᠷᠢᠭ ᠤᠨ ᠬᠢᠨ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠭᠡᠵᠤ᠂ ᠠᠰᠠᠭᠤᠳᠠᠯ ᠢ ᠪᠠᠶᠢᠴᠠᠭᠠᠬᠤ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠲᠦᠷᠢᠮ ᠠᠴᠠ ᠵᠦᠷᠢᠴᠠᠵᠤ ᠪᠠᠶᠢᠭᠤᠯᠤᠬᠰᠠᠨ ᠪᠠᠷᠢᠯᠭ᠎ᠠ ᠶᠢ ᠨᠤᠷᠠᠭᠠᠵᠤ ᠡᠮᠭᠢ ᠲᠢᠭᠯᠢᠮ ᠲᠠᠢ ᠪᠤᠯᠭᠠᠬᠤ᠂ ᠰᠤᠶᠤᠯ ᠤᠨ ᠠᠵᠢᠯᠯᠠᠭ᠎ᠠ ᠦᠷᠨᠢᠭᠦᠯᠭᠦ ᠵᠡᠷᠭᠡ ᠪᠤᠳᠠᠳᠤ ᠦᠢᠯᠠ ᠠᠵᠢᠯᠯᠠᠭ᠎ᠠ ᠪᠠᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠦᠷ᠎ᠠ ᠪᠦᠳᠦᠮᠵᠢ ᠶᠢ ᠲᠡᠭᠡᠭᠰᠢᠯᠡᠭᠦᠯᠵᠤ ᠪᠠᠶᠢᠨ᠎ᠠ᠃     ᠠᠰᠠᠭᠤᠳᠠᠯ ᠢ ᠪᠦᠭᠦ ᠲᠠᠯ᠎ᠠ ᠪᠠᠷ ᠪᠠᠶᠢᠴᠠᠭᠠᠪᠠ᠃ ᠨᠡᠶᠢᠭᠡᠮ ᠲᠤᠭᠤᠷᠢᠭ ᠤᠨ ᠪᠦᠭᠦ ᠺᠠᠳ᠋ᠷ ᠠᠵᠢᠯᠳᠠᠳ᠂ ᠪᠠᠯᠭᠠᠰᠤᠨ ᠠᠴᠠ ᠲᠤᠮᠢᠯᠠᠬᠰᠠᠨ ᠲᠤᠰᠬᠠᠢ ᠠᠵᠢᠯᠳᠠᠨ ᠪᠠ ᠠᠳᠠᠯ ᠠᠬᠤᠢ ᠶᠢᠨ ᠺᠤᠮᠫᠠᠨᠢ ᠶᠢᠨ ᠬᠢᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠳᠠᠨ ᠵᠢᠴᠢ ᠰᠠᠭᠤᠭᠠᠯᠢ ᠠᠷᠠᠳ ᠤᠨ ᠰᠠᠶᠢᠨ ᠲᠤᠷᠠᠴᠤᠤᠯ ᠲᠤᠰᠬᠠᠢ ᠲᠤᠭᠤᠢᠢᠯᠠᠩ ᠬᠤᠪᠢᠶᠠᠵᠤ᠂ ᠪᠦᠭᠦ ᠲᠠᠯ᠎ᠠ ᠶᠢᠨ ᠪᠠᠶᠢᠴᠠᠭᠠᠯᠳᠠ ᠭᠢᠵᠤ᠂ ᠬᠠᠷᠢᠶ ᠎ᠠ ᠲᠤᠭᠤᠷᠢᠭ ᠤᠨ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ᠂ ᠲᠡᠷᠭᠡ ᠮᠠᠰᠢᠨ ᠢᠶᠠᠨ ᠲᠤᠷ᠎ᠠ ᠪᠠᠷ ᠵᠤᠬᠰᠤᠭᠠᠬᠤ ᠪᠠᠶᠢᠳᠠᠯ᠂ ᠲᠤᠷ᠎ᠠ ᠪᠠᠷ ᠪᠦᠳᠦᠭᠡᠨ ᠪᠠᠶᠢᠭᠤᠯᠬᠤ ᠪᠠᠶᠢᠳᠠᠯ᠂ ᠲᠤᠷ᠎ᠠ ᠪᠠᠷ ᠨᠠᠭᠠᠵᠤ ᠡᠷᠢᠶᠠᠴᠡᠭᠦ ᠪᠠᠶᠢᠳᠠᠯ ᠵᠡᠷᠭᠡ ᠠᠰᠠᠭᠤᠳᠠᠯ ᠢ ᠪᠠᠶᠢᠴᠠᠭᠠᠵᠤ᠂ ᠲᠤᠰᠬᠠᠢ ᠭᠦᠮᠦᠨ ᠲᠤᠭᠢᠷᠠᠭᠤᠯᠤᠨ ᠴᠠᠭ ᠲᠠᠷᠤᠢ ᠳᠤᠨᠢ ᠴᠡᠪᠡᠷᠯᠡᠨ ᠴᠡᠭᠴᠡᠯᠡᠪᠠ᠃ ᠪᠠᠶᠢᠡᠭᠭᠤ ᠶᠢᠨ ᠴᠢᠨᠠᠷᠳᠠᠢ ᠤᠷᠴᠢᠨ ᠲᠤᠭᠤᠷᠢᠨ ᠤ ᠴᠡᠭᠴᠡᠯᠡᠯᠳᠠ ᠪᠠᠷ ᠲᠠᠮᠵᠢᠭᠤᠯᠤᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢᠯᠡᠷᠭᠡᠢ ᠰᠠᠶᠢᠵᠢᠷᠠᠵᠤ ᠂ ᠡᠮᠭᠢ ᠲᠢᠭᠯᠢᠮ ᠲᠠᠢ᠂ ᠴᠡᠪᠡᠷ ᠲᠡᠭᠰᠢ ᠠᠮᠢᠳᠤᠷᠠᠯ ᠤᠨ ᠤᠷᠴᠢᠨ ᠲᠤᠭᠤᠷᠢᠨ ᠢ ᠡᠭᠦᠳᠴᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠬᠠᠮᠠᠭᠠᠯᠠᠬᠤ ᠲᠠᠨᠢᠯᠳᠠ ᠶᠢ ᠴᠢᠨᠠᠬᠰᠢᠳᠠ ᠲᠡᠭᠡᠭᠰᠢᠯᠡᠭᠦᠯᠦᠭᠰᠡᠨ ᠪᠠᠶᠢᠨ᠎ᠠ᠃     ᠲᠦᠷᠦ ᠶᠢᠨ ᠪᠤᠳᠤᠯᠭ᠎ᠠ ᠶᠢ ᠤᠬᠠᠭᠤᠯᠪᠠ᠃ ᠡᠷᠦᠭᠡ ᠳᠤ ᠭᠦᠷᠴᠦ ᠠᠰᠠᠭᠤᠵᠤ ᠤᠢᠢᠯᠠᠭᠠᠬᠤ᠂ ᠰᠠᠭᠤᠨ ᠶᠠᠷᠢᠯᠴᠠᠬᠤ᠂ ᠪᠢᠴᠢᠭ ᠮᠠᠲ᠋ᠧᠷᠢᠶᠠᠯ ᠲᠠᠷᠬᠠᠭᠠᠬᠤ᠂ ᠪᠠᠶᠢᠴᠠᠭᠠᠯᠳᠠ ᠶᠢᠨ ᠬᠠᠭᠤᠳᠠᠰᠤ ᠲᠠᠷᠬᠠᠭᠠᠬᠤ ᠵᠡᠷᠭᠡ ᠭᠡᠯᠪᠠᠷᠢ ᠪᠠᠷ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠪᠦᠭᠦ ᠲᠠᠯ᠎ᠠ ᠪᠠᠷ ᠦᠷᠨᠢᠭᠦᠯᠪᠡ᠃ ᠤᠳᠤᠬᠠᠨ ᠪᠤᠯᠳᠠᠯ᠎ᠠ᠂ 9000 ᠭᠠᠷᠤᠢ ᠰᠠᠭᠤᠭᠠᠯᠢ ᠡᠷᠦᠭᠡ ᠪᠠ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠭᠡ ᠪᠠᠷ ᠭᠦᠨᠵᠡᠭᠡᠶᠢᠷᠠᠨ᠂ 1 ᠲᠦᠮᠠ ᠢᠯᠡᠭᠦᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠰᠠᠨ ᠪᠠᠶᠢᠨ᠎ᠠ᠃     ᠲᠦᠷᠢᠮ ᠠᠴᠠ ᠵᠦᠷᠢᠴᠠᠵᠤ ᠪᠠᠶᠢᠭᠤᠯᠤᠬᠰᠠᠨ ᠪᠠᠷᠢᠯᠭ᠎ᠠ ᠶᠢ ᠨᠤᠷᠠᠭᠠᠵᠤ ᠡᠮᠭᠢ ᠲᠢᠭᠯᠢᠮ ᠲᠠᠢ ᠪᠤᠯᠭᠠᠪᠠ᠃ ᠡᠯ᠎ᠠ ᠲᠠᠯ᠎ᠠ ᠶᠢᠨ ᠭᠦᠴᠦᠨ ᠴᠢᠳᠠᠯ ᠢ ᠲᠠᠶᠢᠴᠢᠯᠠᠨ᠂ ᠡᠯ᠎ᠠ ᠵᠦᠢᠯ ᠤᠨ ᠡᠭᠢ ᠪᠠᠶᠠᠯᠢᠭ ᠢ ᠠᠰᠢᠬᠯᠠᠵᠤ᠂ ᠪᠦᠭᠦ ᠲᠠᠯ᠎ᠠ ᠶᠢᠨ ᠲᠠᠶᠢᠴᠢᠯᠠᠯᠳᠠ ᠭᠢᠵᠤ᠂ ᠪᠦᠭᠦ ᠲᠠᠯ᠎ᠠ ᠪᠠᠷ ᠡᠭᠦᠳᠦᠨ ᠪᠠᠶᠢᠭᠤᠯᠵᠤ᠂ ᠲᠦᠷᠢᠮ ᠠᠴᠠ ᠵᠦᠷᠢᠴᠠᠵᠤ ᠪᠠᠶᠢᠭᠤᠯᠤᠬᠰᠠᠨ ᠪᠠᠷᠢᠯᠭ᠎ᠠ ᠶᠢ ᠨᠤᠷᠠᠭᠠᠵᠤ ᠡᠮᠭᠢ ᠲᠢᠭᠯᠢᠮ ᠲᠠᠢ ᠪᠤᠯᠭᠠᠬᠤ᠂ ᠤᠷᠴᠢᠨ ᠲᠤᠭᠤᠷᠢᠨ ᠢ ᠰᠢᠯᠢᠳᠡᠭᠵᠢᠭᠦᠯᠭᠦ ᠵᠡᠷᠭᠡ ᠠᠷᠭ᠎ᠠ ᠪᠠᠷᠢᠯ ᠢᠶᠠᠷ ᠲᠠᠮᠵᠢᠭᠤᠯᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠭᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠳᠦᠮᠵᠢᠳᠠᠢ ᠲᠡᠭᠡᠭᠰᠢᠯᠡᠭᠦᠯᠵᠤ᠂ ᠬᠠᠷᠢᠶ ᠎ᠠ ᠲᠤᠭᠤᠷᠢᠭ ᠤᠨ ᠰᠠᠭᠤᠭᠠᠯᠢ ᠠᠷᠠᠳ ᠤᠨ ᠵᠤᠯ ᠵᠢᠷᠭᠠᠯ ᠤᠨ ᠲᠦᠷᠦᠭᠳᠡᠯ ᠪᠠ ᠭᠦᠷᠳᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠭᠦᠯᠵᠤ ᠪᠠᠶᠢᠨ᠎ᠠ᠃ ᠤᠳᠤᠬᠠᠨ ᠪᠤᠯᠳᠠᠯ᠎ᠠ᠂ 2 ᠲᠦᠮᠠᠨ ᠲᠡᠭᠰᠢ ᠲᠦᠷᠪᠡᠯᠵᠢᠨ ᠮᠧᠲᠷ ᠭᠠᠵᠠᠷ ᠢ ᠬᠠᠳᠠᠭᠤᠷᠠᠭᠤᠯᠤᠨ᠂ 1 ᠲᠦᠮᠠᠨ ᠲᠡᠭᠰᠢ ᠲᠦᠷᠪᠡᠯᠵᠢᠨ ᠮᠧᠲᠷ ᠭᠠᠵᠠᠷ ᠢ ᠨᠤᠭᠤᠭᠠᠷᠠᠭᠤᠯᠵᠤ᠂ 7 ᠬᠠᠭᠤᠴᠢᠨ ᠲᠤᠭᠤᠷᠢᠭ ᠢ ᠦᠭᠡᠷᠡᠴᠢᠯᠠᠨ ᠰᠢᠨᠡᠳᠭᠡᠵᠤ᠂ ᠲᠤᠷ᠎ᠠ ᠪᠠᠷ ᠪᠠᠶᠢᠭᠤᠯᠤᠬᠰᠠᠨ 50 ᠭᠠᠷᠤᠢ ᠪᠠᠷᠢᠯᠭ᠎ᠠ ᠶᠢ ᠨᠤᠷᠠᠭᠠᠬᠰᠠᠨ ᠪᠠᠶᠢᠨ᠎ᠠ᠃     ᠰᠤᠶᠤᠯ ᠤᠨ ᠠᠵᠢᠯᠯᠠᠭ᠎ᠠ ᠶᠢ ᠦᠷᠨᠢᠭᠦᠯᠪᠠ᠃ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠠ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠬᠵᠢᠭᠤᠯᠤᠨ᠂ ᠨᠠᠮ ᠤᠨ ᠭᠡᠰᠢᠭᠦᠳ ᠤᠨ ᠲᠤᠬᠳᠠᠮᠠᠯ ᠠᠵᠢᠯᠯᠠᠭᠠᠨ ᠤ ᠡᠳᠦᠷ᠂ ︽ᠪᠢᠳᠠᠨ ᠤ ᠪᠠᠶᠠᠷ ᠤᠨ ᠡᠳᠦᠷ︾ ᠵᠡᠷᠭᠡ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠤ᠂ ᠰᠤᠶᠤᠯ ᠢᠶᠠᠷ ᠠᠷᠠᠳ ᠲᠤ ᠬᠠᠷᠠᠭᠠᠯᠵᠠᠯ ᠦᠵᠡᠭᠦᠯᠭᠦ ᠠᠵᠢᠯᠯᠠᠭ᠎ᠠ ᠶᠢ 40 ᠭᠠᠷᠤᠢ ᠤᠳᠠᠭ᠎ᠠ ᠦᠷᠨᠢᠭᠦᠯᠵᠤ᠂ ᠶᠠᠷᠢᠶ ᠎ᠠ ᠭᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠨ᠂ ᠰᠠᠭᠤᠭᠠᠯᠢ ᠠᠷᠠᠳ ᠤᠨ ᠠᠮᠢᠳᠤᠷᠠᠯ ᠢ ᠪᠠᠶᠠᠯᠢᠬᠵᠢᠭᠤᠯᠵᠤ᠂ ᠰᠠᠭᠤᠭᠠᠯᠢ ᠠᠷᠠᠳ ᠬᠠᠮᠳᠤ ᠪᠠᠷ ᠤᠷᠤᠯᠴᠠᠨ᠂ ᠬᠠᠮᠳᠤ ᠪᠠᠷ ᠡᠭᠦᠳᠦᠨ ᠪᠠᠶᠢᠭᠤᠯᠬᠤ ᠰᠢᠯᠢᠳᠡᠭ ᠰᠠᠶᠢᠨ ᠠᠭᠤᠷ ᠠᠮᠢᠰᠬᠤᠯ ᠢ ᠪᠤᠢ ᠪᠤᠯᠭᠠᠵᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠭᠦ ᠢ ᠎ᠠ ᠵᠤᠭᠢᠴᠠᠯ ᠲᠠᠢ ᠨᠡᠶᠢᠭᠡᠮ ᠲᠤᠭᠤᠷᠢᠭ ᠢ ᠡᠭᠦᠳᠦᠨ ᠪᠠᠶᠢᠭᠤᠯᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号