ᠮᠠᠯᠴᠢᠨ ᠲᠦᠮᠡᠨ ᠤ ᠰᠡᠳᠭᠢᠯ ᠤᠨ ᠲᠦᠰᠢᠭ ᠪᠤᠯᠤᠭᠰᠠᠨ ᠠᠵᠢᠯᠯᠠᠬᠤ ᠠᠩᠬᠢ
ᠨᠡᠶᠢᠲᠡᠯᠡᠭᠰᠡᠨ ᠴᠠᠭ᠄
2020/8/27
   ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠣᠭᠠᠨ ᠤ ᠵᠠᠩᠬᠢᠯᠠᠭ᠎ᠠ ᠶᠢᠨ ᠬᠤᠭᠤᠴᠠᠭᠠᠨ ᠳᠤ᠂ ᠦᠦᠰᠢᠨ ᠬᠤᠰᠢᠭᠤᠨ ᠤ ᠭᠠᠴᠠᠭ᠎ᠠ ᠲᠤᠰᠬᠤᠨ ᠳᠤ ᠳᠣᠮᠢᠯᠠᠨ ᠰᠠᠭᠤᠭ᠎ᠠ ᠬᠤᠯᠪᠣᠭᠠᠯᠠᠨ ᠳᠡᠳᠬᠦᠬᠦ ᠠᠵᠢᠯᠯᠠᠬᠤ ᠠᠩᠬᠢ ᠶᠢᠨ ᠬᠢᠨ ᠮᠠᠯᠴᠢᠳ ᠤᠨ ᠦᠢᠯᠡᠳᠪᠤᠷᠢᠯᠡᠯ ᠠᠮᠢᠳᠤᠷᠠᠯ ᠳᠤ ᠰᠠᠭᠤᠷᠢᠯᠠᠵᠦ᠂ ᠨᠠᠷᠢᠯᠢᠭ ᠣᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠤᠨ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠣᠯᠠᠮ ᠨᠢᠭᠡ ᠠᠯᠬᠤᠮ ᠪᠠᠳᠤᠳᠬᠠᠵᠦ ᠪᠠᠶᠢᠨ᠎ᠠ᠃    ᠨᠠᠷᠠᠨᠮᠠᠨᠳᠣᠯ᠎ᠠ ᠶᠢᠨ ᠬᠢ ᠪᠤᠯ ᠦᠤᠰᠢᠨ ᠬᠤᠰᠢᠭᠤᠨ ᠤ ᠲᠤᠭ ᠪᠠᠯᠭᠠᠰᠤ ᠶᠢᠨ ᠳᠠᠷᠬᠠᠨᠯᠠᠮ᠎ᠠ ᠭᠠᠴᠠᠭᠠᠠ ᠤ ᠲᠠᠩᠰᠨ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠪᠠᠶᠢᠵᠡᠢ᠃ ᠶᠠᠳᠠᠭᠤ ᠠᠴᠠ ᠠᠩᠬᠢᠵᠢᠷᠠᠭᠤᠯᠬᠤ ᠰᠢᠷᠢᠰ ᠲᠦᠷᠦ ᠶᠢᠨ ᠪᠤᠳᠤᠯᠭ᠎ᠠ ᠪᠠᠷ ᠣᠳᠤ ᠡᠳᠡᠨ ᠤ ᠬᠢᠨ ᠨᠢᠭᠡᠨᠳᠡ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠰᠠᠨ ᠴᠤ᠂ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯᠯᠠᠬᠤ ᠠᠩᠬᠢ ᠶᠢᠨ ᠬᠢᠨ ᠡᠬᠦᠷᠭᠡ ᠬᠠᠷᠢᠭᠤᠴᠠᠯᠭ᠎ᠠ ᠪᠠᠨ ᠰᠣᠯᠠᠷᠠᠭᠤᠯᠣᠯ ᠦᠬᠡᠢ ᠪᠠᠷ ᠡᠨᠡ ᠵᠢᠯ ᠪᠠᠰᠠ ᠨᠠᠷᠠᠨᠮᠠᠳᠣᠯ᠎ᠠ ᠳᠤ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠣᠯᠭᠤᠨ ᠦᠭᠴᠦ᠂ ᠲᠡᠳᠡᠨ ᠤ ᠦᠪᠡᠷ ᠤᠨ ᠬᠦᠴᠦ ᠪᠠᠷ ᠢᠶᠠᠨ ᠲᠡᠭᠵᠢᠷᠡᠬᠦ ᠶᠢ ᠵᠣᠷᠢᠭᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠠ ᠪᠦᠳᠤᠮᠵᠢ ᠶᠢ ᠪᠠᠬᠢᠵᠢᠬᠦᠯᠦᠭᠰᠡᠨ ᠪᠠᠶᠢᠨ᠎ᠠ᠃    ︽ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠨᠠᠮ᠎ᠠ ᠳᠤ ᠭᠠᠴᠠᠭᠠᠨ ᠤ ᠣᠷᠴᠢᠨ ᠳᠣᠭᠤᠷᠢᠨ ᠢ ᠴᠡᠪᠡᠷᠯᠡᠬᠦ ᠠᠵᠢᠯ ᠢ ᠣᠯᠭᠤᠵᠦ ᠦᠭᠴᠡᠢ᠃ ᠰᠠᠷ᠎ᠠ ᠶᠢᠨ ᠬᠤᠶᠠᠷ ᠭᠤᠷᠪᠠ ᠣᠳᠠᠭ᠎ᠠ ᠬᠤᠭ ᠯᠠᠭ ᠢ ᠴᠡᠪᠡᠷᠯᠡᠴᠢᠬᠡᠳᠡᠭ᠃ ᠢᠩᠬᠢᠬᠡᠳ ᠣᠳᠣ ᠠᠵᠢᠯᠯᠠᠭᠠᠳ ᠭᠤᠷᠪᠠ ᠳᠦᠷᠪᠡᠨ ᠰᠠᠷ᠎ᠠ ᠪᠤᠯᠵᠦ ᠪᠠᠶᠢᠨ᠎ᠠ᠂ ᠰᠠᠷ᠎ᠠ ᠰᠠᠷ᠎ᠠ ᠳᠤᠨᠢ ᠴᠠᠯᠢᠩ ᠮᠦᠩᠬᠦ ᠴᠦ ᠪᠠᠭᠤᠭᠠᠳ ᠢᠷᠡᠴᠢᠬᠡᠨ᠎ᠡ᠃ ᠡᠶᠢᠮᠦ ᠣᠯᠠᠨ ᠶᠠᠳᠠᠭᠤ ᠠᠴᠠ ᠠᠩᠬᠢᠵᠢᠷᠠᠭᠤᠯᠬᠤ ᠬᠠᠷᠠᠭᠠᠯᠵᠠᠯ ᠢ ᠬᠦᠷᠳᠡᠭᠡᠳ ᠮᠠᠨ ᠤ ᠨᠠᠰᠣᠳᠠᠢ᠂ ᠨᠢᠯᠬᠠᠰ ᠢᠶᠠᠷ ᠢᠶᠠᠨ ᠴᠦᠮ ᠪᠠᠶᠠᠷ ᠬᠦᠷ ᠲᠠᠢ ᠪᠠᠶᠢᠨ᠎ᠠ᠃ ᠨᠠᠮ ᠵᠠᠰᠠᠭ ᠤᠨ ᠬᠠᠷᠠᠭᠠᠯᠵᠠᠯ ᠳᠤ ᠪᠠᠶᠠᠷᠯᠠᠨ᠎ᠠ᠃ ᠪᠢᠳᠠ ᠦᠪᠡᠷ ᠢᠶᠠᠨ ᠴᠦ ᠰᠠᠶᠢᠨ ᠴᠢᠷᠮᠠᠶᠢᠵᠦ ᠡᠬᠦᠨ ᠠᠴᠠ ᠨᠡᠩ ᠢᠯᠡᠭᠦᠦ ᠴᠢᠨᠡᠭᠡᠯᠢᠭ ᠪᠣᠯᠵᠦ᠂ ᠶᠠᠳᠠᠭᠤ ᠠᠴᠠ ᠪᠦᠷᠢᠮᠦᠰᠦᠨ ᠠᠩᠬᠢᠵᠢᠷᠠᠬᠤ ᠬᠦᠰᠡᠯ ᠲᠠᠢ︾ ᠬᠡᠵᠦ ᠨᠠᠷᠠᠨᠮᠠᠨᠳᠣᠯ᠎ᠠ ᠪᠠᠶᠠᠷ ᠤᠨ ᠮᠦᠰᠢᠶᠡᠳᠤ ᠳᠣᠳᠣᠷᠠᠭᠤᠯᠣᠨ ᠶᠠᠷᠢᠵᠦ ᠪᠠᠶᠢᠯ᠎ᠠ᠃    ᠲᠤᠰ ᠭᠠᠴᠠᠭᠠᠨ ᠤ ᠮᠠᠯᠴᠢᠨ ᠪᠦᠷᠢᠨᠵᠢᠷᠭᠠᠯ ᠤᠨ ᠬᠢᠨ ᠴᠤ ᠲᠠᠩᠰᠨ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠪᠠᠶᠢᠵᠦ᠂ ᠡᠨᠡ ᠬᠡᠳᠤᠨ ᠵᠢᠯ ᠳᠤ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠠᠩᠬᠢ ᠶᠢᠨ ᠬᠢᠨ ᠡᠳᠡᠨ ᠤ ᠪᠤᠳᠠᠳᠤ ᠪᠠᠶᠢᠳᠠᠯ ᠢ ᠦᠨᠳᠤᠰᠤᠯᠠᠨ᠂ ᠬᠠᠨᠳᠤᠯᠭᠠᠳᠠᠢ ᠲᠡᠳᠬᠦᠨ ᠲᠡᠮᠵᠢᠬᠦ ᠠᠷᠭ᠎ᠠ ᠪᠤᠳᠤᠯᠭ᠎ᠠ ᠲᠤᠭᠳᠠᠭᠠᠵᠦ᠂ ᠡᠳᠡᠨ ᠤ ᠬᠢᠨ ᠤ ᠰᠠᠭᠤᠷᠢ ᠳᠦᠬᠦᠬᠡᠷᠦᠮᠵᠢ ᠶᠢ ᠲᠦᠭᠦᠷᠵᠢᠭᠦᠯᠦᠭᠰᠡᠨ ᠪᠦᠬᠡᠳ ᠳᠠᠷᠢᠶᠠᠨ ᠭᠠᠵᠠᠷ ᠲᠤᠨᠢ ᠮᠡᠷᠭᠡᠵᠢᠯ ᠤᠨ ᠨᠣᠳᠠᠯᠠᠯᠳᠠ ᠬᠢᠬᠡᠳ ᠬᠡᠰᠡᠭ ᠭᠠᠵᠠᠷ ᠲᠤᠨᠢ ᠳᠠᠷᠪᠣᠰ ᠲᠠᠷᠢᠵᠦ᠂ ᠡᠯ᠎ᠡ ᠠᠵᠦ ᠠᠬᠤᠶᠢᠯᠠᠯ ᠲᠠᠢ ᠢᠳᠡᠪᠬᠢᠲᠡᠢ ᠬᠠᠷᠢᠯᠴᠠᠨ ᠪᠣᠷᠣᠯᠠᠭᠤᠯᠭ᠎ᠠ ᠶᠢ ᠨᠢ ᠪᠠᠳᠤᠯᠠᠭᠰᠠᠨ ᠢᠶᠠᠷ᠂ ᠡᠳᠡᠨ ᠤ ᠪᠠᠯᠴᠢᠬᠡᠷ ᠪᠠᠭ᠎ᠠ᠂ ᠣᠷᠤᠯᠭ᠎ᠠ ᠠᠨᠠᠢ ᠪᠠᠶᠢᠭᠰᠠᠨ ᠲᠤᠳᠠᠭᠳᠠᠯ ᠢ ᠨᠢ ᠨᠥᠬᠦᠪᠦᠷᠢᠯᠡᠨ᠂ ᠣᠷᠤᠯᠭ᠎ᠠ ᠶᠢ ᠨᠢ ᠪᠦᠳᠦᠮᠵᠢᠲᠠᠢ ᠨᠡᠮᠡᠭᠳᠡᠬᠦᠯᠵᠡᠢ᠃    ᠪᠦᠷᠢᠨᠵᠢᠷᠭᠠᠯ ᠤᠨ ᠪᠦᠰᠡᠬᠦᠢ ᠬᠡᠷᠡᠯ᠄ ︽ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠶᠠᠳᠠᠭᠤ ᠶᠢ ᠳᠡᠳᠬᠦᠬᠦ ᠠᠵᠢᠯᠯᠠᠬᠤ ᠠᠩᠬᠢ ᠶᠢᠨ ᠬᠢᠨ ᠪᠢᠳᠡᠨ ᠤ ᠲᠠᠷᠪᠤᠰ ᠢ ᠪᠣᠷᠣᠯᠠᠭᠤᠯᠬᠤ ᠪᠠᠷ ᠬᠠᠮᠵᠢᠭᠰᠠᠨ ᠠᠴᠠ ᠪᠢᠳᠠ ᠰᠠᠶ᠋ᠢ ᠠᠷᠪᠠᠨ ᠬᠡᠳᠦᠨ ᠲᠦᠮᠡᠨ ᠲᠦᠭᠦᠷᠢᠭ ᠤᠨ ᠤᠷᠤᠯᠭ᠎ᠠ ᠲᠠᠢ ᠪᠤᠯᠤᠭᠰᠠᠨ ᠰᠢᠦ᠃ ᠡᠨᠡ ᠵᠢᠯ ᠴᠦ ᠪᠢᠳᠡᠨ ᠢ ᠬᠠᠮᠵᠢᠨ ᠪᠣᠷᠣᠯᠠᠭᠤᠯᠬᠤ ᠪᠠᠷ ᠲᠤᠭᠳᠠᠭᠰᠠᠨ ᠪᠢᠯᠡ᠃ ᠳᠡᠭᠡᠭᠡᠳ ᠮᠠᠨᠣᠰ ᠨᠡᠩ ᠶᠡᠭᠡ ᠬᠡᠪᠴᠢᠶ᠎ᠠ ᠪᠠᠷ ᠲᠠᠷᠪᠤᠰ ᠳᠠᠷᠢᠬᠤ ᠵᠣᠷᠢᠭ ᠲᠠᠢ ᠪᠣᠯᠣᠭᠰᠠᠨ︾ ᠬᠡᠵᠦ ᠪᠠᠶᠢᠯ᠎ᠠ᠃    ᠣᠳᠣ ᠡᠳᠡᠨ ᠤ ᠬᠢᠨ ᠳᠣᠭᠳᠠᠭᠤᠨ ᠢᠶᠠᠷ ᠶᠠᠳᠠᠭᠤ ᠠᠴᠠ ᠠᠩᠬᠢᠵᠢᠷᠠᠭᠰᠠᠨ ᠪᠦᠬᠡᠳ ᠳᠠᠷᠢᠶᠠᠨ ᠭᠠᠵᠠᠷ ᠨᠢ ᠦᠦᠰᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠨᠡᠶᠢᠬᠡᠮᠯᠢᠭ ᠤᠨ ᠳᠣᠷᠰᠢᠯᠳᠠ ᠬᠢᠵᠦ ᠳᠠᠭᠤᠷᠢᠶᠠᠯ ᠦᠵᠡᠬᠦᠯᠬᠦ ᠳᠠᠷᠢᠶᠠᠨ ᠭᠠᠵᠠᠷ ᠢᠶᠠᠷ ᠦᠨᠡᠯᠡᠭᠳᠡᠵᠦ᠂ ᠴᠢᠨᠡᠭᠡᠯᠢᠭ ᠠᠮᠢᠳᠣᠷᠠᠯ ᠵᠦᠭ ᠣᠷᠮᠠᠳᠠᠢ ᠤᠷᠤᠭᠰᠢᠯᠠᠨ᠎ᠠ᠃    2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠭᠦᠯᠬᠦ ᠵᠠᠩᠭᠢᠯᠠᠭ᠎ᠠ ᠶᠢᠨ ᠵᠢᠯ ᠪᠦᠭᠡᠳ ᠪᠠᠰᠠ ᠴᠦ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠠ ᠤ ᠰᠡᠭᠦᠯ ᠰᠢᠪᠳᠤᠷᠠᠬᠤ ᠨᠢᠬᠡ ᠵᠢᠯ ᠮᠦᠨ᠃ ᠦᠦᠰᠢᠨ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠨᠢ ᠳᠠᠷᠬᠠᠨᠯᠠᠮ᠎ᠠ ᠭᠠᠴᠠᠭᠠᠨ ᠤ 3 +1 ᠶᠢᠨ ᠬᠠᠷᠢᠯᠴᠠᠬᠤ ᠪᠠᠶᠢᠭᠤᠯᠭ᠎ᠠ ᠪᠣᠯᠣᠭᠰᠠᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢᠨ ᠲᠤᠭᠤᠷᠢᠨ ᠳᠤ ᠤᠨᠢᠨ ᠲᠡᠭᠡᠷ᠎ᠠ ᠨᠢ ᠶᠠᠳᠠᠭᠤ ᠶᠢ ᠲᠡᠳᠭᠦᠬᠦ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠦᠠᠳᠤᠰᠤᠨ ᠴᠢᠭᠯᠡᠯᠳᠠ ᠶᠢ ᠪᠠᠷᠢᠮᠳᠠᠯᠠᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠭᠤᠯᠬᠤ ᠪᠤᠯᠤᠨ ᠬᠦᠳᠡᠭᠡ ᠲᠤᠰᠬᠤᠨ ᠢ ᠬᠦᠭᠵᠢᠭᠦᠯᠬᠦ ᠶᠢ ᠪᠦᠳᠤᠮᠵᠢᠳᠠᠢ ᠣᠶᠠᠯᠳᠣᠭᠤᠯᠣᠭᠰᠠᠨ ᠠᠴᠠ ᠪᠦᠬᠦ ᠭᠠᠴᠠᠭᠠᠨ ᠤ ᠳᠠᠩᠰᠠᠯᠠᠵᠦ ᠺᠠᠷᠳ᠋ᠯᠠᠭᠤᠯᠣᠭᠰᠠᠨ 8 ᠶᠠᠳᠠᠭᠤ ᠬᠦᠴᠢᠷᠳᠡᠯᠳᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠭᠰᠠᠨ ᠪᠠᠶᠢᠨ᠎ᠠ᠃    ︽ᠡᠨᠡ ᠵᠢᠯ ᠶᠠᠳᠠᠭᠤ ᠬᠦᠴᠢᠷᠳᠡᠯᠳᠡᠢ ᠡᠷᠦᠬᠡ ᠶᠢ ᠨᠡᠶᠢᠳᠡᠮ ᠳᠤᠨᠢ ᠶᠠᠳᠠᠭᠤ ᠠᠴᠠ ᠨᠢ ᠠᠩᠬᠢᠵᠢᠷᠠᠭᠤᠯᠣᠭᠰᠠᠨ ᠶᠤᠮ᠃ ᠳᠠᠷᠠᠭ᠎ᠠ ᠠᠯᠬᠤᠮ ᠳᠤ᠂ ᠭᠠᠴᠠᠭ᠎ᠠ ᠳᠣᠰᠬᠤᠨ ᠤ ᠬᠦᠭᠵᠢᠯᠲᠡ ᠳᠤ ᠦᠢᠯᠡᠴᠢᠯᠡᠬᠦ ᠪᠠᠷ ᠪᠢᠳᠡ ᠦᠷᠬᠦᠯᠵᠢᠯᠡᠨ ᠬᠦᠭᠵᠢᠬᠦᠯᠬᠦ ᠳᠦᠷᠦᠯ ᠵᠦᠢᠯ ᠢᠶᠠᠷ ᠡᠨᠡ ᠭᠠᠴᠠᠭᠠᠨ ᠳᠤ ᠳᠡᠮᠵᠢᠯᠬᠡ ᠬᠠᠩᠭᠠᠵᠦ᠂ ᠨᠡᠶᠢᠳᠡ ᠶᠢᠨ ᠠᠵᠣ ᠠᠬᠤᠢ ᠶᠢ ᠠᠳᠬᠤᠬᠤ ᠪᠠᠷ ᠲᠠᠮᠵᠢᠨ ᠭᠠᠴᠠᠭᠠᠨ ᠤ ᠤᠷᠤᠯᠭ᠎ᠠ ᠶᠢ ᠪᠦᠳᠦᠮᠵᠢᠲᠠᠢ ᠨᠡᠮᠡᠭᠳᠡᠭᠦᠯᠵᠦ᠂ ᠬᠤᠵᠢᠮ ᠳᠠᠭᠠᠨ ᠭᠠᠴᠠᠭᠠᠨ ᠤ ᠨᠡᠶᠢᠳᠡ ᠶᠢᠨ ᠣᠷᠣᠯᠭ᠎ᠠ ᠪᠠᠷ ᠢᠷᠡᠵᠦ ᠶᠠᠳᠠᠭᠤ ᠬᠦᠴᠢᠷᠳᠡᠯᠳᠡᠢ ᠪᠣᠶᠣ ᠠᠮᠢᠳᠣᠷᠠᠯ ᠳᠠᠭᠠᠨ ᠬᠦᠴᠢᠷᠳᠡᠯᠳᠡᠢ ᠬᠦᠮᠦᠰ ᠢ ᠳᠡᠮᠵᠢᠬᠦ ᠪᠠᠷ ᠠᠵᠢᠯ ᠢᠶᠠᠨ ᠪᠠᠶᠢᠷᠢᠯᠠᠭᠤᠯᠵᠦ ᠪᠠᠶᠢᠨ᠎ᠠ︾ ᠭᠡᠵᠦ ᠦᠦᠰᠢᠨ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠵᠢᠷᠭᠠᠯ ᠢᠳᠡᠭᠡᠯ ᠳᠡᠬᠦᠯᠳᠡᠷ ᠶᠠᠷᠢᠵᠦ ᠪᠠᠶᠢᠯ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号