ᠶᠡᠭᠡ ᠨᠡᠬᠦᠳᠠᠯ ᠲᠤᠰᠬᠤᠨ ᠠᠮᠳᠠᠳᠤ ᠲᠠᠷᠪᠤᠰ ᠤᠨ ᠠᠵᠤ ᠦᠢᠯᠡᠰ ᠢᠶᠠᠷ ᠠᠷᠠᠳ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2020/8/27
    ᠦᠤᠰᠢᠨ ᠬᠤᠰᠢᠭᠤᠨ ᠤ ᠲᠤᠭ ᠪᠠᠯᠭᠠᠰᠤᠨ ᠤ ᠶᠡᠭᠡ ᠨᠡᠬᠦᠳᠠᠯ ᠲᠤᠰᠬᠤᠨ ᠤ ᠭᠦᠯᠡᠮᠵᠢ ᠳᠤ ᠲᠠᠷᠢᠶᠠᠴᠢᠳ ᠠᠮᠳᠠᠳᠤ ᠲᠠᠷᠪᠤᠰ ᠢ ᠠᠴᠢᠶᠠᠨ ᠤ ᠮᠠᠰᠢᠨ ᠳᠤ ᠲᠡᠭᠡᠭᠡᠪᠤᠷᠢᠯᠡᠭᠡᠳ ᠶᠠᠭᠠᠷᠠᠯᠳᠤᠨ᠎ᠠ᠂ ᠤᠳᠠᠯ ᠦᠭᠡᠢ ᠡᠳᠡᠭᠡᠷ ᠠᠮᠳᠠᠳᠤ ᠲᠠᠷᠪᠤᠰ ᠢ ᠤᠢᠢᠷ᠎ᠠ ᠬᠠᠪᠢ ᠶᠢᠨ ᠬᠤᠳᠠ ᠳᠤ ᠲᠡᠭᠡᠭᠡᠪᠤᠷᠢᠯᠡᠨ ᠭᠦᠷᠭᠡᠭᠦ ᠪᠤᠯᠤᠨ᠎ᠠ᠃      ᠶᠡᠭᠡ ᠨᠡᠬᠦᠳᠠᠯ ᠲᠤᠰᠬᠤᠨ ᠤ ᠯᠢᠦ ᠬᠥ ᠰᠢᠶᠠᠩ ᠡᠷ᠎ᠠ ᠡᠮ᠎ᠠ ᠬᠤᠶᠠᠭᠤᠯᠠ ᠴᠦ ᠲᠠᠷᠪᠤᠰ ᠤᠨ ᠲᠠᠷᠢᠶᠠᠨ ᠳᠠᠭᠠᠨ ᠲᠠᠷᠪᠤᠰ ᠢᠶᠠᠨ ᠬᠤᠳᠠᠯᠳᠤᠵᠤ ᠶᠠᠭᠠᠷᠠᠨ᠎ᠠ᠂ ᠯᠢᠦ ᠭᠦ᠋ ᠰᠢᠶᠠᠩ ᠤᠨ ᠴᠢᠷᠠᠢ ᠳᠤ ᠪᠠᠶᠠᠷ ᠤᠨ ᠢᠨᠢᠶᠠᠳᠤ ᠲᠤᠳᠤᠷᠠᠵᠤ᠂ ᠡᠨᠡ ᠵᠢᠯ ᠲᠠᠷᠪᠤᠰ ᠢᠶᠠᠨ ᠬᠤᠳᠠᠯᠳᠤᠴᠢᠬᠠᠪᠠᠯ 20 ᠭᠠᠷᠤᠢ ᠲᠦᠮᠡᠨ ᠲᠦᠭᠦᠷᠢᠭ ᠤᠨ ᠤᠷᠤᠯᠭ᠎ᠠ ᠤᠯᠴᠢᠬᠠᠨ᠎ᠠ ᠭᠡᠵᠤ ᠲᠡᠷᠡ ᠳᠤᠭᠠᠴᠢᠭ᠎ᠠ ᠬᠢᠨ᠎ᠠ᠃     ᠯᠢᠦ ᠬᠦ᠋ ᠰᠢᠶᠠᠩ ᠪᠤᠯ ᠨᠠᠮ ᠤᠨ ᠭᠡᠰᠢᠭᠦᠨ᠂ ᠭᠡᠳᠦᠨ ᠵᠢᠯ ᠤᠨ ᠡᠮᠤᠨ᠎ᠠ ᠲᠤᠰᠬᠤᠨ ᠤ ᠬᠢ ᠨᠢᠭᠡ ᠲᠠᠭᠤᠷᠢᠶᠠᠯ ᠦᠵᠡᠭᠦᠯᠭᠦ ᠡᠷᠦᠭᠡ ᠰᠤᠩᠭᠤᠵᠤ᠂ ᠠᠮᠳᠠᠳᠤ ᠲᠠᠷᠪᠤᠰ ᠲᠠᠷᠢᠭᠤᠯᠬᠤ ᠪᠠᠷ ᠪᠤᠯᠪᠠ᠂ ᠭᠡᠪᠡᠴᠦ ᠬᠤᠪᠢ ᠡᠷᠦᠭᠡ ᠶᠢᠨ ᠬᠢᠨ ᠨᠢᠭᠡ ᠪᠦᠯᠦᠭ ᠪᠠᠯᠠ ᠮᠦᠡᠭᠭᠦ ᠭᠠᠷᠭᠠᠬᠤ ᠭᠡᠷᠡᠭᠳᠡᠢ ᠪᠠᠶᠢᠯ᠎ᠠ᠃ ᠯᠢᠦ ᠭᠦ᠋ ᠰᠢᠶᠠᠩ ᠠᠭᠢᠨ ᠲᠠᠭᠢᠨ ᠪᠤᠳᠤᠯᠭᠢᠯᠠᠬᠰᠠᠨ ᠤ ᠲᠠᠷᠠᠭ᠎ᠠ ᠲᠤᠷᠰᠢᠨ ᠲᠠᠷᠢᠬᠤ ᠪᠠᠷ ᠲᠦᠷᠦᠭᠦᠯᠡᠪᠡ᠃ ᠲᠠᠷᠠᠭ᠎ᠠ ᠨᠢ᠂ ᠲᠤᠰᠬᠤᠨ ᠤ ᠵᠦᠪᠯᠡᠯ ᠤᠨ ᠬᠠᠪᠰᠤᠷᠤᠯᠭ᠎ᠠ ᠪᠠᠷ 1200 ᠲᠡᠭᠰᠢ ᠲᠦᠷᠪᠡᠯᠵᠢᠨ ᠮᠧᠲᠷ ᠤᠨ ᠤᠳᠤᠭᠢᠴᠢᠯᠠᠬᠰᠠᠨ ᠭᠦᠯᠡᠮᠵᠢ ᠪᠠᠶᠢᠭᠤᠯᠪᠠ᠃ ᠠᠩᠬᠠᠨ ᠳᠠᠭᠠᠨ ᠠᠷᠭ᠎ᠠ ᠲᠤᠷᠰᠢᠯᠭ᠎ᠠ ᠮᠡᠭᠦᠰ᠂ ᠲᠠᠷᠪᠤᠰ ᠲᠠᠷᠢᠬᠤ ᠳᠤ ᠴᠠᠭᠠᠷᠠᠬᠰᠠᠨ ᠦᠭᠡᠢ᠂ ᠲᠠᠷᠪᠤᠰ ᠤᠨ ᠰᠤᠶᠤᠭ᠎ᠠ ᠪᠠᠨ ᠴᠠᠭ ᠲᠠᠷᠤᠢ ᠳᠤᠨᠢ ᠠᠷᠠᠴᠢᠯᠠᠬᠰᠠᠨ ᠦᠭᠡᠢ ᠠᠴᠠ ᠪᠤᠯᠵᠤ ᠬᠤᠷᠢᠶᠠᠯᠳᠠ ᠮᠠᠭᠤᠳᠠᠪᠠ᠃     ᠶᠠᠭ ᠠᠷᠭ᠎ᠠ ᠮᠤᠬᠤᠷᠳᠠᠵᠤ ᠪᠠᠶᠢᠬᠤ ᠳᠤᠨᠢ ᠲᠤᠭ ᠪᠠᠯᠭᠠᠰᠤᠨ ᠤ ᠵᠠᠰᠠᠭ ᠤᠨ ᠤᠷᠳᠤᠨ ᠲᠤᠰᠬᠤᠨ ᠤ ᠠᠷᠠᠳ ᠢ ᠭᠦᠳᠦᠯᠦᠨ ᠵᠢᠯᠤᠭᠤᠳᠴᠦ᠂ ᠲᠠᠷᠪᠤᠰ ᠲᠠᠷᠢᠬᠤ ᠲᠤᠰᠬᠠᠢ ᠬᠤᠷᠰᠢᠶᠠᠵᠢᠯ ᠪᠠᠶᠢᠭᠤᠯᠪᠠ︔ ᠲᠤᠭ ᠪᠠᠯᠭᠠᠰᠤᠨ ᠤ ᠰᠢᠨ᠎ᠠ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠮᠡᠷᠭᠡᠵᠢᠯ ᠤᠨ ᠵᠢᠯᠤᠭᠤᠳᠤᠯᠭ᠎ᠠ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠨᠢ ᠡᠯ᠎ᠠ ᠱᠠᠳᠤᠨ ᠤ ᠲᠠᠷᠢᠮᠠᠯ ᠤᠨ ᠲᠤᠰᠬᠠᠢ ᠮᠡᠷᠭᠡᠵᠢᠯᠳᠠᠨ ᠢ ᠤᠷᠢᠨ ᠠᠪᠴᠢᠷᠠᠵᠤ᠂ ᠠᠮᠳᠠᠳᠤ ᠲᠠᠷᠪᠤᠰ ᠤᠨ ᠤᠷᠭᠤᠴᠠ ᠶᠢᠨ ᠪᠠᠶᠢᠳᠠᠯ᠂ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠤᠳᠠᠳᠠᠢ ᠬᠠᠮᠢᠶᠠᠷᠤᠯᠳᠠ ᠶᠢᠨ ᠠᠷᠭ᠎ᠠ ᠮᠡᠷᠭᠡᠵᠢᠯ ᠲᠤᠷᠠᠳᠴᠦ᠂ ᠲᠠᠷᠢᠶᠠᠴᠢᠳ ᠢ ᠠᠮᠳᠠᠳᠤ ᠲᠠᠷᠪᠤᠰ ᠲᠠᠷᠢᠬᠤ ᠲᠠᠭᠤᠷᠢᠶᠠᠯ ᠦᠵᠡᠭᠦᠯᠭᠦ ᠭᠠᠵᠠᠷ ᠤᠳ ᠢᠶᠠᠷ ᠲᠤᠭᠤᠷᠢᠨ ᠰᠤᠷᠤᠯᠴᠠᠭᠤᠯᠤᠬᠰᠠᠨ ᠪᠠᠶᠢᠨ᠎ᠠ᠃ ᠭᠡᠳᠦᠨ ᠵᠢᠯ ᠤᠨ ᠲᠤᠷᠰᠢ᠂ ᠯᠢᠦ ᠭᠦ᠋ ᠰᠢᠶᠠᠩ ᠪᠠ ᠤᠯᠠᠨ ᠲᠠᠷᠪᠤᠰ ᠤᠨ ᠲᠠᠷᠢᠶᠠᠴᠢᠨ ᠮᠡᠷᠭᠡᠵᠢᠯ ᠤᠨ ᠰᠢᠪᠳᠤᠯᠤᠯᠳᠠ ᠲᠠᠢ ᠪᠤᠯᠵᠤ᠂ ᠲᠠᠷᠪᠤᠰ ᠨᠢ ᠤᠯᠠᠮ ᠠᠴᠠ ᠤᠯᠠᠮ ᠠᠮᠳᠠᠳᠠᠢ ᠪᠤᠯᠵᠤ᠂ ᠬᠤᠷᠢᠶᠠᠯᠳᠠ ᠨᠢ ᠤᠯᠠᠮ ᠠᠴᠠ ᠤᠯᠠᠮ ᠰᠠᠶᠢᠵᠢᠷᠠᠵᠤ᠂ ᠤᠷᠤᠯᠭ᠎ᠠ ᠨᠢ ᠤᠯᠠᠮ ᠠᠴᠠ ᠤᠯᠠᠮ ᠨᠡᠮᠡᠭᠳᠡᠭᠰᠡᠨ ᠪᠠᠶᠢᠨ᠎ᠠ᠃     ᠤᠳᠤ ᠯᠢᠦ ᠭᠦ᠋ ᠰᠢᠶᠠᠩ ᠤᠨ ᠭᠦᠯᠡᠮᠵᠢ ᠶᠢᠨ ᠲᠠᠷᠢᠮᠠᠯ ᠤᠨ ᠭᠡᠪᠴᠢᠶ᠎ᠠ ᠤᠯᠠᠮ ᠠᠴᠠ ᠤᠯᠠᠮ ᠶᠡᠭᠡᠳᠴᠦ᠂ ︽ᠺᠤᠮᠫᠠᠨᠢ + ᠲᠤᠰᠬᠠᠢ ᠬᠤᠷᠰᠢᠶᠠᠵᠢᠯ + ᠮᠠᠯᠴᠢᠨ ᠲᠠᠷᠢᠶᠠᠴᠢᠨ ᠡᠷᠦᠭᠡ︾ ᠶᠢᠨ ᠭᠡᠯᠪᠠᠷᠢ ᠪᠠᠷ ᠨᠠᠩ ᠤᠯᠠᠨ ᠲᠤᠰᠬᠤᠨ ᠤ ᠠᠷᠠᠳ ᠢ ᠠᠮᠳᠠᠳᠤ ᠲᠠᠷᠪᠤᠰ ᠲᠠᠷᠢᠬᠤ ᠡᠩᠨᠡᠭᠡ ᠳᠤ ᠤᠷᠤᠭᠤᠯᠵᠤ᠂ ᠲᠤᠬᠠᠢ ᠶᠢᠨ ᠭᠠᠵᠠᠷ ᠤᠨ ᠤᠯᠠᠨ ᠲᠦᠮᠠᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠦᠯ᠎ᠠ᠃ ᠤᠳᠤᠬᠠᠨ ᠳᠤ᠂ ᠲᠤᠭ ᠪᠠᠯᠭᠠᠰᠤᠨ ᠤ ᠠᠮᠳᠠᠳᠤ ᠲᠠᠷᠪᠤᠰ ᠤᠨ ᠲᠠᠷᠢᠮᠠᠯ ᠨᠢᠭᠡᠨᠳᠠ 10 ᠭᠠᠴᠠᠭ᠎ᠠ ᠲᠤᠰᠬᠤᠨ ᠢ ᠪᠦᠷᠭᠦᠭᠦᠯᠦᠭᠰᠡᠨ ᠪᠠᠶᠢᠨ᠎ᠠ᠃     ︽ᠭᠦᠮᠦᠨ ᠪᠦᠭᠦᠨ ᠮᠡᠷᠭᠡᠵᠢᠯ ᠲᠠᠢ᠂ ᠡᠷᠦᠭᠡ ᠪᠦᠭᠦᠨ ᠠᠵᠤ ᠦᠢᠯᠡᠰ ᠲᠠᠢ᠂ ᠡᠷᠦᠭᠡ ᠪᠦᠭᠦᠨ ᠤᠷᠤᠯᠭ᠎ᠠ ᠶᠢᠨ ᠨᠡᠮᠡᠭᠳᠡᠯ ᠲᠠᠢ︾᠃ ᠲᠤᠭ ᠪᠠᠯᠭᠠᠰᠤ ᠤᠯᠠᠮᠵᠢᠯᠠᠯᠳᠤ ᠲᠠᠷᠢᠮᠠᠯ ᠤᠨ ᠭᠡᠯᠪᠠᠷᠢ ᠪᠠᠨ ᠬᠤᠪᠢᠷᠠᠭᠤᠯᠤᠨ ᠲᠡᠰ ᠲᠠᠪᠰᠢᠭᠦᠯᠵᠤ ᠂ ᠰᠢᠨ᠎ᠠ ᠭᠡᠯᠪᠡᠷᠢ ᠶᠢᠨ ᠡᠵᠡᠩᠨᠠᠯᠳᠠ ᠶᠢᠨ ᠭᠤᠤᠯ ᠴᠤᠬᠴᠠ ᠶᠢ ᠪᠤᠶᠢᠵᠢᠭᠤᠯᠤᠨ᠂ ᠮᠠᠯᠴᠢᠨ ᠲᠠᠷᠢᠶᠠᠴᠢᠨ ᠡᠷᠦᠭᠡ ᠪᠠ ᠰᠢᠨ᠎ᠠ ᠭᠡᠯᠪᠡᠷᠢ ᠶᠢᠨ ᠡᠵᠡᠩᠨᠡᠯᠳᠠ ᠶᠢᠨ ᠭᠤᠤᠯ ᠴᠤᠬᠴᠠ ᠨᠢ ᠠᠰᠢᠭ ᠲᠤᠰᠠ ᠶᠢᠨ ᠬᠤᠯᠪᠤᠭᠠᠳᠤ ᠲᠤᠬᠳᠠᠴᠠ ᠶᠢ ᠪᠠᠶᠢᠭᠤᠯᠬᠤ ᠶᠢ ᠠᠭᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠨᠠᠩ ᠤᠯᠠᠨ ᠨᠡᠷᠡᠳᠦ ᠲᠡᠮᠳᠡᠭᠳᠦ ᠶᠢ ᠡᠭᠦᠳᠴᠦ᠂ ᠨᠠᠩ ᠤᠯᠠᠨ ᠮᠠᠯᠴᠢᠨ ᠲᠠᠷᠢᠶᠠᠴᠢᠨ ᠡᠷᠦᠭᠡ ᠵᠢᠴᠢ ᠶᠠᠳᠠᠭᠤ ᠭᠦᠴᠢᠷᠳᠠᠯᠳᠠᠢ ᠡᠷᠦᠭᠡ ᠶᠢ ᠲᠠᠶᠢᠴᠢᠯᠠᠨ᠂ ᠲᠡᠳᠡᠨ ᠤ ᠤᠷᠤᠯᠭ᠎ᠠ ᠶᠢᠨ ᠭᠢᠷᠢ ᠲᠦᠪᠰᠢᠨ ᠢ ᠲᠡᠭᠡᠭᠰᠢᠯᠡᠭᠦᠯᠵᠤ ᠪᠠᠶᠢᠨ᠎ᠠ᠃                
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号