ᠦᠨᠳᠡᠭᠡ ᠪᠠᠷ ᠴᠠᠭᠠᠨ ᠢᠳᠡᠭᠡ ᠰᠤᠯᠢᠭᠰᠠᠨ ᠨᠢ
ᠨᠡᠶᠢᠲᠡᠯᠡᠭᠰᠡᠨ ᠴᠠᠭ᠄
2020/8/27
    ᠴᠠᠭᠠᠨ ᠢᠳᠡᠭᠡ᠂ ᠲᠠᠬᠢᠶᠠᠨ ᠦᠨᠳᠡᠭᠡ ᠵᠡᠷᠭᠡ ᠮᠠᠯ ᠲᠠᠷᠢᠶᠠᠯᠠᠩ ᠤᠨ ᠲᠤᠰᠠᠯᠠᠬᠤ ᠪᠦᠳᠦᠭᠡᠭᠳᠡᠬᠦᠨ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠴᠢᠬᠤᠯᠠ ᠢᠷᠡᠯᠳᠡ ᠪᠤᠯᠳᠠᠭ᠃ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠤᠭᠠᠳ ᠡᠨᠡ ᠵᠢᠯ ᠤᠨ ᠠᠵᠢᠯ ᠦᠢᠯᠡᠳᠪᠤᠷᠢᠯᠡᠯ ᠤᠨ ᠰᠡᠷᠭᠦᠯᠳᠡ ᠤᠳᠠᠭᠠᠰᠢᠷᠠᠵᠤ᠂ ᠮᠠᠯᠴᠢᠨ ᠲᠠᠷᠢᠶᠠᠴᠢᠳ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠪᠤᠷᠤᠯᠠᠭᠤᠯᠭ᠎ᠠ ᠲᠡᠶᠢᠮᠦ ᠰᠢᠯᠤᠭᠤᠨ ᠪᠢᠰᠢ ᠪᠠᠶᠢᠯ᠎ᠠ᠃ ᠡᠭᠦᠨ ᠳᠤ ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠬᠢᠨ ︽ᠤᠭ ᠰᠠᠨᠠᠭᠠᠨ ᠤ ᠪᠠᠭ᠎ᠠ ᠲᠤᠭᠤᠢᠢᠯᠠᠩ︾ ᠪᠠᠶᠢᠭᠤᠯᠵᠤ᠂ ᠮᠠᠯᠴᠢᠨ ᠲᠠᠷᠢᠶᠠᠴᠢᠳ ᠲᠤ ᠦᠢᠯᠡᠴᠢᠯᠡᠵᠤ᠂ ᠪᠤᠷᠤᠯᠠᠭᠤᠯᠭ᠎ᠠ ᠶᠢᠨ ᠠᠰᠠᠭᠤᠳᠠᠯ ᠢ ᠨᠢ ᠰᠢᠢᠳᠪᠤᠷᠢᠯᠡᠵᠤ ᠦᠭᠴᠡᠢ᠃     ᠦᠤᠰᠢᠨ ᠬᠤᠰᠢᠭᠤᠨ ᠤ ︽ᠪᠠᠶᠠᠨ ᠰᠠᠭᠠᠯᠢ︾ ᠲᠤᠰᠬᠠᠢ ᠬᠤᠷᠰᠢᠶᠠᠵᠢᠯ ᠪᠤᠯ 2019 ᠤᠨ ᠳᠤ 15 ᠡᠷᠦᠭᠡ ᠪᠠᠷ ᠪᠦᠷᠢᠯᠳᠦᠨ ᠪᠠᠶᠢᠭᠤᠯᠤᠭᠳᠠᠭᠰᠠᠨ ᠴᠠᠭᠠᠨ ᠢᠳᠡᠭᠡᠨ ᠤ ᠪᠦᠳᠦᠭᠡᠭᠳᠡᠬᠦᠨ ᠦᠢᠯᠡᠳᠪᠤᠷᠢᠯᠡᠨ ᠪᠤᠷᠤᠯᠠᠭᠤᠯᠵᠤ ᠪᠠᠶᠢᠭ᠎ᠠ ᠬᠤᠷᠰᠢᠶᠠᠵᠢᠯ ᠶᠤᠮ᠃ ᠠᠵᠢᠯ ᠦᠢᠯᠡᠳᠪᠤᠷᠢᠯᠡᠯ ᠪᠦᠷᠢᠮᠦᠰᠦᠨ ᠰᠡᠷᠭᠦᠭᠡ ᠦᠭᠡᠢ ᠠᠴᠠ ᠪᠤᠯᠵᠤ ᠤᠯᠠᠭᠠᠨᠳᠤᠯᠤᠭᠠᠢ ᠪᠠᠯᠭᠠᠰᠤᠨ ᠳᠠᠬᠢ ᠴᠠᠭᠠᠨ ᠢᠳᠡᠭᠡᠨ ᠤ ᠪᠦᠳᠦᠭᠡᠭᠳᠡᠬᠦᠨ ᠶᠡᠭᠡ ᠪᠠᠷ ᠲᠠᠷᠤᠭᠳᠠᠵᠤ ᠪᠠᠶᠢᠵᠠᠢ᠃ ᠡᠨᠡ ᠬᠦ ᠪᠠᠶᠢᠳᠠᠯ ᠲᠤᠤᠷ᠎ᠠ ᠤᠯᠠᠭᠠᠨᠳᠤᠯᠤᠭᠠᠢ ᠪᠠᠯᠭᠠᠰᠤᠨ ᠤ ︽ᠤᠭ ᠰᠠᠨᠠᠭᠠᠨ ᠤ ᠪᠠᠭ᠎ᠠ ᠲᠤᠭᠤᠢᠢᠯᠠᠩ︾ ᠤᠨ ᠬᠡᠰᠢᠬᠦᠨ᠂ ᠤᠯᠠᠭᠠᠨᠲᠤᠭ ᠲᠤᠰᠬᠤᠨ ᠤ ᠨᠢᠭᠡᠳᠦᠭᠡᠷ ᠱᠦᠵᠢ ᠪᠤᠶᠠᠨᠳᠤ ᠴᠤ ᠠᠷᠭ᠎ᠠ ᠮᠤᠬᠤᠷᠳᠠᠵᠤ ᠪᠠᠶᠢᠪᠠ᠃ ᠨᠢᠭᠡᠨ ᠡᠳᠦᠷ ᠤᠯᠠᠭᠠᠨᠲᠤᠭ ᠲᠤᠰᠬᠤᠨ ᠤ ᠨᠢᠭᠡ ᠠᠷᠠᠳ ᠦᠪᠡᠷ ᠤᠨ ᠲᠠᠬᠢᠶᠠᠨ ᠦᠨᠳᠡᠭᠡ ᠪᠠᠷ ᠢᠶᠠᠨ ᠴᠠᠭᠠᠨ ᠢᠳᠡᠭᠡ ᠰᠤᠯᠢᠬᠤ ᠰᠠᠨᠠᠭ᠎ᠠ ᠪᠠᠨ ᠬᠡᠯᠡᠭᠰᠡᠨ ᠪᠠᠶᠢᠨ᠎ᠠ᠃ ᠡᠭᠦᠨ ᠳᠤ ᠪᠤᠶᠠᠨᠳᠤ ᠬᠡᠨᠡᠳᠳᠡ ᠰᠡᠭᠡᠰᠬᠢᠵᠤ᠂ ᠠᠯᠠᠰᠬᠢᠨ ᠪᠠᠶᠠᠷᠯᠠᠭᠠᠳ ᠴᠠᠭᠠᠨ ᠢᠳᠡᠭᠡᠨ ᠢ ᠲᠠᠬᠢᠶᠠᠨ ᠦᠨᠳᠡᠭᠡ ᠪᠠᠷ ᠰᠤᠯᠢᠵᠤ ᠦᠭᠴᠡᠢ᠃ ᠲᠡᠳᠡ ᠬᠤᠷᠰᠢᠶᠠᠵᠢᠯ ᠲᠠᠢ ᠶᠠᠷᠢᠯᠴᠠᠨ ᠰᠤᠯᠢᠯᠴᠠᠬᠤ ᠦᠨ᠎ᠡ ᠬᠠᠨᠭ᠍ᠰᠢ ᠶᠢ ᠲᠤᠭᠳᠠᠭᠠᠨ᠂ ᠲᠡᠷᠡ ᠪᠠᠷᠢᠮᠵᠢᠶ᠎ᠡ ᠪᠠᠷ ᠰᠤᠯᠢᠯᠴᠠᠵᠤ ᠡᠬᠢᠯᠡᠭᠰᠡᠨ ᠪᠠᠶᠢᠨ᠎ᠠ᠃ ᠬᠤᠶᠠᠷᠬᠠᠨ ᠭᠠᠷᠠᠭ ᠤᠨ ᠬᠤᠭᠤᠴᠠᠭᠠᠨ ᠳᠤ ︽ᠤᠭ ᠰᠠᠨᠠᠭᠠᠨ ᠤ ᠪᠠᠭ᠎ᠠ ᠲᠤᠭᠤᠢᠢᠯᠠᠩ︾ ᠨᠢ 2000 ᠭᠠᠷᠤᠢ ᠦᠨᠳᠡᠭᠡ᠂ 300 ᠭᠠᠷᠤᠢ ᠵᠢᠩ ᠴᠦᠷᠮ᠎ᠡ᠂ 100 ᠭᠠᠷᠤᠢ ᠯᠤᠩᠬᠤ ᠰᠢᠷ᠎ᠡ ᠲᠤᠰᠤ᠂ 50 ᠭᠠᠷᠤᠢ ᠬᠡᠰᠡᠭ ᠦᠷᠦᠮ᠎ᠡ ᠰᠤᠯᠢᠯᠴᠠᠭᠤᠯᠵᠤ᠂ ᠬᠤᠷᠰᠢᠶᠠᠵᠢᠯ ᠳᠤ 2 ᠲᠦᠮᠡ ᠭᠠᠷᠤᠢ ᠲᠦᠭᠦᠷᠢᠭ ᠤᠨ ᠪᠡᠯᠡ ᠮᠦᠡᠭᠭᠦ ᠶᠢ ᠡᠷᠬᠢᠯᠳᠦᠬᠦᠯᠦᠨ ᠬᠤᠷᠢᠶᠠᠵᠤ ᠦᠭᠴᠡᠢ᠃ ᠬᠠᠮᠳᠤ ᠳᠤᠨᠢ ᠪᠠᠰᠠ ᠤᠢᠢᠷ᠎ᠠ ᠬᠠᠪᠢ ᠶᠢᠨ ᠴᠠᠭᠠᠨ ᠢᠳᠡᠭᠡᠨ ᠤ ᠲᠡᠯᠭᠡᠭᠦᠷ ᠲᠠᠢ ᠬᠠᠷᠢᠯᠴᠠᠵᠤ ᠂ ᠬᠤᠷᠰᠢᠶᠠᠵᠢᠯ ᠤᠨ ᠬᠤᠷᠢᠶᠠᠵᠤ ᠪᠠᠶᠢᠭ᠎ᠠ ᠴᠠᠭᠠᠨ ᠢᠳᠡᠭᠡᠨ ᠢ ᠵᠠᠬᠢᠶᠠᠯᠠᠭᠤᠯᠤᠨ᠂ ᠬᠤᠷᠰᠢᠶᠠᠵᠢᠯ ᠤᠨ ᠡᠵᠡᠩᠨᠡᠯᠳᠡ ᠬᠦᠴᠢᠷ ᠠᠰᠠᠭᠤᠳᠠᠯ ᠢ ᠪᠦᠷᠢᠮᠦᠰᠦᠨ ᠰᠢᠢᠳᠪᠤᠷᠢᠯᠡᠨ ᠦᠭᠴᠡᠢ᠃ ᠢᠡᠭᠬᠢᠭᠡᠳ ᠴᠠᠭᠠᠨ ᠢᠳᠡᠭᠡ ᠦᠪᠡᠷ ᠤᠨ ᠦᠷᠳᠡᠭ ᠢᠶᠠᠨ ᠬᠠᠮᠠᠭᠠᠯᠠᠭᠰᠠᠨ ᠮᠦᠷᠳᠡᠭᠡᠨ ᠪᠤᠷᠤᠯᠠᠭᠤᠯᠭ᠎ᠠ ᠶᠢᠨ ᠠᠰᠠᠭᠤᠳᠠᠯ ᠢᠶᠠᠨ ᠴᠤ ᠰᠢᠢᠳᠪᠤᠷᠢᠯᠡᠵᠡᠢ᠃     ︽ᠪᠠᠶᠠᠨ ᠰᠠᠭᠠᠯᠢ︾ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠳᠠᠨ ᠴᠠᠭᠠᠨ᠄ ︽ᠵᠠᠷᠢᠮ ᠦᠶ᠎ᠡ ᠳᠤ ᠮᠠᠨ ᠤ ᠡ᠊ᠨᠳᠡ ᠠᠴᠠ ᠰᠠᠭᠠᠯᠢ ᠠᠪᠴᠤ ᠶᠠᠪᠤᠭᠠᠳ ᠡᠷᠬᠢᠭᠡᠳ ᠲᠡᠯᠭᠡᠭᠦᠷ ᠲᠤ ᠲᠠᠬᠢᠶᠠᠨ ᠦᠨᠳᠡᠭᠡ ᠪᠠᠨ ᠠᠪᠴᠢᠷᠠᠵᠤ ᠲᠠᠯᠪᠢᠳᠠᠭ᠃ ᠪᠢᠳᠡ ᠪᠠᠰᠠ ᠲᠠᠬᠢᠶᠠᠨ ᠦᠨᠳᠡᠭᠡ ᠶᠢ ᠨᠢ ᠬᠤᠳᠠᠯᠳᠤᠭᠠᠳ ᠦᠭᠳᠡᠭ ᠶᠤᠮ᠃ ᠢᠡᠭᠬᠢᠭᠡᠳ ᠤᠷᠤᠯᠭ᠎ᠠ ᠨᠡᠯᠢᠶᠡᠳ ᠰᠠᠶᠢᠨ ᠪᠤᠯᠤᠭᠰᠠᠨ ᠪᠠᠶᠢᠨ᠎ᠠ᠂ ᠡᠨᠡ ᠨᠢ ᠬᠡᠨ ᠠᠯᠢᠨ ᠳᠠᠭᠠᠨ ᠴᠤ ᠠᠰᠢᠭᠳᠠᠢ ᠪᠠᠶᠢᠨ᠎ᠠ᠃ ᠲᠠᠬᠢᠶ᠎ᠠ ᠲᠡᠵᠢᠭᠡᠭᠰᠡᠨ ᠬᠦᠮᠦᠰ ᠮᠠᠨ ᠤ ᠰᠠᠭᠠᠯᠢ ᠶᠢ ᠠᠪᠴᠤ ᠶᠠᠪᠤᠭᠠᠳ ᠬᠡᠷᠡᠭᠯᠡᠭᠡ ᠠᠴᠠ ᠪᠠᠨ ᠢᠯᠡᠬᠦᠴᠡ ᠬᠡᠰᠡᠭ ᠢ ᠴᠠᠭᠠᠰᠢ ᠪᠠᠨ ᠬᠤᠳᠠᠯᠳᠤᠴᠢᠬᠠᠳᠠᠭ᠃ ᠪᠢᠳᠡ ᠴᠤ ᠲᠠᠬᠢᠶᠠᠨ ᠦᠨᠳᠡᠭᠡ ᠶᠢ ᠨᠢ ᠴᠠᠭᠠᠰᠢ ᠪᠠᠨ ᠪᠤᠷᠤᠯᠠᠭᠤᠯᠤᠭᠠᠳ ᠦᠭᠴᠢᠭᠡᠨ᠎ᠡ︾ ᠭᠡᠵᠤ ᠪᠠᠶᠢᠯ᠎ᠠ᠃     ᠤᠯᠠᠭᠠᠨᠳᠤᠯᠤᠭᠠᠢ ᠪᠠᠯᠭᠠᠰᠤᠨ ᠤ ᠤᠯᠠᠭᠠᠨᠲᠤᠭ ᠲᠤᠰᠬᠤᠨ ᠤ ᠠᠷᠠᠳ ᠴᠦᠨ ᠮᠦᠳᠠᠨ ᠪᠤᠯ ᠲᠠᠷᠤᠢ 14 ᠦᠨᠳᠡᠭᠡ ᠪᠠᠷ 1 ᠦᠷᠦᠮ᠎ᠡ᠂ 20 ᠦᠨᠳᠡᠭᠡ ᠪᠠᠷ ᠨᠢᠭᠡ ᠵᠢᠩ ᠰᠢᠷ᠎ᠠ ᠲᠤᠰᠤ᠂ 27 ᠦᠨᠳᠡᠭᠡ ᠪᠠᠷ ᠨᠢᠭᠡ ᠵᠢᠩ ᠴᠦᠷᠮ᠎ᠡ ᠶᠢᠨ ᠪᠠᠷᠢᠮᠵᠢᠶ᠎ᠠ ᠪᠠᠷ ︽ᠪᠠᠶᠠᠨ ᠰᠠᠭᠠᠯᠢ︾ ᠶᠢᠨ ᠴᠠᠭᠠᠨ ᠢᠳᠡᠭᠡᠨ ᠢ ᠰᠤᠯᠢᠵᠤ ᠠᠪᠤᠭᠰᠠᠨ ᠡᠷᠦᠭᠡ ᠶᠢᠨ ᠨᠢᠭᠡ ᠪᠤᠯᠤᠨ᠎ᠠ᠃ ᠡᠭᠦᠨ ᠳᠤ ︽ᠤᠭ ᠰᠠᠨᠠᠭᠠᠠ ᠤ ᠪᠠᠭ᠎ᠠ ᠲᠤᠭᠤᠢᠢᠯᠠᠩ︾ ᠤᠨ ᠬᠢᠨ ᠵᠦᠭᠡᠭᠡᠵᠤ ᠬᠦᠷᠭᠡᠬᠦ ᠪᠠ ᠵᠤᠬᠢᠴᠠᠭᠤᠯᠬᠤ ᠠᠵᠢᠯ ᠢ ᠬᠢᠵᠡᠢ᠃ ᠲᠤᠰ ᠰᠤᠯᠢᠯᠴᠠᠭ᠎ᠠ ᠶᠢ ᠬᠤᠶᠠᠷ ᠲᠠᠯ᠎ᠠ ᠪᠠᠷ ᠢᠶᠠᠨ ᠦᠷᠬᠦᠯᠵᠢ ᠶᠢᠨ ᠴᠢᠨᠠᠷᠳᠠᠢ ᠪᠠᠷᠢᠮᠳᠠᠯᠠᠵᠤ ᠪᠤᠢ ᠭᠡᠵᠤ ᠪᠠᠶᠢᠯ᠎ᠠ᠃ ᠴᠦᠨ ᠮᠦᠳᠠᠨ ᠬᠡᠯᠡᠬᠦ ᠳᠡᠭᠡᠨ᠄ ︽ᠪᠢ ᠤᠳᠤ ᠵᠦᠭᠡᠭᠡᠪᠦᠷᠢ ᠶᠢᠨ ᠠᠰᠠᠭᠤᠳᠠᠯ ᠠᠴᠠ ᠵᠤᠪᠠᠭ᠋ᠤ ᠦᠭᠡᠢ᠂ ᠪᠠᠰᠠ ᠤᠷᠤᠨ ᠨᠤᠳᠤᠭ ᠤᠨ ᠢᠶᠠᠨ ᠰᠠᠭᠠᠯᠢ ᠰᠦ ᠶᠢᠨ ᠰᠠᠶᠢᠨ ᠪᠦᠳᠦᠭᠡᠭᠳᠡᠬᠦᠨ ᠢ ᠤᠯᠤᠭᠠᠳ ᠠᠪᠴᠢᠬᠠᠨ᠎ᠠ᠂ ᠬᠤᠤᠰ ᠠᠰᠢᠭ ᠲᠠᠢ ᠰᠠᠶᠢᠨ ᠤᠴᠢᠷ ᠶᠤᠮ︾ ᠬᠡᠵᠡᠢ᠃     ᠤᠯᠠᠭᠠᠨᠳᠤᠯᠤᠭᠠᠢ ᠪᠠᠯᠭᠠᠰᠤᠨ ᠤ ︽ᠤᠭ ᠰᠠᠨᠠᠭᠠᠨ ᠤ ᠪᠠᠭ᠎ᠠ ᠲᠤᠭᠤᠢᠢᠯᠠᠩ︾ ᠪᠤᠯ ᠪᠠᠯᠭᠠᠰᠤᠨ ᠤ ᠲᠤᠯᠤᠭᠠᠨ ᠭᠠᠴᠠᠭ᠎ᠠ ᠲᠤᠰᠬᠤᠨ ᠳᠤ ᠰᠠᠭᠤᠵᠤ ᠪᠠᠶᠢᠭ᠎ᠠ ᠠᠵᠢᠯᠯᠠᠬᠤ ᠲᠤᠭᠤᠢᠢᠯᠠᠩ ᠤᠨ ᠬᠤᠷᠢᠨ ᠬᠡᠳᠦᠨ ᠬᠡᠰᠢᠬᠦᠨ ᠢᠶᠠᠷ ᠪᠦᠷᠢᠯᠳᠦᠭᠰᠡᠨ ᠮᠠᠯᠴᠢᠨ ᠲᠠᠷᠢᠶᠠᠴᠢᠳ ᠲᠤ ᠦᠢᠯᠡᠴᠢᠯᠡᠬᠦ ᠲᠤᠰᠬᠠᠢ ᠲᠤᠭᠤᠢᠢᠯᠠᠩ ᠪᠤᠯᠤᠨ᠎ᠠ᠃ ︽ᠤᠭ ᠰᠠᠨᠠᠭᠠᠨ ᠤ ᠪᠠᠭ᠎ᠠ ᠲᠤᠭᠤᠢᠢᠯᠠᠩ︾ ᠤᠨ ᠬᠡᠰᠢᠬᠦᠨ᠂ ᠤᠯᠠᠭᠠᠨᠲᠤᠭ ᠲᠤᠰᠬᠤᠨ ᠤ ᠨᠢᠭᠡᠳᠦᠭᠡᠷ ᠱᠦᠵᠢ ᠪᠤᠶᠠᠨᠳᠤ᠄ ︽ᠨᠢᠭᠡ ᠭᠠᠴᠠᠭ᠎ᠠ ᠲᠤᠰᠬᠤᠨ ᠳᠤ ᠰᠠᠭᠤᠵᠤ ᠪᠠᠶᠢᠭ᠎ᠠ ᠲᠤᠭᠤᠢᠢᠯᠠᠩ ᠤᠨ ᠬᠦᠴᠦ ᠨᠢ ᠪᠠᠭ᠋ᠠᠨ ᠪᠠᠭᠤᠷᠠᠢ᠂ ᠪᠢᠳᠡ ᠨᠢᠭᠡ ᠰᠤᠮᠤᠨ ᠤ ᠭᠠᠴᠠᠭ᠎ᠠ ᠲᠤᠰᠬᠤᠨ ᠤ ᠠᠵᠢᠯᠯᠠᠬᠤ ᠲᠤᠭᠤᠢᠢᠯᠠᠩ ᠢ ᠨᠡᠶᠢᠯᠡᠬᠦᠯᠵᠤ ᠪᠠᠶᠢᠭᠠᠳ ᠨᠠᠮ ᠤᠨ ᠵᠤᠬᠢᠶᠠᠨ ᠪᠠᠶᠢᠭᠤᠯᠤᠯᠳᠠ ᠲᠤᠤᠷ᠎ᠠ ᠮᠠᠨ ᠤ ᠡ᠊ᠨᠳᠡᠬᠢ ᠭᠠᠵᠠᠷ ᠨᠤᠳᠤᠭ ᠤᠨ ᠵᠠᠭᠤᠷᠠᠭᠠᠨ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠤᠷᠤᠯᠴᠠᠬᠤ ᠬᠢᠷᠢ ᠬᠡᠮ ᠤᠨ ᠲᠠᠩᠰᠠ᠂ ᠬᠠᠮᠳᠤ ᠶᠢᠨ ᠠᠵᠤ ᠠᠬᠤᠢ ᠶᠢ ᠵᠤᠬᠢᠶᠠᠨ ᠪᠠᠶᠢᠭᠤᠯᠬᠤ ᠳᠤ ᠲᠤᠯᠭᠠᠷᠠᠭᠰᠠᠨ ᠠᠰᠠᠭᠤᠳᠠᠯ ᠢ ᠬᠠᠮᠳᠤ ᠪᠠᠷ ᠶᠠᠷᠢᠯᠴᠠᠳᠠᠭ ᠪᠤᠯᠪᠠ᠃ ᠢᠡᠭᠬᠢᠭᠡᠳ ᠪᠢᠳᠡ ᠴᠠᠭᠠᠨ ᠢᠳᠡᠭᠡ ᠶᠢ ᠪᠤᠷᠤᠯᠠᠭᠤᠯᠬᠤ᠂ ᠰᠦᠯᠵᠢᠶᠡᠨ ᠲᠡᠭᠡᠷ᠎ᠡ ᠪᠤᠷᠤᠯᠠᠭᠤᠯᠬᠤ᠂ ᠪᠤᠳᠠᠳᠠᠢ ᠡᠷᠦᠭᠡ ᠲᠠᠭᠠᠭᠠᠴᠢᠯᠠᠵᠤ ᠠᠪᠴᠢᠬᠠᠭᠠᠳ ᠪᠤᠰᠤᠳ ᠭᠠᠵᠠᠷ ᠤᠷᠤᠨ ᠢᠶᠠᠷ ᠪᠤᠷᠤᠯᠠᠭᠤᠯᠬᠤ ᠪᠤᠯᠤᠭᠰᠠᠨ ᠪᠠᠶᠢᠨ᠎ᠠ︾ ᠭᠡᠵᠤ ᠪᠠᠶᠢᠪᠠ᠃     ᠤᠳᠤ ᠪᠤᠯᠳᠠᠯ᠎ᠠ ᠲᠤᠰ ᠲᠤᠭᠤᠢᠢᠯᠠᠩ ᠨᠢ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠢᠭᠤᠷᠬᠠᠢᠢᠯᠠᠬᠤ ᠵᠡᠷᠭᠡ ᠡᠯ᠎ᠡ ᠲᠦᠷᠦᠯ ᠤᠨ ᠦᠢᠯᠡᠴᠢᠯᠡᠭᠡ ᠶᠢ ᠤᠯᠠᠨ ᠤᠳᠠᠭ᠎ᠠ ᠬᠠᠨᠭ᠍ᠭᠠᠭᠰᠠᠨ ᠠᠴᠠ ᠭᠠᠳᠠᠨ᠎ᠠ ᠬᠦᠳᠡᠭᠡ ᠠᠵᠤ ᠠᠬᠤᠢ ᠶᠢᠨ ᠪᠦᠳᠦᠭᠡᠭᠳᠡᠬᠦᠨ ᠤ ᠪᠤᠷᠤᠯᠠᠭᠤᠯᠭ᠎ᠠ ᠶᠢ ᠰᠢᠯᠤᠭᠤᠳᠬᠠᠵᠤ ᠦᠭᠴᠡᠢ᠃ ᠡᠭᠦᠨ ᠤ ᠰᠠᠭᠤᠷᠢᠨ ᠲᠡᠭᠡᠷ᠎ᠡ ᠪᠠᠭ᠎ᠠ ᠲᠤᠭᠤᠢᠢᠯᠠᠩ ᠤᠨ ᠬᠡᠰᠢᠬᠦᠳ ᠤᠨ ᠲᠤᠭ᠎ᠠ ᠶᠢ ᠨᠡᠮᠡᠭᠳᠡᠬᠦᠯᠵᠤ᠂ ᠦᠢᠯᠡᠴᠢᠯᠡᠭᠡ ᠶᠢ ᠤᠯᠠᠮ ᠦᠷᠭᠡᠵᠢᠬᠦᠯᠬᠦ ᠲᠦᠯᠦᠪᠯᠡᠭᠡ ᠲᠠᠢ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号