| | | | 8 ᠰᠠᠷ᠎ᠠ ᠶᠢᠨ 24 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠵᠥᠩ ᠨᠠᠨ | ᠬᠠᠶ ᠳᠤ ᠠᠵᠤ ᠠᠬᠤᠶ ᠨᠡᠶᠢᠭᠡᠮ ᠤᠨ ᠬᠦᠷᠢᠶᠡᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ | ᠰᠢᠨᠬᠤᠸᠠ ᠬᠤᠷᠢᠶᠠᠠ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠬᠡᠵᠢᠩ ᠤᠨ 8 ᠰᠠᠷ᠎ᠠ ᠶᠢᠨ 24 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 24 ᠤ ᠦᠳᠡ ᠶᠢᠨ ᠬᠤᠶᠢᠨ᠎ᠠ ᠵᠥᠩ ᠨᠠᠨ ᠬᠠᠶ ᠳᠤ ᠠᠵᠤ ᠠᠬᠤᠶ | ᠨᠡᠶᠢᠭᠡᠮ ᠤᠨ ᠬᠦᠷᠢᠶᠡᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠵᠠᠶ᠃ ᠲᠡᠷᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ | ᠡᠷᠴᠢᠨ ᠳᠡᠭᠡᠷ᠎ᠡ ᠤᠷᠤᠬᠰᠢᠯᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠠᠩᠬᠠᠨ ᠤ ᠲᠠᠪᠤᠨ ᠵᠢᠯ ᠮᠥᠨ᠂ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ | ᠪᠣᠯᠤᠨ᠎ᠠ᠃ ᠠᠯᠢᠪᠠ ᠤᠴᠢᠷ ᠶᠠᠪᠤᠳᠠᠯ ᠪᠡᠯᠡᠳᠬᠡᠯ ᠲᠠᠢ ᠪᠣᠯ ᠪᠦᠲᠦᠵᠦ᠂ ᠪᠡᠯᠡᠳᠭᠡᠯ ᠦᠭᠡᠢ ᠪᠤᠯ ᠪᠠᠯᠠᠷᠠᠨ᠎ᠠ᠃ ᠪᠢᠳᠡ | ᠠᠯᠤᠰ ᠬᠡᠳᠦ ᠶᠢ ᠪᠣᠳᠣᠯᠬᠢᠯᠠᠨ᠂ ᠶᠡᠭᠡ ᠬᠠᠨᠳᠤᠰᠢ ᠶᠢ ᠡᠵᠡᠮᠳᠡᠵᠦ᠂ ᠡᠭᠦᠳᠡ ᠪᠠᠨ ᠨᠡᠭᠡᠭᠡᠵᠦ ᠠᠷᠭ᠎ᠠ ᠪᠤᠳᠤᠯᠭ᠎ᠠ | ᠠᠰᠠᠭᠤᠨ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠥ᠂ ᠰᠢᠨ᠎ᠡ ᠪᠠᠶᠢᠳᠠᠯ ᠢ ᠰᠤᠳᠤᠯᠤᠨ᠂ ᠰᠢᠨ᠎ᠡ | ᠲᠥᠯᠥᠪᠵᠢᠭᠦᠯᠭᠡ ᠭᠠᠷᠭᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ | ᠵᠧᠩ ᠶᠠᠷᠢᠯᠴᠠᠬᠤ ᠬᠤᠷᠠᠯ ᠳᠤ ᠣᠷᠣᠯᠴᠠᠵᠠᠢ᠃ | ᠶᠠᠷᠢᠯᠴᠠᠬᠤ ᠬᠤᠷᠠᠯ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ ᠶᠢᠨ ᠤᠯᠤᠰ ᠤᠨ ᠬᠥᠭᠵᠢᠯᠲᠡ ᠶᠢᠨ | ᠰᠤᠳᠤᠯᠭᠠᠨ ᠤ ᠬᠦᠷᠢᠶᠡᠯᠡᠩ ᠤᠨ ᠨᠡᠷ᠎ᠡ ᠬᠦᠨᠳᠦᠲᠦ ᠳᠠᠷᠤᠭ᠎ᠠ ᠯᠢᠨ ᠢ ᠹᠦ᠋᠂ ᠳᠤᠮᠳᠠᠳᠤ ᠤᠯᠤᠰ ᠤᠨ ᠠᠵᠤ | ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠹᠠᠨ ᠭᠠᠩ᠂ | ᠴᠢᠩᠬᠤᠸᠠ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ | ᠳᠠᠷᠤᠭ᠎ᠠ ᠵᠢᠶᠠᠩ ᠰᠢᠶᠤᠤ ᠵᠢᠤᠸᠠᠨ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠳᠡᠳ᠋ ᠳᠠᠷᠤᠭ᠎ᠠ ᠼᠠᠢ ᠹᠠᠩ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠷᠸ᠎ᠠ ᠠᠵᠤ | ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠴᠠᠩ ᠯᠢᠨ᠂ ᠴᠢᠩᠬᠤᠸᠠ ᠶᠡᠭᠡ ᠰᠤᠷᠭᠠᠭᠤᠯᠢ ᠶᠢᠨ | ᠤᠯᠤᠰ ᠤᠨ ᠮᠥᠩᠭᠦᠨ ᠭᠦᠢᠯᠭᠡᠭᠡᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠦ ᠮᠢᠨ᠂ ᠱᠠᠩᠬᠠᠢ ᠶᠢᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨᠲ᠋ᠠᠢ ᠠᠵᠤ ᠠᠬᠤᠢ ᠬᠢᠭᠡᠳ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠯᠦ ᠮᠢᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠳᠡᠯᠡᠬᠡᠢ ᠶᠢᠨ ᠠᠵᠤ ᠠᠬᠤᠢ ᠬᠢᠭᠡᠳ ᠤᠯᠤᠰ ᠲᠦᠷᠦ ᠶᠢᠨ ᠰᠤᠳᠤᠯᠭᠠᠨ ᠤ ᠭᠠᠵᠠᠷ ᠤᠨ | ᠳᠠᠷᠤᠭ᠎ᠠ ᠵᠠᠩ ᠢᠦᠢ ᠶᠠᠨ᠂ ᠰᠢᠶᠠᠩᠭᠠᠩ ᠤᠨ ᠬᠢᠲᠠᠳ ᠬᠡᠯᠡᠨ ᠤ ᠶᠡᠭᠡ ᠰᠤᠷᠭᠠᠭᠤᠯᠢ ︵ᠱᠧᠨᠵᠧᠨ︶ ᠶᠢᠨ ᠪᠦᠬᠦ | ᠪᠥᠮᠪᠥᠷᠴᠡᠭ ᠬᠢᠭᠡᠳ ᠤᠳᠤ ᠦᠶ᠎ᠡ ᠶᠢᠨ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠳᠤᠯᠬᠤ ᠬᠦᠷᠢᠶᠡᠯᠡᠩ ᠤᠨ | ᠳᠠᠷᠤᠭ᠎ᠠ ᠵᠧᠩ ᠶᠦᠩ ᠨᠢᠶᠠᠨ ᠵᠡᠷᠬᠡ 9 ᠳᠤᠰᠬᠠᠢ ᠮᠡᠷᠬᠡᠵᠢᠯᠳᠡᠨ ᠤ ᠳᠦᠯᠦᠬᠡᠯᠡᠭᠴᠢ ᠤᠷᠢᠳ ᠬᠤᠵᠢᠳ ᠦᠬᠡ | ᠬᠡᠯᠡᠵᠥ᠂ ︽ᠠᠷᠪᠠᠨ ᠳᠦᠷᠪᠡᠳᠤᠬᠡᠷ ᠳᠠᠪᠤᠨ ᠵᠢᠯ︾ ᠤᠨ ᠳᠦᠯᠦᠪᠵᠢᠬᠦᠯᠬᠡ ᠶᠢ ᠨᠠᠶᠢᠷᠠᠭᠤᠯᠤᠨ ᠲᠤᠭᠤᠷᠪᠢᠬᠤ | ᠵᠡᠷᠬᠡ ᠶᠢᠨ ᠳᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠭᠰᠡᠨ ᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠲᠤᠰᠬᠠᠶ ᠮᠡᠷᠭᠡᠵᠢᠯᠲᠡᠨ ᠡᠷᠳᠡᠮᠲᠡᠳ ᠮᠠᠰᠢ ᠰᠠᠶᠢᠨ ᠶᠠᠷᠢᠵᠠᠢ᠂ ᠲᠤᠰ ᠲᠤᠰ ᠤᠨ ᠢᠶᠠᠨ ᠲᠤᠰᠬᠠᠶ | ᠮᠡᠷᠭᠡᠵᠢᠯ ᠤᠨ ᠬᠦᠷᠢᠶ᠎ᠡ ᠠᠴᠠ ᠡᠭᠦᠰᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠬᠥᠭᠵᠢᠯᠲᠡ ᠶᠢᠨ ᠣᠷᠴᠢᠨ᠂ ᠰᠡᠳᠬᠢᠮᠵᠢ᠂ ᠡᠭᠦᠷᠭᠡ᠂ ᠠᠷᠭ᠎ᠠ ᠪᠠᠷᠢᠯ ᠳᠤ ᠮᠠᠰᠢ ᠦᠨ᠎ᠡ ᠥᠷᠲᠡᠭ ᠲᠠᠢ ᠰᠠᠨᠠᠯ | ᠰᠠᠨᠠᠭᠤᠯᠭ᠎ᠠ ᠳᠤᠷᠠᠳᠴᠠᠶ᠂ ᠬᠤᠷᠠᠯ ᠳᠤ ᠣᠷᠣᠯᠴᠠᠭᠰᠠᠨ ᠪᠤᠰᠤᠳ ᠲᠤᠰᠬᠠᠶ ᠮᠡᠷᠭᠡᠵᠢᠯᠲᠡᠨ ᠪᠢᠴᠢᠭ ᠤᠨ ᠬᠡᠯᠪᠡᠷᠢ ᠶᠢᠨ | ᠶᠠᠷᠢᠶ᠎ᠠ ᠳᠡᠪᠰᠢᠭᠦᠯᠵᠠᠢ᠂ ᠬᠤᠯᠪᠣᠭᠳᠠᠯ ᠪᠦᠬᠦᠢ ᠲᠠᠯ᠎ᠠ ᠶᠢᠨ ᠬᠢᠨ ᠰᠤᠳᠤᠯᠵᠤ ᠰᠢᠩᠭᠡᠭᠡᠵᠦ ᠠᠪᠤᠭᠠᠷᠠᠢ ᠬᠡᠪᠡ᠃ | ᠰᠢ ᠶᠢᠨ ᠫᠢᠩ᠂ ᠬᠤᠪᠢᠰᠤᠩᠭᠤᠢ ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠳᠤ ᠦᠶ᠎ᠡ ᠶᠢᠨ ᠰᠢᠨ᠎ᠡ | ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠬᠤ ᠬᠡᠷᠡᠭᠲᠡᠢ᠃ ᠣᠳᠣᠬᠠᠨ ᠤ ᠳᠡᠯᠡᠬᠡᠶ ᠶᠢᠷᠲᠢᠨᠴᠦ ᠶᠠᠭ | ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠪᠦ᠋ᠬᠦ ᠪᠥᠮᠪᠥᠷᠴᠡᠭ ᠲᠤ ᠶᠡᠭᠡ ᠪᠠᠷ ᠦᠷᠪᠢᠰᠦᠨ ᠳᠡᠯᠭᠡᠷᠡᠭᠰᠡᠨ ᠨᠢ ᠡᠨᠡ ᠬᠦ ᠶᠡᠭᠡ | ᠬᠤᠪᠢᠰᠤᠯᠲᠠ ᠶᠢ ᠲᠦᠷᠭᠡᠳᠭᠡᠵᠦ᠂ ᠳᠡᠯᠡᠬᠡᠢ ᠶᠢᠨ ᠠᠵᠤ ᠠᠬᠤᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠰᠣᠶᠣᠯ᠂ ᠠᠮᠤᠷ ᠲᠦᠪᠰᠢᠨ᠂ ᠤᠯᠤᠰ ᠲᠥᠷᠥ ᠵᠡᠷᠭᠡ ᠪᠠᠶᠢᠷᠢᠰᠢᠯ ᠳᠤ ᠴᠥᠮ ᠭᠦᠨᠵᠡᠭᠡᠶ ᠲᠣᠬᠢᠷᠠᠭᠤᠯᠤᠯᠲᠠ | ᠡᠬᠦᠰᠴᠤ ᠪᠠᠶᠢᠨ᠎ᠠ᠃ ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ ᠣᠷᠴᠢᠨ ᠴᠤ ᠭᠦᠨᠵᠡᠭᠡᠶ ᠬᠤᠪᠢᠷᠠᠯᠲᠠ | ᠭᠠᠷᠴᠤ᠂ ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠨᠡᠶᠢᠭᠡᠮ ᠤᠨ | ᠭᠤᠤᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠪᠠ ᠲᠡᠩᠴᠡᠭᠦᠷᠢ ᠦᠭᠡᠢ ᠬᠦᠢᠴᠡᠳ ᠪᠤᠰᠤ ᠬᠥᠭᠵᠢᠯᠲᠡ ᠶᠢᠨ ᠬᠤᠭᠤᠷᠣᠨᠳᠣᠬᠢ | ᠵᠥᠷᠢᠴᠡᠯ ᠪᠤᠯᠵᠤ ᠬᠤᠪᠢᠷᠠᠵᠥ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠱᠠᠭᠠᠷᠳᠠᠯᠭ᠎ᠠ | ᠲᠠᠰᠤᠷᠠᠯᠲᠠ ᠦᠭᠡᠢ ᠳᠡᠭᠡᠭᠰᠢᠯᠡᠪᠡ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ | ᠬᠤᠪᠢᠷᠠᠯᠲᠠ ᠶᠢ ᠨᠢᠭᠡᠳᠦᠯᠲᠡᠶ ᠲᠥᠯᠥᠪᠯᠡᠵᠦ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠬᠥᠭᠵᠢᠯᠲᠡ | ᠬᠤᠪᠢᠷᠠᠯᠲᠠ ᠠᠴᠠ ᠪᠤᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠨᠠᠷᠢᠨ | ᠪᠤᠳᠤᠯᠢᠶᠠᠨᠲᠠᠶ ᠣᠯᠠᠨ ᠤᠯᠤᠰ ᠤᠨ ᠣᠷᠴᠢᠨ ᠠᠴᠠ ᠪᠤᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ | ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷᠢᠶ᠋ᠠᠨ | ᠴᠢᠩᠭᠠᠳᠬᠠᠵᠥ᠂ ᠬᠤᠪᠢᠷᠠᠯᠲᠠ ᠶᠢ ᠵᠦᠪ ᠢᠶᠠᠷ ᠲᠠᠨᠢᠵᠤ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ | ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠵᠣᠷᠢᠭᠲᠠᠶ ᠪᠠᠷ ᠰᠠᠯᠬᠢ ᠰᠦᠷᠦᠨ ᠣᠩᠭᠤᠴᠠ ᠵᠢᠯᠣᠭᠤᠳᠴᠤ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠠᠭᠠᠨ ᠴᠢᠳᠠᠮᠠᠭᠠᠶ ᠪᠠᠶᠢᠵᠤ᠂ ᠨᠠᠩ ᠴᠢᠨᠠᠷ ᠰᠠᠶᠢᠲᠠᠶ᠂ | ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ | ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠤᠯᠤᠰ ᠠᠷᠠᠳ ᠤᠨ ᠠᠵᠦ ᠠᠬᠤᠢ ᠶᠢᠨ ᠡᠷᠬᠢᠯᠲᠠ ᠶᠢ ᠰᠢᠯᠤᠭᠤᠳᠬᠠᠬᠤ ᠪᠠᠷ | ᠭᠤᠤᠯᠲᠠᠭᠤᠯᠤᠨ ᠰᠢᠨ᠎ᠠ ᠬᠦᠭᠵᠢᠯᠲᠠ ᠶᠢᠨ ᠪᠠᠶᠢᠷᠢᠰᠢᠯ ᠢ ᠪᠦᠷᠢᠯᠲᠦᠭᠦᠯᠬᠦ ᠬᠡᠷᠡᠭᠲᠡᠢ᠃ ᠤᠯᠤᠰ ᠤᠨ ᠲᠤᠲᠤᠭᠠᠲᠤ ᠶᠢᠨ | ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ ᠤᠯᠤᠰ ᠤᠨ ᠲᠤᠲᠤᠭᠠᠲᠤ ᠭᠠᠳᠠᠭᠠᠳᠦ ᠶᠢᠨ ᠬᠤᠤᠰ ᠤᠷᠴᠢᠯ | ᠬᠠᠷᠢᠯᠴᠠᠠ ᠠᠬᠢᠭᠤᠯᠤᠭᠰᠠᠨ ᠰᠢᠨ᠎ᠠ ᠬᠦᠭᠵᠢᠯᠲᠠ ᠶᠢᠨ ᠪᠠᠶᠢᠷᠢᠰᠢᠯ ᠪᠦ᠋ᠷᠢᠯᠳᠦᠬᠦ ᠶᠢ ᠠᠬᠢᠭᠤᠯᠬᠤ ᠪᠤᠯ ᠮᠠᠠ ᠤ | ᠤᠯᠤᠰ ᠤᠨ ᠬᠦᠭᠵᠢᠯᠲᠠ ᠶᠢᠨ ᠱᠠᠲᠤ ᠦᠶ᠎ᠠ᠂ ᠤᠷᠴᠢᠨ ᠲᠤᠭᠤᠷᠢᠨ᠂ ᠨᠦᠬᠦᠴᠡᠯ ᠤᠨ ᠬᠤᠪᠢᠷᠠᠯᠲᠠ ᠶᠢ | ᠦᠨᠲᠦᠰᠦᠯᠡᠵᠦ ᠲᠤᠷᠠᠲᠤᠭᠰᠠᠠ ᠶᠤᠮ᠂ ᠮᠠᠠ ᠤ ᠤᠯᠤᠰ ᠤᠨ ᠤᠯᠠᠠ ᠤᠯᠤᠰ ᠤᠨ ᠬᠠᠮᠲᠤᠷᠠᠯᠴᠠᠭ᠎ᠠ ᠪᠤᠯᠤᠨ | ᠦᠷᠢᠰᠦᠯᠲᠦᠭᠡᠡ ᠤ ᠰᠢᠨ᠎ᠠ ᠲᠠᠪᠠᠭᠤᠯᠢᠭ ᠢ ᠲᠠᠬᠢᠨ ᠱᠤᠭᠤᠬᠤ ᠪᠠᠶᠢᠯᠲᠤᠬᠤ ᠪᠤᠲᠤᠯᠭ᠎ᠠ ᠶᠢᠨ ᠰᠤᠩᠭᠤᠯᠳᠠ ᠮᠦᠨ᠃ | ᠪᠢᠲᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠠᠶᠢᠯᠲᠤᠬᠤ ᠪᠤᠲᠤᠯᠭ᠎ᠠ ᠶᠢᠨ | ᠴᠢᠭᠯᠡᠯ ᠢ ᠪᠠᠷᠢᠮᠲᠠᠯᠠᠠ᠂ ᠲᠤᠲᠤᠭᠠᠲᠤ ᠭᠡᠷᠡᠭᠴᠡᠭᠡ ᠪᠠᠨ ᠦᠷᠭᠡᠳᠭᠡᠬᠦ ᠪᠠᠶᠢᠯᠲᠤᠬᠤ ᠪᠤᠲᠤᠯᠭ᠎ᠠ ᠶᠢᠨ ᠰᠠᠭᠤᠷᠢ ᠴᠡᠭ ᠢ | ᠴᠢᠩᠭ᠎ᠠ ᠡᠵᠡᠮᠳᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠬᠦᠢᠯᠭᠡᠭᠡ᠂ ᠭᠡᠷᠡᠭᠯᠡᠭᠡ ᠶᠢ ᠤᠯᠤᠰ ᠤᠨ | ᠲᠤᠲᠤᠭᠠᠲᠤ ᠶᠢᠨ ᠵᠠᠬ᠎ᠠ ᠲᠡᠯᠭᠡᠭᠦᠷ ᠲᠤ ᠨᠡᠩ ᠢᠯᠡᠭᠦᠦ ᠲᠦᠰᠢᠭᠯᠡᠬᠦ ᠪᠤᠯᠭᠠᠵᠦ᠂ ᠬᠠᠩᠭᠠᠯᠭ᠎ᠠ ᠶᠢᠨ ᠰᠢᠰᠲ᠋ᠧᠮ ᠤᠨ | ᠤᠯᠤᠰ ᠤᠨ ᠲᠤᠲᠤᠭᠠᠲᠤ ᠶᠢᠨ ᠬᠡᠷᠡᠭᠴᠡᠭᠡ ᠳᠤ ᠵᠤᠬᠢᠴᠠᠬᠤ ᠴᠢᠨᠠᠷ ᠢ ᠲᠡᠭᠡᠭᠰᠢᠯᠡᠭᠦᠯᠵᠦ᠂ ᠭᠡᠷᠡᠭᠴᠡᠭᠡ ᠪᠠᠷ | ᠬᠠᠩᠭᠠᠯᠭ᠎ᠠ ᠶᠢ ᠬᠦᠲᠦᠯᠦᠨ ᠳᠠᠭᠠᠭᠤᠯᠬᠤ᠂ ᠬᠠᠩᠭᠠᠯᠭ᠎ᠠ ᠪᠠᠷ ᠭᠡᠷᠡᠭᠴᠡᠭᠡ ᠶᠢ ᠡᠭᠦᠳᠬᠦ ᠨᠡᠩ ᠦᠨᠲᠦᠷ ᠲᠦᠪᠰᠢᠨ | ᠪᠦᠬᠦᠢ ᠬᠦᠲᠡᠯᠦᠩᠭᠦᠢ ᠲᠡᠩᠴᠡᠬᠦᠷᠢ ᠶᠢ ᠪᠦᠷᠢᠯᠲᠦᠭᠦᠯᠬᠦ ᠬᠡᠷᠡᠭᠲᠡᠢ᠃ ᠰᠢᠨ᠎ᠠ ᠬᠦᠭᠵᠢᠯᠲᠠ ᠶᠢᠨ ᠪᠠᠶᠢᠷᠢᠰᠢᠯ ᠨᠢ | ᠤᠯᠤᠰ ᠤᠨ ᠲᠤᠲᠤᠭᠠᠲᠤ ᠶᠢᠨ ᠪᠢᠳᠡᠭᠦᠦ ᠤᠷᠴᠢᠯ ᠤᠭᠳᠤ ᠪᠢᠰᠢ᠂ ᠬᠠᠷᠢᠨ ᠨᠡᠭᠡᠭᠡᠯᠲᠡ ᠲᠠᠢ ᠤᠯᠤᠰ ᠤᠨ | ᠲᠤᠲᠤᠭᠠᠲᠤ ᠭᠠᠳᠠᠭᠠᠳᠤ ᠶᠢᠨ ᠬᠤᠤᠰ ᠤᠷᠴᠢᠯ ᠪᠤᠯᠤᠨ᠎ᠠ᠃ ᠮᠠᠠ ᠤ ᠤᠯᠤᠰ ᠤᠨ ᠲᠡᠯᠡᠭᠡᠢ ᠶᠢᠨ ᠠᠵᠦ ᠠᠬᠤᠢ ᠳᠠᠬᠢ | ᠪᠠᠶᠢᠷᠢ ᠰᠠᠭᠤᠷᠢ ᠦᠷᠬᠦᠯᠵᠢᠯᠡᠡ ᠲᠡᠭᠡᠭᠰᠢᠯᠡᠵᠦ᠂ ᠲᠡᠯᠡᠭᠡᠢ ᠶᠢᠨ ᠠᠵᠦ ᠠᠬᠤᠢ ᠯᠤᠭ᠎ᠠ ᠶᠢᠨ ᠬᠤᠯᠪᠤᠭ᠎ᠠ ᠨᠡᠩ ᠨᠢᠭᠲᠠ | ᠪᠤᠯᠵᠦ᠂ ᠪᠤᠰᠤᠳ ᠤᠯᠤᠰ ᠲᠤ ᠬᠠᠩᠭᠠᠬᠤ ᠵᠠᠬ᠎ᠠ ᠲᠡᠯᠭᠡᠭᠦᠷ ᠤᠨ ᠠᠵᠠ ᠲᠤᠬᠢᠶᠠᠯ ᠨᠡᠩ ᠦᠷᠭᠡᠡ ᠠᠭᠤᠲᠠᠮ ᠪᠤᠯᠵᠦ᠂ | ᠤᠯᠠᠠ ᠤᠯᠤᠰ ᠤᠨ ᠲᠠᠸᠠᠷ ᠪᠤᠯᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠲᠠᠠ ᠠᠪᠴᠢᠷᠠᠬᠤ ᠯᠤᠲᠦ ᠶᠡᠭᠡ | ᠳᠠᠳᠠᠬᠤ ᠬᠦᠴᠦᠨ ᠲᠠᠢ ᠤᠷᠤᠨ ᠪᠤᠯᠬᠤ ᠪᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠪᠠᠷ ᠰᠢᠨ᠎ᠠ | ᠬᠦᠭᠵᠢᠯᠲᠠ ᠶᠢᠨ ᠬᠦᠲᠡᠯᠭᠡᠬᠦ ᠡᠨᠧᠷᠬᠢ ᠶᠢ ᠪᠤᠢ ᠪᠤᠯᠭᠠᠬᠤ ᠭᠡᠷᠡᠭᠲᠡᠢ᠃ ᠴᠢᠨᠠᠷ ᠰᠠᠶᠢᠲᠠᠢ ᠬᠦᠭᠵᠢᠯᠲᠠ ᠶᠢ | ᠪᠡᠶᠡᠯᠡᠬᠦᠯᠬᠦ ᠳᠤ ᠡᠷᠭᠡᠪᠰᠢ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠭᠰᠠᠨ ᠠᠭᠤᠯᠤᠭᠲᠠᠬᠤᠨ ᠤ ᠬᠡᠯᠪᠡᠷᠢ ᠶᠢᠨ | ᠨᠡᠮᠡᠭᠲᠡᠯ ᠳᠤ ᠲᠦᠰᠢᠭᠯᠡᠬᠦ ᠶᠢ ᠪᠡᠶᠡᠯᠡᠭᠦᠯᠵᠤ᠂ ᠪᠡᠶ᠎ᠠ ᠪᠠᠨ ᠲᠠᠭᠠᠭᠠᠵᠤ ᠰᠢᠨ᠎ᠠ ᠶᠢ ᠡᠭᠦᠳᠬᠦ ᠴᠢᠲᠠᠪᠤᠷᠢ ᠪᠠᠨ ᠶᠡᠭᠡ ᠪᠠᠷ | ᠲᠡᠭᠡᠭᠰᠢᠯᠡᠭᠦᠯᠦᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠳᠠᠷᠤᠢ ᠲᠦᠷᠭᠡᠨ ᠰᠢᠪᠲᠤᠯᠬᠤ ᠭᠡᠷᠡᠭᠲᠡᠢ᠃ ᠮᠠᠠ ᠤ | ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠤᠨ ᠢᠶᠠᠨ ᠲᠦᠪᠯᠡᠷᠡᠭᠦᠯᠵᠦ ᠶᠡᠭᠡ ᠶᠠᠪᠤᠳᠠᠯ ᠢ ᠪᠦᠲᠦᠭᠡᠬᠦ | ᠳᠤᠪᠤᠶᠢᠮ᠎ᠠ ᠲᠠᠪᠠᠭᠤᠯᠢᠭ ᠢ ᠬᠦᠢᠴᠡᠳ ᠪᠠᠲᠠᠷᠠᠭᠤᠯᠤᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ | ᠰᠢᠪᠲᠤᠯᠬᠤ ᠲᠠᠶᠢᠯᠠᠯᠲᠤᠭᠠᠠ ᠢ ᠰᠠᠶᠢᠲᠤᠷ ᠬᠢᠵᠦ᠂ ᠰᠢᠨ᠎ᠠ ᠮᠡᠷᠭᠡᠵᠢᠯ ᠤᠨ ᠲᠦᠷᠭᠡᠨᠢᠶ᠋ᠠᠷ ᠶᠡᠭᠡ ᠬᠡᠪᠴᠢᠶ᠎ᠠ ᠪᠠᠷ | ᠬᠡᠷᠡᠭᠯᠡᠭᠳᠡᠬᠦ ᠪᠠ ᠳᠡᠰ ᠳᠡᠪᠰᠢᠬᠦ ᠳᠤ ᠠᠰᠢᠭᠳᠠᠢ ᠦᠪᠡᠷᠮᠢᠴᠡ ᠲᠡᠪᠠᠭᠤᠯᠢᠭ ᠢ ᠡᠭᠦᠳᠴᠤ᠂ ᠰᠢᠨᠵᠢᠯᠡᠬᠦ ᠤᠬᠠᠭᠠᠠ | ᠲᠧᠭᠨᠢᠭ ᠮᠡᠷᠭᠡᠵᠢᠯ ᠤᠨ ᠦᠷ᠎ᠠ ᠪᠦᠲᠦᠭᠡᠯ ᠢ ᠪᠤᠲᠠᠲᠤ ᠦᠢᠯᠡᠳᠪᠦᠷᠢᠯᠡᠯ ᠤᠨ ᠬᠦᠴᠤᠨ ᠪᠤᠯᠭᠠᠠ ᠬᠤᠪᠢᠷᠠᠭᠤᠯᠬᠤ ᠶᠢ | ᠲᠦᠷᠭᠡᠳᠭᠡᠵᠦ᠂ ᠠᠵᠦ ᠦᠢᠯᠡᠰ ᠤᠨ ᠬᠡᠯᠬᠢᠶ᠎ᠠ ᠶᠢᠨ ᠲᠦᠪᠰᠢᠠ ᠢ ᠲᠡᠭᠡᠭᠰᠢᠯᠡᠭᠦᠯᠬᠦ ᠬᠡᠷᠡᠭᠲᠡᠢ᠃ ᠠᠵᠦ | ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠬᠦ ᠳᠠᠬᠢ ᠭᠤᠤᠯ ᠴᠤᠭᠴᠠ ᠶᠢᠨ ᠦᠢᠯᠡᠲᠦᠯ ᠢ ᠪᠠᠲᠠᠷᠠᠭᠤᠯᠤᠠ᠂ | ᠠᠵᠦ ᠠᠬᠤᠢᠢᠯᠠᠯ ᠢ ᠰᠢᠨ᠎ᠠ ᠶᠢ ᠡᠭᠦᠳᠬᠦ ᠴᠢᠬᠤᠯᠠ ᠡᠯᠧᠮᠧᠨ᠋ᠲ ᠢ ᠬᠤᠷᠠᠮᠳᠤᠭᠤᠯᠬᠤ᠂ ᠰᠢᠨᠵᠢᠯᠡᠬᠦ ᠤᠬᠠᠭᠠᠠ ᠲᠧᠭᠨᠢᠭ | ᠮᠡᠷᠭᠡᠵᠢᠯ ᠤᠨ ᠦᠷ᠎ᠠ ᠪᠦᠲᠦᠭᠡᠯ ᠢ ᠤᠨᠳᠤᠤᠰᠢᠭᠤᠯᠬᠤ ᠪᠡᠯᠡᠳᠭᠡᠯ ᠬᠦᠴᠤᠨ ᠪᠤᠯᠭᠠᠬᠤ ᠬᠡᠷᠡᠭᠲᠡᠢ᠃ ᠤᠯᠠᠠ | ᠤᠯᠤᠰ ᠤᠨ ᠲᠡᠷᠢᠭᠦᠨ ᠤ ᠴᠢᠲᠠᠪᠤᠷᠢᠲᠠᠠ ᠪᠤᠯᠤᠨ ᠰᠢᠨᠵᠢᠯᠡᠬᠦ ᠤᠬᠠᠭᠠᠠ ᠤ ᠰᠤᠲᠤᠯᠭᠠᠠ ᠤ ᠪᠦᠯᠬᠦᠮ ᠢ ᠶᠡᠭᠡ ᠪᠠᠷ | ᠬᠦᠮᠦᠵᠢᠭᠦᠯᠬᠦ ᠪᠠ ᠳᠠᠳᠠᠨ ᠠᠪᠴᠢᠷᠠᠵᠦ᠂ ᠰᠢᠨᠵᠢᠯᠡᠬᠦ ᠤᠬᠠᠭᠠᠠ ᠤ ᠰᠤᠲᠤᠯᠭᠠᠠ ᠤ ᠪᠠᠶᠢᠭᠤᠯᠭ᠎ᠠ ᠨᠢᠭᠡᠴᠢ ᠶᠢᠨ | ᠦᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠦ᠂ ᠰᠢᠨᠵᠢᠯᠡᠬᠦ ᠤᠠᠬᠭᠠᠠ ᠤ ᠰᠤᠲᠤᠯᠭᠠᠨ ᠤ ᠠᠵᠢᠯᠳᠠᠨ ᠤ | ᠢᠲᠡᠪᠬᠢᠵᠢᠯ ᠢ ᠬᠠᠮᠤᠭ ᠶᠡᠭᠡ ᠬᠡᠮᠵᠢᠶ᠎ᠠ ᠪᠠᠷ ᠲᠠᠶᠢᠴᠢᠯᠠᠬᠤ ᠭᠡᠷᠡᠭᠲᠡᠢ᠃ ᠨᠡᠭᠡᠭᠡᠯᠲᠡ ᠬᠢᠵᠦ ᠰᠢᠨ᠎ᠠ ᠶᠢ ᠡᠭᠦᠳᠬᠦ ᠶᠢ | ᠪᠠᠷᠢᠮᠲᠠᠯᠠᠵᠦ᠂ ᠤᠯᠠᠠ ᠤᠯᠤᠰ ᠤᠨ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠᠷ ᠰᠢᠨ᠎ᠠ ᠬᠦᠭᠵᠢᠯᠲᠠ ᠶᠢᠨ ᠠᠮᠢᠵᠢᠷᠠᠯ ᠤᠨ | ᠬᠦᠴᠤᠨ ᠢ ᠬᠦᠭᠵᠢᠭᠡᠬᠦ ᠭᠡᠷᠡᠭᠲᠡᠢ᠃ ᠮᠠᠠ ᠤ ᠤᠯᠤᠰ ᠰᠢᠨ᠎ᠠ ᠬᠦᠭᠵᠢᠯᠲᠠ ᠶᠢᠨ ᠱᠠᠲᠤᠨ ᠳᠤ ᠤᠷᠤᠬᠤ ᠶᠢ | ᠲᠠᠭᠠᠯᠲᠤᠨ ᠦᠭᠡᠷᠡᠴᠢᠯᠡᠯᠲᠡᠳᠤ ᠪᠠᠰᠠ ᠰᠢᠨ᠎ᠠ ᠡᠬᠦᠷᠭᠡ ᠲᠤᠯᠭᠠᠷᠠᠨ᠎ᠠ᠂ ᠡᠷᠭᠡᠪᠰᠢ ᠨᠡᠩ ᠶᠡᠭᠡ ᠡᠷᠴᠢ ᠵᠤᠷᠢᠭ᠂ ᠨᠡᠩ | ᠤᠯᠠᠠ ᠠᠷᠭ᠎ᠠ ᠬᠡᠮᠵᠢᠶ᠎ᠠ ᠠᠪᠴᠤ ᠪᠠᠶᠢᠭᠠᠳ ᠬᠦᠨ ᠲᠠᠪᠬᠤᠷᠭ᠎ᠠ ᠶᠢᠨ ᠪᠠᠶᠢᠭᠤᠯᠤᠮᠵᠢ ᠲᠤᠭᠲᠠᠴᠠ ᠶᠢᠨ ᠬᠠᠷᠰᠢ | ᠰᠠᠭᠠᠳ ᠢ ᠠᠷᠢᠯᠭᠠᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠠ | ᠲᠡᠭᠦᠯᠲᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ | ᠤᠲᠤᠬᠢᠴᠢᠯᠠᠯᠲᠠ ᠶᠢ ᠠᠬᠢᠭᠤᠯᠬᠤ ᠭᠡᠷᠡᠭᠲᠡᠢ᠃ ᠲᠦᠪ ᠶᠤᠰᠤ ᠶᠢ ᠪᠠᠷᠢᠮᠳᠠᠯᠠᠨ ᠰᠢᠨ᠎ᠠ ᠶᠢ ᠡᠭᠦᠳᠴᠤ᠂ ᠵᠠᠮ ᠨᠡᠭᠡᠭᠡᠡ | ᠰᠢᠨ᠎ᠠ ᠶᠢ ᠡᠭᠦᠳᠴᠤ᠂ ᠦᠪᠡᠷ ᠤᠨ ᠢᠷᠡᠭᠡᠲᠦᠢ ᠶᠢᠨ ᠬᠦᠭᠵᠢᠯᠲᠠ ᠶᠢᠨ ᠵᠠᠮ ᠢᠶᠠᠨ ᠵᠤᠷᠢᠭᠳᠠᠢ ᠪᠠᠷ ᠬᠠᠶᠢᠨ | ᠰᠦᠪᠡᠭᠴᠢᠯᠡᠬᠦ ᠭᠡᠷᠡᠭᠲᠡᠢ᠃ ᠨᠡᠶᠢᠭᠡᠮ ᠵᠢᠷᠤᠮ ᠤᠨ ᠦᠨᠲᠦᠰᠦᠨ ᠠᠵᠦ ᠠᠬᠤᠢ ᠶᠢᠨ ᠪᠠᠶᠢᠭᠤᠯᠤᠯ ᠢ ᠪᠠᠷᠢᠮᠲᠠᠯᠠᠠ | ᠲᠡᠭᠦᠯᠲᠡᠷᠵᠢᠭᠦᠯᠵᠦ᠂ ᠵᠠᠬ᠎ᠠ ᠲᠡᠯᠭᠡᠭᠦᠷ ᠢ ᠡᠬᠢ ᠪᠠᠶᠠᠯᠢᠭ ᠤᠨ ᠬᠤᠪᠢᠶᠠᠷᠢᠯᠠᠯᠲᠠ ᠲᠤᠮᠲᠠ ᠰᠢᠢᠳᠪᠦᠷᠢᠯᠡᠭᠴᠢ ᠴᠢᠨᠠᠷᠲᠠᠢ | ᠦᠢᠯᠡᠲᠦᠯ ᠦᠵᠡᠭᠦᠯᠵᠦ᠂ ᠵᠠᠰᠠᠭ ᠤᠨ ᠤᠷᠲᠤᠨ ᠤ ᠦᠢᠯᠡᠲᠦᠯ ᠢ ᠨᠡᠩ ᠰᠠᠶᠢᠳᠦᠷ ᠪᠠᠲᠠᠷᠠᠭᠤᠯᠤᠨ᠂ ᠤᠷᠲᠤ | ᠬᠤᠭᠤᠴᠠᠭᠠᠪᠠᠷ ᠲᠤᠭᠲᠠᠭᠤᠨ ᠲᠦᠰᠦᠭᠡᠯᠡᠵᠦ ᠪᠤᠯᠬᠤᠢᠢᠴᠠ ᠪᠠᠶᠢᠭᠤᠯᠤᠯ ᠤᠨ ᠤᠷᠴᠢᠨ ᠲᠤᠭᠤᠷᠢᠨ ᠢ ᠪᠤᠢ ᠪᠤᠯᠭᠠᠬᠤ | ᠭᠡᠷᠡᠭᠲᠡᠢ᠃ ᠪᠦᠲᠦᠭᠡᠭᠳᠡᠭᠦᠨ ᠤ ᠦᠮᠴᠢᠯᠡᠬᠦ ᠡᠷᠭᠡ ᠪᠠ ᠮᠡᠲᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ ᠶᠢ | ᠴᠢᠩᠭᠠᠳᠬᠠᠵᠦ᠂ ᠦᠨᠲᠦᠷ ᠪᠠᠷᠢᠮᠵᠢᠶᠠᠳᠤ ᠵᠠᠬ᠎ᠠ ᠲᠡᠯᠭᠡᠭᠦᠷ ᠤᠨ ᠰᠢᠰᠲ᠋ᠧᠮ ᠢ ᠪᠠᠶᠢᠭᠤᠯᠵᠦ᠂ ᠲᠦᠪ ᠭᠤᠤᠯᠴᠢ | ᠦᠷᠢᠰᠦᠯᠲᠦᠭᠡᠡ ᠤ ᠲᠦᠷᠢᠮ ᠢ ᠲᠡᠭᠦᠯᠲᠡᠷᠵᠢᠭᠦᠯᠵᠦ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠬᠦᠭᠵᠢᠯᠲᠠ ᠶᠢᠨ | ᠠᠮᠢᠵᠢᠷᠠᠯ ᠤᠨ ᠬᠦᠴᠤᠨ ᠢ ᠬᠦᠭᠵᠢᠭᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠤᠨ ᠤ ᠬᠦᠭᠵᠢᠯᠲᠠ ᠳᠤ | ᠠᠰᠢᠭᠲᠠᠢ ᠠᠯᠢᠪᠠ ᠬᠦᠴᠤᠨ ᠴᠢᠳᠠᠯ ᠢ ᠬᠦᠢᠴᠡᠳ ᠪᠠᠳᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠪᠠᠷ ᠤᠯᠠᠨ ᠤᠯᠤᠰ ᠤᠨ | ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃ ᠤᠯᠠᠨ ᠤᠯᠤᠰ ᠤᠨ | ᠠᠵᠤ ᠠᠬᠤᠶ ᠶᠢᠨ ᠬᠤᠯᠪᠤᠯᠳᠤᠨ ᠨᠡᠪᠲᠡᠷᠡᠯᠴᠡᠬᠦ ᠪᠠ ᠶᠠᠪᠤᠯᠴᠠᠭ᠎ᠠ ᠮᠥᠨ ᠬᠦ ᠳᠡᠯᠡᠬᠡᠶ ᠶᠢᠨ ᠠᠵᠤ ᠠᠬᠤᠶ ᠶᠢᠨ | ᠬᠥᠭᠵᠢᠯᠲᠡ ᠶᠢᠨ ᠪᠤᠰᠤᠳᠴᠢ ᠱᠠᠭᠠᠷᠳᠠᠯᠭ᠎ᠠ ᠮᠥᠨ᠃ ᠮᠠᠨ ᠤ ᠤᠯᠤᠰ ᠤᠨ ᠠᠵᠤ ᠠᠬᠤᠶ ᠶᠢᠨ ᠦᠷᠭᠦᠯᠵᠢᠯᠡᠨ | ᠲᠦᠷᠭᠡᠨ ᠬᠥᠭᠵᠢᠬᠦ ᠶᠢᠨ ᠨᠢᠭᠡ ᠴᠢᠬᠤᠯᠠ ᠬᠥᠳᠡᠯᠭᠡᠭᠴᠢ ᠬᠦᠴᠦᠨ ᠪᠣᠯ ᠭᠠᠳᠠᠭᠠᠳᠤ ᠨᠡᠭᠡᠭᠡᠯᠳᠡ ᠪᠣᠯᠤᠨ᠎ᠠ᠃ | ᠭᠠᠳᠠᠭᠠᠳᠤ ᠨᠡᠭᠡᠭᠡᠯᠳᠡ ᠬᠢᠬᠦ ᠪᠣᠯ ᠤᠯᠤᠰ ᠤᠨ ᠦᠨᠳᠦᠰᠦᠨ ᠪᠤᠳᠤᠯᠭ᠎ᠠ ᠮᠥᠨ᠃ ᠭᠠᠳᠠᠭᠠᠳᠤ ᠨᠡᠭᠡᠭᠡᠯᠲᠡ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ | ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠪᠠ | ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠦᠷᠢᠯᠳᠦᠭᠦᠯᠬᠦ ᠬᠡᠷᠡᠭᠲᠡᠶ᠃ ᠪᠦᠬᠦ ᠳᠡᠯᠡᠬᠡᠢ ᠶᠢᠨ ᠠᠵᠤ ᠠᠬᠤᠢ ᠶᠢᠨ | ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠵᠤ᠂ ᠨᠡᠩ ᠲᠥᠪ ᠭᠤᠣᠯᠴᠢ ᠵᠦᠢ | ᠵᠣᠬᠢᠰᠲᠠᠢ ᠤᠯᠠᠨ ᠤᠯᠤᠰ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ | ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠪᠠᠷ ᠨᠡᠶᠢᠭᠡᠮ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠥᠷᠭᠡᠳᠬᠡᠬᠦ ᠬᠡᠷᠡᠭᠲᠡᠢ᠃ ᠨᠠᠩ ᠪᠦᠷᠢᠨ ᠭᠦᠶ᠋ᠴᠡᠳ᠂ ᠨᠠᠩ ᠴᠢᠨᠠᠷ ᠰᠠᠶᠢᠲᠠᠶ | ᠠᠵᠢᠯ ᠣᠯᠭᠤᠯᠲᠠᠶᠢ ᠪᠡᠶᠡᠯᠡᠭᠦᠯᠵᠦ᠂ ᠪᠦᠬᠦᠨ ᠢ ᠬᠠᠮᠤᠷᠤᠭᠰᠠᠨ᠂ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠰᠢᠰᠲ᠋ᠧᠮ ᠢ ᠴᠢᠩᠭᠠᠳᠬᠠᠨ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ | ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠨᠡᠶᠢᠭᠡᠮ ᠤᠨ ᠵᠥᠷᠢᠴᠡᠯ ᠢ ᠠᠷᠢᠯᠭᠠᠵᠤ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠬᠡᠷᠡᠭᠳᠠᠢ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨᠡᠴᠢᠯᠡᠵᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠶᠢ ᠨᠡᠩ | ᠴᠢᠬᠤᠯᠠᠴᠢᠯᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ | ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠤᠨᠤᠯ ᠦᠢᠯᠡᠳᠦᠯᠭᠡ ᠠᠴᠠ ᠢᠷᠡᠯᠲᠡ ᠲᠠᠢ ᠪᠥᠭᠡᠳ ᠦᠢᠯᠡᠳᠦᠯᠭᠡ ᠶᠢ ᠵᠢᠯᠣᠭᠤᠳᠳᠠᠭ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠰᠢᠨ᠎ᠡ ᠠᠮᠢᠳᠤᠯᠢᠭ ᠦᠢᠯᠡᠳᠦᠯᠭᠡ ᠶᠢ ᠴᠠᠭ | ᠲᠤᠬᠠᠶ ᠳᠤᠨᠢ ᠳ᠋ᠦᠩᠨᠡᠵᠦ᠂ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠵᠤ᠂ | ᠬᠥᠭᠵᠢᠯᠲᠡ ᠶᠢᠨ ᠣᠶᠢᠯᠠᠭᠠᠭᠳᠠᠬᠤᠨ᠂ ᠥᠮᠴᠢᠯᠡᠯ ᠤᠨ ᠲᠦᠷᠢᠮ᠂ ᠬᠤᠪᠢᠶᠠᠷᠢᠯᠠᠯᠲᠠ ᠶᠢᠨ ᠪᠠᠶᠢᠭᠤᠯᠤᠯ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ᠂ ᠵᠠᠬ᠎ᠠ ᠳᠡᠯᠭᠡᠭᠦᠷ ᠤᠨ ᠲᠣᠭᠲᠠᠴᠠ᠂ ᠬᠤᠷᠸ᠎ᠠ ᠡᠵᠡᠮᠰᠢᠯ ᠲᠤᠬᠢᠷᠠᠭᠤᠯᠭ᠎ᠠ᠂ ᠠᠵᠤ | ᠦᠢᠯᠡᠰ ᠤᠨ ᠪᠦᠲᠦᠴᠡ᠂ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠴᠢᠬᠤᠯᠠ ᠶᠡᠭᠡ ᠠᠰᠠᠭᠤᠳᠠᠯ ᠳᠡᠭᠡᠷ᠎ᠡ ᠮᠠᠰᠢ ᠤᠯᠠᠨ ᠴᠢᠬᠤᠯᠠ | ᠨᠤᠲᠠᠯᠠᠯᠲᠠ ᠳᠤᠷᠠᠳᠴᠠᠶ᠃ ᠴᠠᠭ ᠦᠶ᠎ᠡ ᠶᠢᠨ ᠰᠡᠳᠦᠪ ᠪᠣᠯ ᠤᠨᠤᠯ ᠤᠨ ᠰᠢᠨ᠎ᠡ ᠡᠭᠦᠳᠦᠯᠳᠡ ᠶᠢᠨ ᠬᠥᠳᠡᠯᠭᠡᠬᠦ | ᠬᠦᠴᠦᠨ ᠮᠥᠨ᠃ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠪᠠᠶᠠᠯᠢᠭ ᠦᠢᠯᠡᠳᠦᠯᠭᠡ ᠪᠣᠯ ᠣᠨᠣᠯ ᠪᠠ ᠲᠥᠷᠦ ᠶᠢᠨ ᠪᠣᠳᠣᠯᠭ᠎ᠠ ᠶᠢᠨ | ᠰᠤᠳᠤᠯᠭᠠᠨ ᠤ ︽ᠪᠠᠶᠠᠨ ᠠᠭᠤᠷᠬᠠᠢ︾ ᠪᠣᠯᠤᠨ᠎ᠠ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠦᠷᠢᠶᠡᠨ ᠤ | ᠤᠨᠤᠯ ᠤᠨ ᠠᠵᠢᠯᠲᠠᠳ ᠶᠡᠭᠡ ᠵᠢᠳᠭᠦᠯ ᠭᠠᠷᠭᠠᠵᠤ ᠪᠣᠯᠬᠤ ᠶᠤᠮ᠃ ᠮᠠᠷᠺᠰ ᠤᠨ ᠦᠵᠡᠯ ᠤᠨ ᠵᠣᠭᠰᠣᠯᠲᠠ᠂ | ᠦᠵᠡᠯᠳᠡ᠂ ᠠᠷᠭ᠎ᠠ ᠶᠢ ᠪᠠᠷᠢᠮᠲᠠᠯᠠᠵᠤ᠂ ᠤᠯᠤᠰ ᠤᠨ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠪᠣᠳᠠᠲᠤ ᠪᠠᠶᠢᠳᠠᠯ ᠢ | ᠭᠦᠢᠴᠡᠳ ᠲᠤᠰᠬᠠᠵᠤ᠂ ᠦᠵᠡᠭᠳᠡᠯ ᠠᠴᠠ ᠮᠥᠨ ᠴᠢᠨᠠᠷ ᠢ ᠰᠢᠨᠵᠢᠵᠦ᠂ ᠳᠡᠯᠡᠬᠡᠶ ᠶᠢᠨ ᠬᠠᠷᠠᠭᠠᠰᠤ ᠶᠢ ᠪᠣᠶ ᠪᠣᠯᠭᠠᠵᠤ᠂ | ᠣᠨᠣᠯ ᠪᠣᠯᠤᠨ ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠳᠡ ᠳᠤ ᠲᠡᠷᠢᠭᠦᠨ ᠤ ᠴᠢᠨᠠᠷ ᠪᠣᠯᠤᠨ ᠰᠢᠨᠵᠢᠯᠡᠬᠦ | ᠤᠬᠠᠭᠠᠨᠴᠢ ᠴᠢᠨᠠᠷ ᠢ ᠬᠦᠢᠴᠡᠳ ᠢᠯᠡᠷᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ᠂ ᠯᠢᠦ ᠡᡁᠧ᠂ ᠬᠤᠸᠠᠩ ᠺᠦᠨ ᠮᠢᠩ᠂ ᠰᠢᠶᠤᠤ ᠵᠢᠶᠧ᠂ ᠾᠧ ᠯᠢ ᠹᠧᠩ | ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠲᠥᠯᠥᠭᠡᠯᠡᠭᠴᠢᠳ ᠶᠠᠷᠢᠯᠴᠠᠬᠤ ᠬᠤᠷᠠᠯ ᠳᠤ | ᠣᠷᠣᠯᠴᠠᠪᠠ᠃ | |