︽ᠮᠠᠯᠵᠢᠬᠤ ᠳ᠋ᠠᠵᠠᠢ︾ ᠶᠢᠨ ᠪᠠᠶᠠᠴᠢᠯᠠᠨ ᠣᠶᠢᠯᠠᠭᠠᠬᠤ ᠰᠠᠭᠤᠷᠢᠨ ᠭᠠᠵᠠᠷ —  ᠠᠮᠢ ᠠᠬᠤᠢ ᠶᠢᠨ ᠪᠣᠯᠪᠠᠰᠣᠠ ᠢ ᠥᠢᠯᠡᠳᠥᠯᠭᠡᠵᠢᠭᠦᠯᠬᠦ ᠲᠥᠷᠭᠡᠳᠭᠡᠭᠦᠷ
ᠨᠡᠶᠢᠲᠡᠯᠡᠭᠰᠡᠨ ᠴᠠᠭ᠄
2020/8/27
   ᠲᠥᠷᠥᠭᠦᠭᠡᠡ ︽ᠮᠠᠯᠵᠢᠬᠤ ᠳ᠋ᠠᠵᠠᠢ︾ ᠶᠢᠨ ᠪᠠᠶᠠᠴᠢᠯᠠᠨ ᠣᠶᠢᠯᠠᠭᠠᠬᠤ ᠠᠮᠢ ᠠᠬᠤᠢ ᠶᠢᠨ ᠬᠦᠮᠣᠵᠢᠯ ᠤᠨ ᠰᠠᠭᠤᠷᠢᠨ ᠭᠠᠵᠠᠷ ᠦᠣᠰᠢᠨ ᠬᠤᠰᠢᠭᠤᠨ ᠤ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠳᠤ ᠪᠠᠶᠢᠭᠤᠯᠣᠭᠳᠠᠪᠠ᠃ ᠡᠨᠡ ᠬᠦ ᠰᠠᠭᠤᠷᠢᠨ ᠭᠠᠵᠠᠷ ᠪᠣᠯ ᠣᠯᠠᠨ ᠳᠦᠮᠡᠨ ᠤ ᠮᠠᠯᠵᠢᠬᠤ ᠳ᠋ᠠᠵᠠᠢ ᠶᠢᠨ ᠵᠣᠷᠢᠭ ᠰᠠᠨᠠᠭ᠎ᠠ ᠶᠢ ᠪᠠᠳᠠᠷᠠᠭᠤᠯᠣᠨ᠂ ᠬᠥᠮᠥᠰ ᠲᠤ ᠠᠮᠢ ᠠᠬᠤᠢ ᠶᠢᠨ ᠬᠦᠮᠣᠵᠢᠯ ᠢ ᠬᠦᠷᠲᠡᠭᠡᠵᠦ᠂ ᠠᠮᠢ ᠠᠬᠤᠢ ᠶᠢ ᠪᠦᠳᠣᠭᠡᠨ ᠪᠠᠶᠢᠭᠤᠯᠣᠨ᠂ ᠠᠮᠢ ᠠᠬᠤᠢ ᠶᠢᠨ ᠪᠣᠯᠪᠠᠰᠣᠨ ᠢ ᠭᠦᠭᠵᠢᠭᠦᠯᠥᠨ ᠣᠶᠢᠯᠡᠳᠣᠯᠭᠡᠵᠢᠭᠦᠯᠬᠦ ᠲᠥᠷᠭᠡᠳᠭᠡᠭᠦᠷ ᠪᠣᠯᠣᠨ᠎ᠠ᠃     ᠲᠣᠰ ᠰᠠᠭᠤᠷᠢᠨ ᠭᠠᠵᠠᠷ ᠪᠠᠶᠢᠭᠤᠯᠣᠭᠳᠠᠬᠤ ᠶᠣᠰᠣᠯᠠᠯ ᠲᠡᠭᠡᠷ᠎ᠡ ᠳᠣᠬᠠᠢ ᠶᠢᠨ ᠦᠶ᠎ᠡ ᠶᠢᠨ ᠡᠯᠡᠰᠦ ᠮᠠᠩᠬ᠎ᠠ ᠶᠢ ᠣᠶᠢᠵᠢᠭᠤᠯᠣᠭᠰᠠᠠ ︽ᠲᠠᠮᠣᠷ ᠬᠡᠣᠭᠡᠨᠴᠣᠣᠨ︾ ᠤᠨ ᠭᠠᠪᠰᠢᠭᠠᠶᠢᠯᠠᠭᠴᠢ ᠠᠩᠬᠢ ᠶᠢᠨ ᠭᠡᠰᠢᠭᠦᠣᠨ ᠲᠤ ᠳᠣᠷᠠᠰᠠᠬᠯ ᠤᠨ ᠪᠣᠳᠠᠰ ᠭᠠᠷᠳᠠᠭᠤᠯᠣᠭᠰᠠᠨ ᠤ ᠬᠠᠮᠲᠣ ︽ᠲᠠᠮᠣᠷ ᠬᠡᠣᠭᠡᠨᠴᠣᠣᠨ︾ ᠤᠨ ᠭᠠᠪᠰᠢᠭᠠᠶᠢᠯᠠᠭᠴᠢ ᠠᠩᠬᠢ ᠶᠢᠨ ᠭᠡᠰᠢᠬᠦᠳ ᠤᠨ ᠳᠠᠭᠠᠭᠤᠯᠭ᠎ᠠ ᠪᠠᠷ ᠡᠯᠡᠰᠣ ᠮᠠᠩᠬᠠᠨ ᠪᠠᠯᠠᠷ ᠲᠤ ᠣᠶᠢᠵᠢᠭᠤᠯᠣᠯᠲᠠ ᠶᠢᠨ ᠠᠵᠢᠯᠯᠠᠭ᠎ᠠ ᠦᠷᠨᠢᠭᠦᠯᠣᠨ᠂ ᠬᠠᠰᠢᠶᠠᠲᠣ ᠬᠤᠳᠳᠤᠭ ᠠᠴᠠ ᠤᠰᠤ ᠳᠠᠮᠨᠠᠨ ᠣᠰᠣᠯᠠᠵᠣ᠂ ᠣᠯᠡᠨ ᠳᠠᠶᠠᠭᠠᠷ ᠲᠤ ᠳᠣᠬᠠᠢ ᠶᠢᠨ ᠦᠶ᠎ᠡ ᠶᠢᠨ ᠬᠦᠴᠢᠷ ᠪᠡᠷᠬᠡᠰᠢᠶᠠᠯᠲᠣ ᠪᠠᠶᠢᠳᠡᠯ ᠳᠣᠣᠷ᠎ᠠ ᠡᠯᠡᠰᠦ ᠮᠠᠩᠬ᠎ᠠ ᠶᠢ ᠣᠶᠢᠵᠢᠭᠤᠯᠣᠨ ᠨᠣᠭᠤᠭᠠᠷᠠᠭᠤᠯᠬᠤ ᠪᠠᠷ ᠲᠠᠮᠠᠴᠠᠵᠣ ᠪᠠᠶᠢᠭᠰᠠᠨ ᠪᠣᠳᠡᠳᠦ ᠪᠠᠶᠢᠳᠠᠯ ᠢ ᠪᠠᠶᠠᠴᠢᠯᠠᠨ ᠣᠶᠢᠯᠠᠭᠠᠭᠤᠯᠪᠠ᠃ ᠦᠥᠰᠢᠨᠵᠤᠤ ᠭᠠᠴᠠᠭᠠᠨ ᠤ ᠮᠠᠯᠴᠢᠨ᠂ ︽ᠲᠠᠮᠣᠷ ᠬᠡᠣᠭᠡᠨᠴᠣᠣᠨ︾ ᠤᠨ ᠭᠠᠪᠰᠢᠭᠠᠶᠢᠯᠠᠭᠴᠢ ᠠᠩᠬᠢ ᠶᠢᠨ ᠭᠡᠰᠢᠭᠦᠨ ᠲᠣᠭᠲᠠᠭᠤᠨᠭᠡᠷᠡᠯ ᠠᠴᠠ᠄ ︽ᠨᠠᠮ ᠵᠠᠰᠠᠭ ᠠᠴᠠ ᠡᠯᠡᠰᠦ ᠮᠠᠩᠬ᠎ᠠ ᠶᠢ ᠤᠢᠢᠵᠢᠭᠤᠯᠬᠤ ᠳᠤ ᠦᠩᠭᠡᠷᠡᠭᠰᠡᠨ ᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠬᠤ ᠡᠶᠢᠮᠦ ᠶᠡᠭᠡ ᠠᠵᠢᠯᠯᠠᠭ᠎ᠠ ᠥᠷᠨᠢᠭᠦᠯᠥᠭᠰᠡᠡ ᠳᠤ ᠴᠢᠩ ᠰᠡᠳᠬᠢᠯ ᠠᠴᠠ ᠲᠠᠯᠠᠷᠬᠠᠵᠤ ᠪᠠᠶᠢᠨ᠎ᠠ᠃ ᠡᠨᠡ ᠬᠦ ᠠᠵᠢᠯᠯᠠᠭ᠎ᠠ ᠨᠢ ᠮᠠᠨ ᠤ ᠬᠤᠶᠢᠴᠢ ᠥᠶ᠎ᠡ ᠶᠢᠨ ᠬᠢᠨ ᠤ ᠡᠯᠡᠰᠦ ᠮᠠᠩᠬ᠎ᠠ ᠶᠢ ᠨᠤᠭᠤᠭᠠᠷᠠᠭᠤᠯᠵᠤ᠂ ᠡᠯᠡᠰᠦ ᠮᠠᠩᠬ᠎ᠠ ᠲᠠᠢ ᠲᠡᠮᠡᠴᠡᠬᠦ ᠬᠥᠴᠥᠡ ᠵᠣᠷᠢᠬ ᠢ ᠬᠥᠪᠴᠢᠯᠡᠵᠡᠢ᠂ ᠰᠠᠭᠤᠷᠢᠨ ᠭᠠᠵᠠᠷ ᠤᠨ ᠬᠠᠪᠢ ᠶᠢᠨ 600 ᠭᠠᠷᠤᠢ ᠮᠥ ᠶᠢᠨ ᠡᠯᠡᠰᠥᠷᠭᠡᠭ ᠭᠠᠵᠠᠷ ᠢ ᠣᠳᠠᠯ ᠥᠭᠡᠢ ᠲᠠᠷᠢᠭᠠᠳ ᠨᠤᠭᠤᠭᠠᠷᠠᠭᠤᠯᠴᠢᠬᠠᠨ᠎ᠠ᠃ ᠦᠨᠡᠭᠡᠷ ᠰᠡᠳᠬᠢᠯ ᠬᠦᠳᠡᠯᠦᠯ᠎ᠡ᠂ ᠰᠠᠶᠢᠬᠠᠨ ᠪᠠᠶᠢᠨ᠎ᠠ︾ ᠭᠡᠵᠥ ᠪᠠᠶᠢᠯ᠎ᠠ᠃
    ︽ᠮᠠᠯᠵᠢᠬᠤ ᠳ᠋ᠠᠵᠠᠢ︾ ᠶᠢᠨ ᠪᠠᠶᠠᠴᠢᠯᠠᠨ ᠣᠶᠢᠯᠠᠭᠠᠬᠤ ᠠᠮᠢ ᠠᠬᠤᠢ ᠶᠢᠨ ᠬᠦᠮᠣᠵᠢᠯ ᠤᠨ ᠰᠠᠭᠤᠷᠢᠨ ᠭᠠᠵᠠᠷ ᠨᠢ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠤ 600 ᠭᠠᠷᠣᠢ ᠮᠦ ᠶᠢᠨ ᠡᠯᠡᠰᠦ ᠮᠠᠩᠬᠠᠨ ᠳᠤ ᠪᠠᠶᠢᠷᠢᠰᠢᠵᠣ᠂ ᠮᠤᠳᠣ ᠲᠠᠷᠢᠵᠣ ᠣᠶᠢᠵᠢᠭᠤᠯᠬᠤ᠂ ᠬᠠᠰᠢᠶᠠᠲᠣ ᠬᠤᠳᠳᠤᠭ ᠠᠴᠠ ᠣᠰᠤ ᠳᠠᠮᠨᠠᠨ ᠣᠰᠣᠯᠠᠬᠤ ᠵᠡᠷᠬᠡ ᠪᠠᠶᠠᠴᠢᠯᠠᠨ ᠣᠶᠢᠯᠠᠭᠠᠬᠤ ᠠᠭᠤᠯᠭ᠎ᠠ ᠶᠢ ᠪᠠᠭᠳᠠᠭᠠᠵᠠᠢ᠃ ᠦᠥᠰᠢᠨᠵᠤᠤ ᠭᠠᠴᠠᠭᠠᠨ ᠤ ᠨᠠᠮ ᠤᠨ ᠡᠭᠦᠷ ᠤᠨ ᠱᠦᠵᠢ ᠶᠥᠩ ᠬᠤᠩ ᠄ ︽ᠠᠮᠢ ᠠᠬᠤᠢ ᠪᠠᠨ ᠬᠠᠮᠠᠭᠠᠯᠠᠬᠤ ᠪᠤᠯ ᠮᠠᠯᠴᠢᠨ ᠲᠦᠮᠡᠨ ᠤ ᠲᠠᠷᠬᠠᠨ ᠡᠭᠦᠷᠭᠡ᠃ ᠢᠩᠬᠢᠬᠦᠯᠡᠷ ᠮᠠᠨᠤᠰ ᠠᠮᠢ ᠠᠬᠤᠢ ᠪᠠᠨ ᠤᠯᠠᠮ ᠰᠠᠶᠢᠬᠠᠨ ᠨᠤᠭᠤᠭᠠᠷᠠᠭᠤᠯᠵᠤ᠂ ᠬᠤᠶᠢᠴᠢ ᠦᠶ᠎ᠡ ᠳᠡᠭᠡᠨ ᠨᠣᠮᠢᠨ ᠨᠤᠭᠤᠭᠠᠨ ᠤᠷᠴᠢᠨ ᠲᠤᠭᠤᠷᠢᠨ ᠢ ᠪᠦᠷᠢᠯᠳᠦᠬᠦᠯᠵᠦ᠂ ᠮᠠᠨ ᠤ ᠮᠠᠯᠵᠢᠬᠤ ᠳ᠋ᠠᠵᠠᠢ ᠶᠢᠨ ᠵᠤᠷᠢᠭ ᠰᠠᠨᠠᠭ᠎ᠠ ᠶᠢ ᠤᠯᠠᠮ ᠪᠠᠳᠠᠷᠠᠭᠤᠯᠬᠤ ᠪᠠᠷ ᠴᠢᠷᠮᠠᠶᠢᠵᠤ ᠪᠠᠶᠢᠨ᠎ᠠ︾ ᠭᠡᠨ᠎ᠡ᠃
    ᠦᠣᠰᠢᠨᠵᠣᠣ ᠪᠠᠯᠭᠠᠰᠣ ᠨᠢ ︽ᠮᠠᠯᠵᠢᠬᠤ ᠳ᠋ᠠᠵᠠᠢ ᠦᠣᠰᠢᠨᠵᠣᠣ︾ ᠶᠢᠨ ᠵᠣᠷᠢᠭ ᠰᠠᠨᠠᠭᠠᠨ ᠤ ᠡᠭᠦᠰᠣᠯᠲᠠ ᠶᠢᠨ ᠭᠤᠯᠣᠮᠲᠠ ᠶᠢᠨ ᠭᠠᠵᠠᠷ ᠪᠠᠶᠢᠵᠣ᠂ ᠳᠡᠭᠡᠷ᠎ᠡ ᠵᠠᠭᠤᠨ ᠤ ᠵᠢᠷᠠᠭᠠᠳ ᠣᠨ ᠠᠴᠠ ᠨᠠᠭᠠᠰᠢ ᠪᠦᠬᠦ ᠣᠯᠤᠰ ᠤᠨ ᠬᠦᠳᠡᠯᠮᠣᠷᠢ ᠶᠢᠨ ᠵᠢᠱᠢᠶᠠᠴᠢ ᠪᠣᠷᠣᠯᠳᠠᠢ ᠪᠠᠷ ᠳᠦᠷᠣᠭᠦᠯᠡᠭᠦᠯᠣᠭ᠍ᠰᠡᠨ ᠦᠣᠰᠢᠨᠵᠣᠣ ᠶᠢᠨ ᠠᠷᠡᠳ ᠳᠦᠮᠡᠨ ᠡᠯᠡᠰᠦ ᠮᠠᠩᠬ᠎ᠠ ᠶᠢ ᠣᠶᠢᠵᠢᠭᠤᠯᠣᠨ᠂ ᠨᠣᠳᠤᠭ ᠪᠡᠯᠴᠢᠭᠡᠷ ᠢᠶᠠᠨ ᠪᠦᠳᠣᠭᠡᠨ ᠪᠠᠶᠢᠭᠤᠯᠵᠣ᠂ ᠮᠠᠯᠵᠢᠬᠤ ᠣᠷᠣᠨ ᠤ ᠪᠦᠳᠣᠭᠡᠨ ᠪᠠᠶᠢᠭᠤᠯᠣᠯᠲᠠ ᠶᠢᠨ ᠰᠢᠨ᠎ᠡ ᠨᠢᠭᠡᠨ ᠵᠠᠮ ᠢ ᠨᠡᠭᠡᠭᠡᠵᠣ᠂ ᠪᠦᠬᠦ ᠣᠯᠣᠰ ᠤᠨ ᠠᠮᠢ ᠠᠬᠤᠢ ᠶᠢᠨ ᠪᠦᠳᠣᠬᠡᠨ ᠪᠠᠶᠢᠭᠤᠯᠣᠯᠲᠠ ᠳᠤ ᠡᠷᠬᠢᠮ ᠨᠡᠨᠳᠢᠨ ᠲᠣᠷᠰᠢᠯᠭ᠎ᠠ ᠰᠣᠷᠭᠠᠮᠵᠢ ᠶᠢ ᠬᠤᠷᠠᠮᠳᠣᠭᠤᠯᠣᠭᠰᠠᠨ ᠨᠠᠶᠢᠳᠡᠯᠢᠭ  ᠵᠢᠱᠢᠶ᠎ᠡ ᠪᠣᠯᠵᠤ ᠂ ᠪᠦᠬᠦ ᠣᠯᠣᠰ ᠲᠤ ︽ᠮᠠᠯᠵᠢᠬᠤ ᠳ᠋ᠠᠵᠠᠢ ᠦᠣᠰᠢᠨᠵᠣᠣ︾ ᠭᠡᠵᠤ ᠨᠡᠷᠡᠶᠢᠳᠣᠭ᠍ᠳᠡᠭᠰᠡᠨ ᠪᠠᠶᠢᠳᠠᠭ᠃ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠬᠡᠢ ᠲᠣᠭᠤᠰᠢᠯᠠᠭᠤᠯᠵᠣ᠂ ᠠᠮᠢ ᠠᠬᠤᠢ ᠶᠢᠨ ᠪᠦᠳᠣᠭᠡᠨ ᠪᠠᠶᠢᠭᠤᠯᠣᠯᠲᠠ ᠶᠢ ᠠᠬᠢᠭᠤᠯᠣᠨ᠂ ᠮᠠᠯᠵᠢᠬᠤ ᠳ᠋ᠠᠵᠠᠢ ᠶᠢᠨ ᠵᠣᠷᠢᠭ ᠰᠠᠨᠠᠭ᠎ᠠ ᠶᠢ ᠬᠦᠨᠵᠡᠬᠡᠢ ᠠᠭᠤᠳᠠᠯᠵᠤ᠂ ᠦᠣᠰᠢᠨᠵᠣᠣ ᠶᠢᠨ ᠬᠤᠪᠢᠰᠬᠠᠯᠲᠣ ᠰᠣᠶᠣᠯ ᠪᠣᠯᠣᠠ ᠠᠮᠢ ᠠᠬᠤᠢ ᠶᠢᠨ ᠰᠣᠶᠣᠯ ᠢ ᠣᠯᠠᠮᠵᠢᠯᠠᠵᠣ ᠬᠠᠮᠲᠣ ᠶᠢᠨ ᠠᠵᠣ ᠠᠬᠤᠢ ᠶᠢ ᠬᠦᠭᠵᠢᠬᠦᠯᠬᠦ ᠶᠢᠨ ᠲᠥᠯᠥᠭᠡ ᠡᠨᠡ ᠬᠦ ᠰᠠᠭᠤᠷᠢᠨ ᠭᠠᠵᠠᠷ ᠢ ᠪᠠᠶᠢᠭᠤᠯᠵᠠᠢ᠃ ᠦᠥᠰᠢᠨᠵᠤᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠷᠠᠨᠪᠠᠶᠠᠷ᠄ ︽ᠭᠤᠤᠯ ᠵᠤᠷᠢᠯᠲᠠ ᠪᠤᠯ ᠮᠠᠨ ᠤ ᠦᠥᠰᠢᠨᠵᠤᠤ ᠶᠢᠨ ᠮᠠᠯᠵᠢᠬᠤ ᠳ᠋ᠠᠵᠠᠢ ᠶᠢᠨ ᠠᠮᠢ ᠠᠬᠤᠢ ᠶᠢᠨ ᠬᠦᠮᠦᠵᠢᠯ ᠤᠨ ᠰᠤᠷᠭᠠᠭᠤᠯᠢ ᠳᠤ ᠢᠷᠡᠵᠦ ᠰᠤᠷᠤᠯᠴᠠᠵᠤ ᠪᠠᠶᠢᠭ᠎ᠠ ᠺᠠᠳ᠋ᠷ ᠠᠵᠢᠯᠲᠠᠨ᠂ ᠨᠠᠮ ᠤᠨ ᠭᠡᠰᠢᠬᠦᠨ᠂ ᠠᠵᠤ ᠠᠬᠤᠶᠢᠯᠠᠯᠲᠠᠨ ᠵᠡᠷᠭᠡ ᠳᠤ ᠮᠠᠯᠵᠢᠬᠤ ᠳ᠋ᠠᠵᠠᠢ ᠦᠥᠰᠢᠨᠵᠤᠤ ᠶᠢᠨ ᠠᠮᠢ ᠠᠬᠤᠢ ᠶᠢ ᠶᠠᠭᠠᠬᠢᠵᠤ ᠴᠤᠭᠴᠠᠯᠠᠨ ᠪᠠᠶᠢᠭᠤᠯᠣᠭᠰᠠᠠ᠂ ᠭᠦᠴᠢᠷ ᠪᠡᠷᠭᠡᠰᠢᠶᠡᠯ ᠢ ᠶᠠᠭᠠᠬᠢᠵᠦ ᠢᠯᠠᠨ ᠲᠠᠪᠠᠵᠤ ᠪᠠᠶᠢᠭᠰᠠᠨ᠂ ᠲᠤᠬᠠᠢ ᠶᠢᠨ ᠦᠶ᠎ᠡ ᠳᠤ ᠡᠯᠡᠰᠦ ᠮᠠᠩᠬ᠎ᠠ ᠶᠢ ᠶᠠᠭᠠᠬᠢᠵᠤ ᠵᠠᠰᠠᠵᠤ ᠦᠭᠡᠷᠡᠴᠢᠯᠡᠵᠤ ᠪᠠᠶᠢᠭᠰᠠᠨ᠂ ᠨᠡᠩ ᠴᠦ ᠲᠤᠬᠠᠢ ᠶᠢᠨ ᠦᠶ ᠎ᠡ ᠶᠢᠨ ᠬᠦᠮᠦᠰ ᠤᠨ ᠵᠤᠷᠢᠭ ᠰᠠᠨᠠᠭ᠋ ᠎ᠠ ᠶᠢ ᠪᠡᠶᠡᠴᠢᠯᠡᠡ ᠣᠢᠢᠯᠠᠭᠠᠭᠤᠯᠬᠤ ᠶᠢᠨ ᠲᠥᠯᠥᠭᠡ ᠶᠣᠮ᠂ ᠪᠠᠰᠠ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ ᠲᠤᠮᠳᠠ ᠰᠠᠶᠢᠬᠠᠨ ᠲᠤᠷᠰᠢᠯᠭ᠎ᠠ ᠰᠤᠷᠭᠠᠮᠵᠢ ᠶᠢ ᠬᠤᠷᠠᠮᠳᠣᠭᠤᠯᠤᠭᠰᠠᠨ ᠪᠠᠶᠢᠨ᠎ᠠ᠃ ᠡᠳᠡᠭᠡᠷ ᠲᠤᠷᠰᠢᠯᠭ᠎ᠠ ᠰᠤᠷᠭᠠᠮᠵᠢ ᠶᠢ ᠬᠤᠶᠢᠴᠢ ᠶᠢᠨ ᠬᠦᠮᠦᠰ ᠲᠡᠭᠡᠨ ᠤᠶᠢᠯᠠᠭᠠᠭᠤᠯᠬᠤ ᠶᠢᠨ ᠲᠥᠯᠥᠭᠡ ᠶᠣᠮ︾ ᠭᠡᠵᠥ ᠪᠠᠶᠢᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号