︵2020 ᠣᠨ ᠤ 8 ᠰᠠᠷ᠎ᠠ ᠶᠢᠨ 24 ᠤ ᠡᠳᠦᠷ︶ | ᠰᠢ ᠶᠢᠨ ᠫᠢᠩ | ᠦᠨᠦᠳᠦᠷ᠂ ᠪᠢᠳᠡ ᠠᠵᠤ ᠠᠬᠤᠶ ᠨᠡᠶᠢᠭᠡᠮ ᠤᠨ ᠬᠦᠷᠢᠶᠡᠨ ᠤ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ | ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ | ᠲᠤᠬᠠᠢ ᠣᠯᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠥᠨᠥᠳᠦᠷ ᠤᠨ ᠶᠠᠷᠢᠯᠴᠠᠬᠤ ᠬᠤᠷᠠᠯ ᠳᠤ | ᠤᠷᠤᠯᠴᠠᠭᠰᠠᠳ ᠲᠤ ᠠᠵᠤ ᠠᠬᠤᠢ ᠶᠢᠨ ᠤᠬᠠᠭᠠᠨᠲᠠᠨ ᠪᠠᠶᠢᠬᠤ ᠪᠥᠭᠡᠳ ᠨᠡᠶᠢᠭᠡᠮ ᠤᠨ ᠤᠬᠠᠭᠠᠨᠲᠠᠨ ᠴᠤ ᠪᠠᠶᠢᠨ᠎ᠠ᠃ | ᠰᠠᠶ᠋ᠢ ᠲᠤᠰᠬᠠᠶ ᠮᠡᠷᠭᠡᠵᠢᠯᠲᠡᠨ ᠡᠷᠳᠡᠮᠲᠡᠳ ᠮᠠᠰᠢ ᠰᠠᠶᠢᠨ ᠶᠠᠷᠢᠯ᠎ᠠ᠃ ᠣᠯᠠᠨ ᠢᠶᠠᠷ ᠢᠶᠠᠨ ᠥᠪᠡᠷ ᠥᠪᠡᠷ ᠤᠨ ᠲᠤᠰᠬᠠᠶ | ᠮᠡᠷᠭᠡᠵᠢᠯ ᠤᠨ ᠬᠦᠷᠢᠶᠡᠨ ᠠᠴᠠ ᠪᠠᠨ ᠡᠭᠦᠰᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ | ᠬᠥᠭᠵᠢᠯᠲᠡ ᠶᠢᠨ ᠣᠷᠴᠢᠨ ᠲᠣᠭᠤᠷᠢᠨ᠂ ᠰᠡᠳᠬᠢᠴᠡ᠂ ᠡᠭᠦᠷᠭᠡ᠂ ᠠᠷᠭ᠎ᠠ ᠪᠠᠷᠢᠯ ᠤᠨ ᠲᠤᠬᠠᠶ ᠮᠠᠰᠢ ᠦᠨ᠎ᠡ | ᠴᠡᠨ᠎ᠡ ᠲᠠᠢ ᠰᠠᠨᠠᠯ ᠰᠠᠨᠠᠭᠤᠯᠭ᠎ᠠ ᠳᠤᠷᠠᠳᠴᠠᠢ᠂ ᠰᠤᠨᠤᠰᠤᠭᠠᠳ ᠮᠠᠰᠢ ᠶᠡᠭᠡ ᠰᠡᠩᠬᠡᠷᠡᠭᠦᠯᠦᠯ ᠣᠯᠵᠠᠶ᠂ ᠬᠤᠷᠠᠯ ᠳᠤ | ᠣᠷᠣᠯᠴᠠᠭᠰᠠᠨ ᠪᠤᠰᠤᠳ ᠲᠤᠰᠬᠠᠶ ᠮᠡᠷᠭᠡᠵᠢᠯᠲᠡᠨ ᠪᠢᠴᠢᠭ ᠢᠶᠠᠷ ᠶᠠᠷᠢᠶ᠎ᠠ ᠲᠠᠯᠪᠢᠪᠠ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠰᠤᠳᠤᠯᠤᠨ ᠠᠰᠢᠬᠯᠠᠭᠠᠷᠠᠢ᠃ ᠳᠣᠤᠷ᠎ᠠ ᠪᠢ ᠳᠤᠮᠳᠠ ᠤᠷᠳᠤ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠥᠪ ᠲᠠᠨᠢᠵᠤ ᠡᠵᠡᠮᠰᠢᠬᠦ ᠲᠤᠬᠠᠶ ᠰᠠᠨᠠᠯ ᠢᠶᠠᠨ ᠶᠠᠷᠢᠶ᠎ᠠ | ᠃ | ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ | ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠨᠢᠭᠡ ᠵᠦᠢᠯ ᠤᠨ ᠴᠢᠬᠤᠯᠠ ᠠᠷᠭ᠎ᠠ | ᠮᠠᠶ᠋ᠢᠭ ᠮᠥᠨ᠃ 1953 ᠣᠨ ᠠᠴᠠ ᠡᠬᠢᠯᠡᠨ᠂ ᠮᠠᠨ ᠤ ᠤᠯᠤᠰ ᠨᠢᠭᠡᠨᠲᠡ 13 ᠲᠠᠪᠤᠨ ᠵᠢᠯ ᠤᠨ ᠲᠥᠯᠥᠪᠵᠢᠭᠦᠯᠭᠡ | ︵ᠲᠥᠯᠥᠪᠯᠡᠭᠡ︶ ᠶᠢ ᠨᠠᠶᠢᠷᠠᠭᠤᠯᠤᠨ ᠵᠤᠬᠢᠶᠠᠵᠦ ᠬᠡᠷᠡᠭᠵᠢᠭᠦᠯᠪᠡ᠂ ᠡᠭᠦᠨ ᠤ ᠳᠣᠲᠣᠷ᠎ᠠ ᠥᠭᠡᠷᠡᠴᠢᠯᠡᠯᠲᠡ ᠨᠡᠭᠡᠭᠡᠯᠳᠡ | ᠬᠢᠭᠰᠡᠨ ᠠᠴᠠ ᠨᠠᠭᠠᠰᠢ 8 ᠶᠢ ᠨᠠᠶᠢᠷᠠᠭᠤᠯᠤᠨ ᠵᠤᠬᠢᠶᠠᠵᠦ ᠬᠡᠷᠡᠭᠵᠢᠭᠦᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ᠂ | ᠤᠯᠤᠰ ᠤᠨ ᠶᠡᠷᠦᠩᠬᠡᠶ ᠬᠦᠴᠦᠨ ᠤ ᠳᠡᠭᠡᠭᠰᠢᠯᠡᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠬᠦᠴᠦᠲᠡᠶ | ᠠᠬᠢᠭᠤᠯᠵᠤ᠂ ᠳᠡᠯᠡᠬᠡᠶ ᠳᠤ ᠬᠤᠪᠣᠷ ᠲᠣᠬᠢᠶᠠᠯᠳᠤᠬᠤ ᠠᠵᠤ ᠠᠬᠤᠶ ᠶᠢᠨ ᠲᠦᠷᠭᠡᠨ ᠬᠦᠭᠵᠢᠯᠲᠡ ᠶᠢᠨ ᠭᠠᠶᠢᠬᠠᠮᠰᠢᠭ | ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠡᠭᠦᠳᠪᠡ᠃ ᠲᠤᠮᠳᠠ | ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠨᠢ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ | ᠵᠠᠬ᠎ᠠ ᠲᠡᠯᠬᠡᠬᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠬᠤ ᠮᠥᠷᠲᠡᠭᠡᠨ ᠪᠠᠰᠠ | ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠨ ᠪᠠᠳᠠᠷᠠᠭᠤᠯᠵᠤ ᠴᠢᠳᠠᠬᠤ ᠶᠤᠮ ᠬᠡᠳᠡᠭ ᠢ ᠦᠢᠯᠡᠳᠦᠯᠬᠡ | ᠬᠡᠷᠡᠴᠢᠯᠡᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ | ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠤᠷᠤᠬᠰᠢᠯᠠᠨ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠨ ᠤ ᠲᠠᠪᠤᠨ ᠵᠢᠯ ᠪᠤᠯᠤᠨ᠎ᠠ᠂ | ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠪᠣᠯᠤᠨ᠎ᠠ᠃ ᠠᠯᠢᠪᠠ ᠤᠴᠢᠷ ᠶᠠᠪᠤᠳᠠᠯ | ᠪᠡᠯᠡᠳᠬᠡᠯ ᠲᠠᠢ ᠪᠣᠯ ᠪᠦᠲᠦᠵᠦ᠂ ᠪᠡᠯᠡᠳᠭᠡᠯ ᠦᠭᠡᠢ ᠪᠤᠯ ᠪᠠᠯᠠᠷᠠᠨ᠎ᠠ᠃ ᠪᠢᠳᠡ ᠠᠯᠤᠰ ᠬᠡᠳᠦ ᠶᠢ ᠪᠣᠳᠣᠯᠬᠢᠯᠠᠨ᠂ ᠶᠡᠭᠡ | ᠬᠠᠨᠳᠤᠰᠢ ᠶᠢ ᠡᠵᠡᠮᠳᠡᠵᠦ᠂ ᠡᠭᠦᠳᠡ ᠪᠠᠨ ᠨᠡᠭᠡᠭᠡᠵᠦ ᠠᠷᠭ᠎ᠠ ᠪᠤᠳᠤᠯᠭ᠎ᠠ ᠠᠰᠠᠭᠤᠨ᠂ ᠤᠯᠠᠨ ᠤ ᠤᠶᠤᠨ ᠤᠬᠠᠭᠠᠨ ᠢ | ᠲᠥᠪᠯᠡᠷᠡᠭᠦᠯᠵᠥ᠂ ᠰᠢᠨ᠎ᠡ ᠪᠠᠶᠢᠳᠠᠯ ᠢ ᠰᠤᠳᠤᠯᠤᠨ᠂ ᠰᠢᠨ᠎ᠡ ᠲᠥᠯᠥᠪᠵᠢᠭᠦᠯᠭᠡ ᠭᠠᠷᠭᠠᠬᠤ ᠬᠡᠷᠡᠭᠳᠡᠢ᠃ | ᠨᠢᠭᠡᠳᠦᠭᠡᠷ ᠲᠤ᠂ ᠬᠤᠪᠢᠰᠤᠩᠭᠤᠶ ᠰᠡᠳᠬᠢᠬᠦᠶ ᠪᠠᠷ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠠᠵᠠ | ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ | ᠨᠠᠭᠠᠰᠢ᠂ ᠪᠢ ᠤᠳᠤ ᠶᠢᠨ ᠳᠡᠯᠡᠬᠡᠢ ᠶᠢᠷᠲᠢᠨᠴᠦ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ ᠪᠠᠶᠢᠨ᠎ᠠ ᠭᠡᠵᠦ ᠣᠯᠠᠨᠲᠠ ᠶᠠᠷᠢᠭᠰᠠᠨ ᠶᠤᠮ᠃ ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠪᠦᠬᠦ ᠳᠡᠯᠡᠬᠡᠶᠳᠤ ᠶᠡᠭᠡ ᠪᠠᠷ ᠳᠡᠯᠭᠡᠷᠡᠭᠰᠡᠨ ᠨᠢ ᠡᠨᠡ ᠬᠦ ᠬᠤᠪᠢᠰᠤᠯᠲᠠ ᠶᠢ ᠲᠦᠷᠭᠡᠳᠬᠡᠵᠦ᠂ | ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠲᠤᠯᠤᠭᠠᠢ ᠦᠨᠳᠡᠶᠢᠵᠦ᠂ ᠳᠡᠯᠡᠬᠡᠶ ᠶᠢᠨ ᠠᠵᠤ ᠠᠬᠤᠶ | ᠤᠷᠤᠭᠤᠳᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠠᠵᠤ ᠠᠬᠤᠶ ᠶᠢᠨ | ᠪᠤᠰᠤ ᠬᠦᠴᠦᠨ ᠵᠦᠢᠯ ᠠᠴᠠ ᠪᠣᠯᠵᠤ ᠳᠠᠭᠠᠷᠢᠯᠲᠠ ᠳᠤ ᠲᠤᠯᠭᠠᠷᠠᠵᠤ᠂ ᠣᠯᠠᠨ ᠤᠯᠤᠰ ᠤᠨ ᠠᠵᠤ ᠠᠬᠤᠶ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠢᠷᠭᠡᠨᠰᠢᠯ᠂ ᠠᠮᠤᠷ ᠲᠦᠪᠰᠢᠨ᠂ ᠤᠯᠤᠰ ᠲᠥᠷᠥ ᠵᠡᠷᠭᠡ | ᠪᠠᠶᠢᠷᠢᠰᠢᠯ ᠳᠤ ᠭᠦᠨᠵᠡᠭᠡᠶ ᠲᠣᠬᠢᠷᠠᠭᠤᠯᠤᠯᠳᠠ ᠬᠢᠵᠦ᠂ ᠳᠡᠯᠡᠬᠡᠶ ᠶᠢᠷᠲᠢᠨᠴᠦ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠃ ᠬᠤᠶᠢᠰᠢᠳᠠ ᠶᠢᠨ ᠨᠢᠭᠡ ᠬᠤᠭᠤᠴᠠᠭᠠᠨ ᠳᠤ ᠪᠢᠳᠡ ᠨᠡᠩ ᠬᠦᠴᠢᠷ ᠪᠡᠷᠬᠡᠰᠢᠶᠡᠯ ᠲᠠᠢ | ᠭᠠᠳᠠᠭᠠᠳᠤ ᠣᠷᠴᠢᠨ ᠨᠥᠬᠦᠴᠡᠯ ᠳᠤ ᠲᠤᠯᠭᠠᠷᠠᠨ᠎ᠠ᠂ ᠡᠷᠬᠡᠪᠰᠢ ᠠᠯᠢ ᠤᠯᠠᠨ ᠰᠢᠨ᠎ᠡ ᠠᠶᠤᠯ ᠲᠦᠭᠰᠢᠭᠦᠷᠢ | ᠥᠷᠢᠰᠥᠯᠳᠦᠭᠡᠨ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ ᠣᠷᠴᠢᠨ ᠴᠤ ᠭᠦᠨᠵᠡᠭᠡᠶ ᠬᠤᠪᠢᠷᠠᠯᠲᠠ ᠭᠠᠷᠴᠤ ᠪᠤᠢ᠃ | ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠨᠡᠶᠢᠭᠡᠮ ᠤᠨ ᠭᠤᠤᠯ | ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠪᠠ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠤᠯᠤᠨ | ᠬᠤᠪᠢᠷᠠᠵᠥ᠂ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ 1 | ᠲᠦᠮᠡᠨ ᠳ᠋ᠣᠯᠯᠠᠷ ᠲᠤ ᠬᠦᠷᠴᠦ᠂ ᠬᠤᠲᠠ ᠪᠠᠯᠭᠠᠰᠤᠵᠢᠯᠲᠠᠶᠢᠨ ᠨᠤᠷᠮ᠎ᠠ 60% ᠶᠢ ᠳᠠᠪᠠᠵᠤ᠂ ᠳᠤᠮᠳᠠ ᠵᠡᠷᠭᠡ ᠶᠢᠨ | ᠣᠷᠣᠯᠭ᠎ᠠ ᠲᠠᠢ ᠬᠦᠮᠦᠰ 4 ᠳ᠋ᠦᠩᠰᠢᠭᠤᠷ ᠢ ᠳᠠᠪᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠱᠠᠭᠠᠷᠳᠠᠯᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ | ᠢᠯᠡᠳᠲᠡ ᠪᠤᠯᠵᠦ᠂ ᠵᠠᠰᠠᠯᠲᠠ ᠶᠢᠨ ᠦᠷ᠎ᠡ ᠪᠦᠲᠦᠮᠵᠢ ᠳᠡᠭᠡᠭᠰᠢᠯᠡᠨ᠂ ᠠᠵᠤ ᠠᠬᠤᠶ ᠤᠷᠲᠤ ᠬᠤᠭᠤᠴᠠᠭ᠎ᠠ ᠪᠠᠷ | ᠰᠠᠶᠢᠵᠢᠷᠠᠵᠤ᠂ ᠪᠣᠳᠠᠰ ᠤᠨ ᠰᠠᠭᠤᠷᠢ ᠵᠤᠵᠠᠭᠠᠨ᠂ ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠵᠠᠬ᠎ᠠ | ᠳᠡᠯᠭᠡᠭᠦᠷ ᠤᠨ ᠣᠷᠣᠨ ᠵᠠᠶ ᠥᠷᠭᠡᠨ ᠠᠭᠤᠳᠠᠮ᠂ ᠬᠥᠭᠵᠢᠯᠲᠡ ᠶᠢᠨ ᠤᠶᠠᠨ ᠬᠠᠳᠠᠨ ᠴᠢᠨᠠᠷ ᠬᠦᠴᠦᠷᠬᠡᠭ ᠶᠡᠭᠡ᠂ | ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ ᠦᠷᠭᠦᠯᠵᠢᠯᠡᠨ ᠬᠥᠭᠵᠢᠭᠦᠯᠬᠦ ᠳᠤ ᠤᠯᠠᠨ ᠲᠠᠯ᠎ᠠ ᠶᠢᠨ ᠳᠠᠪᠠᠭᠤᠯᠢᠭ | ᠪᠠ ᠨᠥᠬᠦᠴᠡᠯ ᠲᠠᠢ ᠪᠤᠯᠵᠠᠢ᠃ ᠡᠬᠦᠨ ᠤ ᠵᠡᠷᠭᠡ ᠪᠠᠷ᠂ ᠮᠠᠨ ᠤ ᠤᠯᠤᠰ ᠤᠨ ᠬᠥᠭᠵᠢᠯᠲᠡ ᠲᠡᠩᠴᠡᠭᠦᠷᠢ ᠦᠭᠡᠶ | ᠭᠦᠢᠴᠡᠳ ᠦᠭᠡᠶ ᠪᠠᠶᠢᠬᠤ ᠠᠰᠠᠭᠤᠳᠠᠯ ᠮᠥᠨ ᠳᠣᠪᠤᠶᠢᠮ᠎ᠠ ᠪᠠᠶᠢᠭᠰᠠᠭᠠᠷ᠂ ᠰᠢᠨ᠎ᠡ ᠶᠢ ᠡᠭᠦᠳᠬᠦ ᠴᠢᠳᠠᠪᠤᠷᠢ ᠴᠢᠨᠠᠷ | ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠶᠢᠨ ᠰᠠᠭᠤᠷᠢ ᠪᠠᠲᠤ | ᠪᠢᠰᠢ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ | ᠵᠥᠷᠢᠶ᠎ᠡ ᠨᠡᠯᠢᠶᠡᠳ ᠶᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ ᠳᠤ ᠪᠠᠰᠠ | ᠪᠠᠭᠤᠷᠠᠢ ᠲᠠᠯ᠎ᠠ ᠪᠠᠶᠢᠬᠰᠠᠭᠠᠷ᠃ | ᠪᠠᠭᠴᠠᠯᠠᠭᠠᠳ ᠬᠡᠯᠡᠪᠡᠯ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠲᠣᠭᠤᠷᠢᠨ ᠤ ᠭᠦᠨᠵᠡᠭᠡᠶ ᠬᠤᠪᠢᠷᠠᠯᠲᠠ ᠨᠢ ᠠᠯᠢ ᠣᠯᠠᠨ ᠰᠢᠨ᠎ᠡ ᠲᠣᠬᠢᠶᠠᠯ ᠢ ᠤᠯᠭᠤᠬᠰᠠᠨ | ᠮᠥᠷᠲᠡᠭᠡᠨ ᠪᠠᠰᠠ ᠠᠯᠢ ᠣᠯᠠᠨ ᠰᠢᠨ᠎ᠡ ᠥᠷᠢᠰᠥᠯᠳᠦᠭᠡᠨ ᠳᠤ ᠲᠤᠯᠭᠠᠷᠠᠭᠤᠯᠵᠠᠢ᠂ ᠠᠶᠦᠯ ᠲᠦᠭᠰᠢᠬᠦᠷᠢ ᠠᠵᠠ | ᠲᠤᠬᠢᠶᠠᠯ ᠵᠡᠷᠭᠡ ᠪᠠᠷ ᠣᠷᠣᠰᠢᠵᠤ᠂ ᠠᠶᠤᠯ ᠲᠦᠭᠰᠢᠭᠦᠷᠢ ᠶᠢᠨ ᠳᠤᠮᠳᠠ ᠠᠵᠠ ᠲᠤᠬᠢᠶᠠᠯ ᠪᠤᠢ᠂ ᠠᠶᠤᠯ | ᠲᠦᠭᠰᠢᠭᠦᠷᠢ ᠶᠢ ᠠᠵᠠ ᠲᠤᠬᠢᠶᠠᠯ ᠪᠤᠯᠭᠠᠨ ᠬᠤᠪᠢᠷᠠᠭᠤᠯᠵᠤ ᠪᠣᠯᠤᠨ᠎ᠠ᠃ ᠪᠢᠳᠡ ᠤᠯᠤᠰ ᠤᠨ ᠳᠣᠲᠣᠭᠠᠳᠤ | ᠭᠠᠳᠠᠭᠠᠳᠤ ᠶᠢᠨ ᠶᠡᠭᠡ ᠬᠠᠨᠳᠤᠰᠢ ᠶᠢ ᠬᠤᠪᠢᠰᠤᠩᠭᠤᠶ ᠪᠠᠷ ᠲᠠᠨᠢᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ | ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠯᠡᠵᠦ᠂ ᠮᠠᠨ ᠤ ᠤᠯᠤᠰ ᠤᠨ ᠨᠡᠶᠢᠭᠡᠮ ᠤᠨ | ᠭᠤᠤᠯ ᠵᠥᠷᠢᠴᠡᠯ ᠤᠨ ᠬᠥᠭᠵᠢᠯᠲᠡ ᠬᠤᠪᠢᠷᠠᠯᠲᠠ ᠠᠴᠠ ᠪᠤᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ | ᠭᠦᠨᠵᠡᠭᠡᠶ ᠲᠠᠨᠢᠵᠤ᠂ ᠨᠠᠷᠢᠨ ᠪᠤᠳᠤᠯᠢᠶᠠᠨᠲᠠᠶ ᠣᠯᠠᠨ ᠤᠯᠤᠰ ᠤᠨ ᠣᠷᠴᠢᠨ ᠠᠴᠠ ᠪᠤᠯᠤᠭᠰᠠᠨ ᠰᠢᠨ᠎ᠡ ᠵᠥᠷᠢᠴᠡᠯ | ᠰᠢᠨ᠎ᠡ ᠥᠷᠢᠰᠥᠯᠳᠦᠭᠡᠨ ᠢ ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠵᠥ᠂ ᠬᠤᠪᠢᠰᠤᠯᠲᠠ ᠶᠢ ᠵᠦᠪ ᠢᠶᠠᠷ ᠲᠠᠨᠢᠵᠤ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ | ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠵᠣᠷᠢᠭᠲᠠᠶ ᠪᠠᠷ ᠰᠠᠯᠬᠢ ᠲᠠᠪᠠᠯᠭᠠᠨ ᠢ ᠰᠦᠷᠦᠨ ᠣᠩᠭᠤᠴᠠ ᠰᠡᠯᠢᠵᠦ᠂ | ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠠᠭᠠᠨ ᠴᠢᠳᠠᠮᠠᠭᠠᠶ ᠪᠠᠶᠢᠵᠤ᠂ ᠨᠠᠩ ᠴᠢᠨᠠᠷ | ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ | ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ᠬᠤᠶᠠᠳᠤᠭᠠᠷ ᠲᠤ᠂ ᠤᠯᠤᠰ ᠠᠷᠠᠳ ᠤᠨ ᠠᠵᠦ ᠠᠬᠤᠢ ᠶᠢᠨ ᠡᠷᠬᠢᠯᠲᠠ ᠶᠢ ᠰᠢᠯᠤᠭᠤᠳᠬᠠᠬᠤ ᠪᠠᠷ | ᠭᠤᠤᠯᠲᠠᠭᠤᠯᠤᠨ ᠰᠢᠨ᠎ᠠ ᠬᠦᠭᠵᠢᠯᠲᠠ ᠶᠢᠨ ᠪᠠᠶᠢᠷᠢᠰᠢᠯ ᠢ ᠪᠦᠷᠢᠯᠲᠦᠭᠦᠯᠬᠦ ᠬᠡᠷᠡᠭᠲᠡᠢ᠃ ᠡᠨᠡ ᠵᠢᠯ ᠠᠴᠠ ᠨᠠᠭᠠᠰᠢ᠂ ᠪᠢ | ᠤᠯᠤᠰ ᠤᠨ ᠲᠤᠲᠤᠭᠠᠲᠤᠶᠢᠨ ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ ᠤᠯᠤᠰ ᠤᠨ ᠲᠤᠲᠤᠭᠠᠲᠤ | ᠭᠠᠳᠠᠭᠠᠳᠦ ᠶᠢᠨ ᠬᠤᠤᠰ ᠤᠷᠴᠢᠯ ᠬᠠᠷᠢᠯᠴᠠᠠ ᠠᠬᠢᠭᠤᠯᠤᠭᠰᠠᠨ ᠰᠢᠨ᠎ᠠ ᠬᠦᠭᠵᠢᠯᠲᠠ ᠶᠢᠨ ᠪᠠᠶᠢᠷᠢᠰᠢᠯ ᠪᠦ᠋ᠷᠢᠯᠳᠦᠬᠦ ᠶᠢ | ᠠᠬᠢᠭᠤᠯᠬᠤ ᠬᠡᠷᠡᠭᠲᠡᠶ ᠭᠡᠵᠦ ᠣᠯᠠᠨᠲᠠ ᠶᠠᠷᠢᠭᠰᠠᠨ ᠶᠤᠮ᠃ ᠡᠨᠡ ᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠮᠠᠠ ᠤ | ᠤᠯᠤᠰ ᠤᠨ ᠬᠦᠭᠵᠢᠯᠲᠠ ᠶᠢᠨ ᠱᠠᠲᠤ ᠦᠶ᠎ᠠ᠂ ᠤᠷᠴᠢᠨ ᠲᠤᠭᠤᠷᠢᠨ᠂ ᠨᠦᠬᠦᠴᠡᠯ ᠤᠨ ᠬᠤᠪᠢᠷᠠᠯᠲᠠ ᠶᠢ | ᠦᠨᠲᠦᠰᠦᠯᠡᠵᠦ ᠲᠤᠷᠠᠲᠤᠭᠰᠠᠠ ᠶᠤᠮ᠂ ᠮᠠᠠ ᠤ ᠤᠯᠤᠰ ᠤᠨ ᠤᠯᠠᠠ ᠤᠯᠤᠰ ᠤᠨ ᠬᠠᠮᠲᠤᠷᠠᠯᠴᠠᠭ᠎ᠠ ᠪᠤᠯᠤᠨ | ᠦᠷᠢᠰᠦᠯᠲᠦᠭᠡᠡ ᠤ ᠰᠢᠨ᠎ᠠ ᠲᠠᠪᠠᠭᠤᠯᠢᠭ ᠢ ᠲᠠᠬᠢᠨ ᠪᠠᠶᠢᠭᠤᠯᠬᠤ ᠪᠠᠶᠢᠯᠲᠤᠬᠤ ᠪᠤᠲᠤᠯᠭ᠎ᠠ ᠶᠢᠨ ᠰᠤᠩᠭᠤᠯᠳᠠ ᠮᠦᠨ᠃ | ᠦᠷ᠎ᠡ ᠶᠢᠨ ᠵᠢᠯ ᠳᠤ᠂ ᠭᠠᠳᠠᠭᠠᠳᠤ ᠣᠷᠴᠢᠨ ᠪᠠ ᠮᠠᠨ ᠤ ᠤᠯᠤᠰ ᠤᠨ ᠬᠥᠭᠵᠢᠯᠲᠡ ᠶᠢᠨ ᠡᠯᠧᠮᠧᠨ᠋ᠲ ᠤᠨ | ᠲᠠᠪᠠᠭᠤᠯᠢᠭ ᠤᠨ ᠬᠤᠪᠢᠷᠠᠯᠲᠠ ᠶᠢ ᠳᠠᠭᠠᠯᠳᠤᠨ᠂ ᠵᠠᠬ᠎ᠠ ᠳᠡᠯᠭᠡᠭᠦᠷ ᠪᠠ ᠡᠬᠢ ᠪᠠᠶᠠᠯᠢᠭ ᠪᠦᠷ ᠭᠠᠳᠠᠨ᠎ᠠ ᠪᠠᠶᠢᠭ᠎ᠠ | ᠤᠯᠠᠨ ᠤᠯᠤᠰ ᠤᠨ ᠶᠡᠭᠡ ᠤᠷᠴᠢᠯ ᠤᠨ ᠬᠥᠳᠡᠯᠭᠡᠭᠦ ᠡᠨᠧᠷᠭᠢ ᠢᠯᠡᠳᠲᠡ ᠪᠠᠭᠤᠷᠠᠪᠠ᠂ ᠬᠠᠷᠢᠨ ᠮᠠᠨ ᠤ ᠤᠯᠤᠰ ᠤᠨ | ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠲᠠᠰᠤᠷᠠᠯᠳᠠ ᠦᠭᠡᠢ ᠪᠠᠳᠠᠷᠠᠵᠤ᠂ ᠤᠯᠤᠰ ᠤᠨ ᠳᠣᠲᠣᠭᠠᠳᠤ ᠶᠢᠨ | ᠶᠡᠭᠡ ᠣᠷᠴᠢᠯ ᠤᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠵᠤ᠂ ᠪᠤᠰᠤᠳᠴᠢ ᠲᠠᠯ᠎ᠠ ᠪᠠᠷ ᠨᠢᠭᠡ ᠨᠢ | ᠪᠠᠭᠤᠷᠠᠬᠤ ᠳᠤ ᠨᠦᠬᠦᠭᠡ ᠨᠢ ᠨᠡᠮᠡᠭᠳᠡᠭᠰᠡᠨ ᠪᠠᠶᠢᠳᠠᠯ ᠲᠠᠢ ᠪᠠᠶᠢᠨ᠎ᠠ᠃ ᠡᠨᠡ ᠬᠦ ᠪᠤᠰᠤᠳᠴᠢ ᠦᠵᠡᠭᠳᠡᠯ ᠤᠨ ᠲᠤᠬᠠᠶ | ᠤᠨᠤᠯ ᠤᠨ ᠡᠲᠡᠭᠡᠳ ᠤᠨ ᠬᠢᠨ ᠮᠠᠰᠢ ᠤᠯᠠᠨ ᠶᠠᠷᠢᠯᠴᠠᠭ᠎ᠠ ᠬᠢᠵᠡᠶ᠂ ᠰᠤᠳᠤᠯᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ ᠪᠣᠯᠬᠤ ᠪᠥᠭᠡᠳ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠳᠤᠷᠠᠳᠴᠤ ᠪᠣᠯᠤᠨ᠎ᠠ᠃ | 2008 ᠤᠨ ᠤ ᠲᠡᠯᠡᠭᠡᠢ ᠶᠢᠨ ᠮᠦᠡᠭᠭᠦᠨ ᠬᠦᠢᠯᠭᠡᠭᠡᠨ ᠤ ᠬᠢᠮᠤᠷᠠᠯ ᠠᠴᠠ ᠨᠠᠭᠠᠰᠢ᠂ ᠮᠠᠨ ᠤ ᠤᠯᠤᠰ ᠤᠨ | ᠠᠵᠤ ᠠᠬᠤᠢ ᠨᠢᠭᠡᠨᠳᠠ ᠤᠯᠤᠰ ᠤᠨ ᠲᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠬᠤ ᠲᠠᠶᠢᠰᠢ | ᠬᠤᠪᠢᠷᠠᠵᠤ᠂ ᠪᠠᠶᠢᠡᠭᠭᠤ ᠶᠢᠨ ᠲᠦᠷᠦᠯ ᠵᠦᠢᠯ ᠤᠨ ᠡᠶᠡᠷᠬᠦ ᠵᠦᠷᠢᠶ᠎ᠡ ᠪᠠ ᠤᠯᠤᠰ ᠤᠨ ᠲᠤᠳᠤᠭᠠᠳᠤ ᠶᠢᠨ | ᠦᠢᠯᠡᠳᠪᠤᠷᠢᠯᠡᠯ ᠤᠨ ᠶᠡᠷᠤᠩᠭᠡᠢ ᠦᠷᠳᠡᠭ ᠯᠦᠭᠡ ᠶᠢᠨ ᠬᠠᠷᠢᠴᠠᠯ 2007 ᠤᠨ ᠳᠤ 9.9% ᠪᠠᠶᠢᠬᠰᠠᠨ ᠠᠴᠠ ᠪᠠᠨ | ᠲᠤᠷᠤᠬᠰᠢᠯᠠᠭᠠᠳ ᠤᠳᠤ 1% ᠳᠤ ᠬᠦᠷᠬᠦ ᠦᠭᠡᠢ ᠪᠤᠯᠵᠤ᠂ ᠤᠯᠤᠰ ᠤᠨ ᠲᠤᠳᠤᠭᠠᠳᠤ ᠶᠢᠨ ᠭᠡᠷᠡᠭᠴᠡᠭᠡ ᠶᠢᠨ ᠠᠵᠤ | ᠠᠬᠤᠢ ᠶᠢᠨ ᠨᠡᠮᠡᠭᠳᠡᠯ ᠳᠠᠬᠢ ᠬᠤᠪᠢ ᠨᠡᠮᠡᠷᠢᠶᠢᠨ ᠨᠤᠷᠮ᠎ᠡ 7 ᠵᠢᠯ ᠳᠤ 100% ᠶᠢ ᠲᠠᠪᠠᠪᠠ᠃ ᠬᠤᠶᠢᠰᠢᠳᠠ ᠶᠢᠨ | ᠭᠡᠰᠡᠭ ᠬᠤᠭᠤᠴᠠᠭᠠᠨ ᠳᠤ᠂ ᠤᠯᠤᠰ ᠤᠨ ᠲᠤᠳᠤᠭᠠᠳᠤ ᠶᠢᠨ ᠵᠠᠬ᠎ᠠ ᠲᠡᠯᠭᠡᠬᠦᠷ ᠤᠨ ᠤᠯᠤᠰ ᠠᠷᠠᠳ ᠤᠨ ᠠᠵᠤ | ᠠᠬᠤᠢ ᠶᠢᠨ ᠤᠷᠴᠢᠯ ᠢ ᠭᠤᠤᠯᠯᠠᠨ ᠤᠳᠤᠷᠢᠳᠬᠤ ᠤᠨᠴᠠᠯᠢᠭ ᠨᠡᠩ ᠮᠡᠳᠡᠭᠳᠡᠮ᠎ᠡ ᠪᠤᠯᠵᠤ᠂ ᠠᠵᠤ ᠠᠬᠤᠢ ᠶᠢᠨ | ᠨᠡᠮᠡᠭᠳᠡᠯ ᠤᠨ ᠲᠤᠳᠤᠭᠠᠳᠤ ᠭᠡᠷᠡᠭᠴᠡᠭᠡ ᠶᠢᠨ ᠲᠠᠯᠳᠠ ᠬᠦᠴᠤᠨ ᠲᠠᠰᠤᠷᠠᠯᠳᠠ ᠦᠭᠡᠢ ᠪᠠᠳᠠᠷᠠᠬᠤ ᠪᠤᠯᠤᠨ᠎ᠡ᠃ ᠪᠢᠲᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠠᠶᠢᠯᠲᠤᠬᠤ ᠪᠤᠲᠤᠯᠭ᠎ᠠ ᠶᠢᠨ | ᠴᠢᠭᠯᠡᠯ ᠢ ᠪᠠᠷᠢᠮᠲᠠᠯᠠᠠ᠂ ᠲᠤᠲᠤᠭᠠᠲᠤ ᠭᠡᠷᠡᠭᠴᠡᠭᠡ ᠪᠠᠨ ᠦᠷᠭᠡᠳᠭᠡᠬᠦ ᠪᠠᠶᠢᠯᠲᠤᠬᠤ ᠪᠤᠲᠤᠯᠭ᠎ᠠ ᠶᠢᠨ ᠰᠠᠭᠤᠷᠢ ᠴᠡᠭ ᠢ | ᠴᠢᠩᠭ᠎ᠠ ᠡᠵᠡᠮᠳᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠬᠦᠢᠯᠭᠡᠭᠡ᠂ ᠭᠡᠷᠡᠭᠯᠡᠭᠡ ᠶᠢ ᠤᠯᠤᠰ ᠤᠨ | ᠲᠤᠲᠤᠭᠠᠲᠤ ᠶᠢᠨ ᠵᠠᠬ᠎ᠠ ᠲᠡᠯᠭᠡᠭᠦᠷ ᠲᠤ ᠨᠡᠩ ᠢᠯᠡᠭᠦᠦ ᠲᠦᠰᠢᠭᠯᠡᠬᠦ ᠪᠤᠯᠭᠠᠵᠦ᠂ ᠬᠠᠩᠭᠠᠯᠭ᠎ᠠ ᠶᠢᠨ ᠰᠢᠰᠲ᠋ᠧᠮ ᠤᠨ | ᠤᠯᠤᠰ ᠤᠨ ᠲᠤᠲᠤᠭᠠᠲᠤ ᠶᠢᠨ ᠬᠡᠷᠡᠭᠴᠡᠭᠡ ᠳᠤ ᠵᠤᠬᠢᠴᠠᠬᠤ ᠴᠢᠨᠠᠷ ᠢ ᠲᠡᠭᠡᠭᠰᠢᠯᠡᠭᠦᠯᠵᠦ᠂ ᠭᠡᠷᠡᠭᠴᠡᠭᠡ ᠪᠠᠷ | ᠬᠠᠩᠭᠠᠯᠭ᠎ᠠ ᠶᠢ ᠬᠦᠲᠦᠯᠦᠨ ᠳᠠᠭᠠᠭᠤᠯᠬᠤ᠂ ᠬᠠᠩᠭᠠᠯᠭ᠎ᠠ ᠪᠠᠷ ᠭᠡᠷᠡᠭᠴᠡᠭᠡ ᠶᠢ ᠡᠭᠦᠳᠬᠦ ᠨᠡᠩ ᠦᠨᠲᠦᠷ ᠲᠦᠪᠰᠢᠨ | ᠪᠦᠬᠦᠢ ᠬᠦᠲᠡᠯᠦᠩᠭᠦᠢ ᠲᠡᠩᠴᠡᠬᠦᠷᠢ ᠶᠢ ᠪᠦᠷᠢᠯᠲᠦᠭᠦᠯᠬᠦ ᠬᠡᠷᠡᠭᠲᠡᠢ᠃ | ᠶᠠᠷᠢᠶᠠᠨ ᠦᠭᠡᠢ᠂ ᠰᠢᠨ᠎ᠠ ᠬᠦᠭᠵᠢᠯᠲᠠ ᠶᠢᠨ ᠪᠠᠶᠢᠷᠢᠰᠢᠯ ᠨᠢ ᠤᠯᠤᠰ ᠤᠨ ᠲᠤᠲᠤᠭᠠᠲᠤ ᠶᠢᠨ ᠪᠢᠳᠡᠭᠦᠦ | ᠤᠷᠴᠢᠯ ᠤᠭᠳᠤ ᠪᠢᠰᠢ᠂ ᠬᠠᠷᠢᠨ ᠨᠡᠭᠡᠭᠡᠯᠲᠡ ᠲᠠᠢ ᠤᠯᠤᠰ ᠤᠨ ᠲᠤᠲᠤᠭᠠᠲᠤ ᠭᠠᠳᠠᠭᠠᠳᠤ ᠶᠢᠨ ᠬᠤᠤᠰ ᠤᠷᠴᠢᠯ | ᠪᠤᠯᠤᠨ᠎ᠠ᠃ ᠮᠠᠠ ᠤ ᠤᠯᠤᠰ ᠤᠨ ᠲᠡᠯᠡᠭᠡᠢ ᠶᠢᠨ ᠠᠵᠦ ᠠᠬᠤᠢ ᠳᠠᠬᠢ ᠪᠠᠶᠢᠷᠢ ᠰᠠᠭᠤᠷᠢ ᠦᠷᠬᠦᠯᠵᠢᠯᠡᠡ ᠲᠡᠭᠡᠭᠰᠢᠯᠡᠵᠦ᠂ | ᠲᠡᠯᠡᠭᠡᠢ ᠶᠢᠨ ᠠᠵᠦ ᠠᠬᠤᠢ ᠯᠤᠭ᠎ᠠ ᠶᠢᠨ ᠬᠤᠯᠪᠤᠭ᠎ᠠ ᠨᠡᠩ ᠨᠢᠭᠳᠠᠷᠠᠨ᠂ ᠪᠤᠰᠤᠳ ᠤᠯᠤᠰ ᠲᠤ ᠬᠠᠩᠭᠠᠬᠤ ᠵᠠᠬ᠎ᠠ | ᠲᠡᠯᠭᠡᠭᠦᠷ ᠤᠨ ᠠᠵᠠ ᠲᠤᠬᠢᠶᠠᠯ ᠨᠡᠩ ᠦᠷᠭᠡᠵᠢᠵᠦ᠂ ᠤᠯᠠᠠ ᠤᠯᠤᠰ ᠤᠨ ᠲᠠᠸᠠᠷ ᠪᠤᠯᠤᠨ ᠴᠢᠬᠤᠯᠠ ᠡᠯᠧᠮᠧᠨ᠋ᠲ ᠤᠨ | ᠡᠬᠢ ᠪᠠᠶᠠᠯᠢᠭ ᠢ ᠤᠷᠤᠭᠤᠯᠵᠦ ᠠᠪᠴᠢᠷᠠᠬᠤ ᠯᠤᠲᠦ ᠶᠡᠭᠡ ᠳᠠᠳᠠᠬᠤ ᠬᠦᠴᠦᠨ ᠲᠠᠢ ᠤᠷᠤᠨ ᠪᠤᠯᠬᠤ ᠪᠤᠯᠤᠨ᠎ᠠ᠃ | ᠭᠤᠷᠪᠠᠳᠤᠭᠠᠷ ᠲᠤ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠪᠠᠷ ᠰᠢᠨ᠎ᠠ | ᠬᠦᠭᠵᠢᠯᠲᠠ ᠶᠢᠨ ᠬᠦᠲᠡᠯᠭᠡᠬᠦ ᠡᠨᠧᠷᠬᠢ ᠶᠢ ᠪᠤᠢ ᠪᠤᠯᠭᠠᠬᠤ ᠭᠡᠷᠡᠭᠲᠡᠢ᠃ ᠴᠢᠨᠠᠷ ᠰᠠᠶᠢᠲᠠᠢ ᠬᠦᠭᠵᠢᠯᠲᠠ ᠶᠢ | ᠪᠡᠶᠡᠯᠡᠬᠦᠯᠬᠦ ᠳᠤ᠂ ᠡᠷᠭᠡᠪᠰᠢ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠭᠰᠠᠨ ᠠᠭᠤᠯᠤᠭᠲᠠᠬᠤᠨ ᠤ ᠬᠡᠯᠪᠡᠷᠢ ᠶᠢᠨ | ᠨᠡᠮᠡᠭᠲᠡᠯ ᠳᠤ ᠲᠦᠰᠢᠭᠯᠡᠬᠦ ᠶᠢ ᠪᠡᠶᠡᠯᠡᠭᠦᠯᠬᠦ ᠭᠡᠷᠡᠭᠲᠡᠢ᠃ ᠪᠢᠳᠠ ᠨᠡᠩ ᠴᠦ ᠪᠡᠶ᠎ᠠ ᠪᠠᠨ ᠲᠠᠭᠠᠭᠠᠵᠤ ᠰᠢᠨ᠎ᠠ ᠶᠢ ᠡᠭᠦᠳᠬᠦ | ᠴᠢᠲᠠᠪᠤᠷᠢ ᠪᠠᠨ ᠶᠡᠭᠡ ᠪᠠᠷ ᠲᠡᠭᠡᠭᠰᠢᠯᠡᠭᠦᠯᠦᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠲᠠᠯ᠎ᠠ ᠪᠠᠷ ᠳᠠᠷᠤᠢ | ᠲᠦᠷᠭᠡᠨ ᠰᠢᠪᠲᠤᠯᠤᠯᠳᠠ ᠭᠠᠷᠭᠠᠬᠤ ᠭᠡᠷᠡᠭᠲᠡᠢ᠃ ᠡᠨᠡ ᠪᠤᠯ ᠮᠠᠨ ᠤ ᠤᠯᠤᠰ ᠤᠨ ᠬᠦᠭᠵᠢᠯᠳᠠ ᠶᠢᠨ ᠪᠦᠬᠦ | ᠲᠠᠯ᠎ᠡ ᠯᠤᠭ᠎ᠠ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠪᠤᠯᠬᠤ ᠪᠦᠭᠡᠳ ᠪᠠᠰᠠ ᠴᠤ ᠤᠯᠤᠰ ᠤᠨ | ᠲᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠬᠤ ᠶᠢ ᠪᠦᠷᠢᠯᠳᠦᠬᠦᠯᠬᠦ ᠶᠢᠨ ᠵᠠᠩᠭᠢᠯᠠᠭ᠎ᠠ ᠪᠤᠯᠤᠨ᠎ᠡ᠃ | ᠪᠢᠳᠠ ᠮᠠᠠ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠤ ᠪᠠᠨ ᠲᠦᠪᠯᠡᠷᠡᠭᠦᠯᠵᠦ ᠶᠡᠭᠡ | ᠶᠠᠪᠤᠳᠠᠯ ᠢ ᠪᠦᠲᠦᠭᠡᠬᠦ ᠢᠯᠡᠳᠳᠡ ᠲᠠᠪᠠᠭᠤᠯᠢᠭ ᠢ ᠬᠦᠢᠴᠡᠳ ᠪᠠᠲᠠᠷᠠᠭᠤᠯᠤᠨ᠂ ᠵᠠᠩᠭᠢᠯᠠᠭ᠎ᠠ ᠶᠢᠨ ᠭᠤᠤᠯᠯᠠᠬᠤ | ᠮᠡᠷᠭᠡᠵᠢᠯ ᠤᠨ ᠪᠤᠭᠤᠮᠳᠠ ᠰᠢᠪᠲᠤᠯᠬᠤ ᠲᠠᠶᠢᠯᠠᠯᠲᠤᠭᠠᠠ ᠢ ᠰᠠᠶᠢᠲᠤᠷ ᠬᠢᠬᠦ ᠭᠡᠷᠡᠭᠲᠡᠢ᠃ ᠮᠠᠨ ᠤᠯᠤᠰ ᠤᠨ ᠭᠡᠳᠤ ᠶᠡᠭᠡ | ᠬᠡᠪᠴᠢᠶᠠᠨ ᠤ ᠵᠠᠬ᠎ᠠ ᠲᠡᠯᠭᠡᠬᠦᠷ ᠪᠤᠯᠤᠨ ᠪᠦᠷᠢᠨ ᠬᠦᠢᠴᠡᠳ ᠠᠵᠤ ᠦᠢᠯᠡᠰ ᠤᠨ ᠰᠢᠰᠲ᠋ᠧᠮ ᠳᠤ ᠰᠠᠭᠤᠷᠢᠯᠠᠨ᠂ | ᠰᠢᠨ᠎ᠡ ᠮᠡᠷᠭᠡᠵᠢᠯ ᠤᠨ ᠦᠳᠳᠡᠷ ᠲᠦᠷᠭᠡᠨ ᠢᠶᠠᠷ ᠶᠡᠭᠡ ᠬᠡᠪᠴᠢᠶ᠎ᠠ ᠪᠠᠷ ᠭᠡᠷᠡᠭᠯᠡᠭᠳᠡᠬᠦ ᠪᠠ ᠲᠡᠰ ᠲᠡᠪᠰᠢᠬᠦ ᠳᠤ | ᠠᠰᠢᠬᠳᠠᠢ ᠦᠪᠡᠷᠮᠢᠴᠠ ᠲᠠᠪᠠᠭᠤᠯᠢᠭ ᠢ ᠡᠬᠦᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠳᠦᠭᠡᠯ ᠢ ᠪᠤᠳᠠᠳᠤ ᠦᠢᠯᠡᠳᠪᠤᠷᠢᠯᠡᠯ ᠤᠨ ᠬᠦᠴᠤᠨ ᠪᠤᠯᠭᠠᠵᠤ ᠤᠨᠳᠤᠤᠰᠢᠭᠤᠯᠬᠤ ᠶᠢ ᠲᠦᠷᠭᠡᠳᠭᠡᠨ᠂ ᠠᠵᠤ | ᠦᠢᠯᠡᠰ ᠤᠨ ᠬᠡᠯᠬᠢᠶ᠎ᠡ ᠶᠢᠨ ᠲᠦᠪᠰᠢᠨ ᠢ ᠲᠡᠭᠡᠭᠰᠢᠯᠡᠬᠦᠯᠵᠤ᠂ ᠠᠵᠤ ᠦᠢᠯᠡᠰ ᠤᠨ ᠬᠡᠯᠬᠢᠶ᠎ᠡ ᠶᠢᠨ ᠠᠮᠤᠷ ᠲᠦᠪᠰᠢᠨ ᠢ | ᠬᠠᠮᠠᠭᠠᠯᠠᠬᠤ ᠭᠡᠷᠡᠭᠳᠠᠢ᠃ ᠠᠵᠦ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠬᠦ ᠵᠠᠪᠤᠴᠠ ᠳᠠᠬᠢ ᠭᠤᠤᠯ | ᠴᠤᠭᠴᠠ ᠶᠢᠨ ᠦᠢᠯᠡᠲᠦᠯ ᠢ ᠪᠠᠲᠠᠷᠠᠭᠤᠯᠤᠠ᠂ ᠠᠵᠦ ᠠᠬᠤᠢᠢᠯᠠᠯ ᠢ ᠰᠢᠨ᠎ᠠ ᠶᠢ ᠡᠭᠦᠳᠬᠦ ᠴᠢᠬᠤᠯᠠ ᠡᠯᠧᠮᠧᠨ᠋ᠲ ᠢ | ᠬᠤᠷᠠᠮᠳᠤᠭᠤᠯᠬᠤ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠦᠷ᠎ᠠ ᠪᠦᠲᠦᠭᠡᠯ ᠢ ᠤᠨᠳᠤᠤᠰᠢᠭᠤᠯᠬᠤ ᠪᠡᠯᠡᠳᠭᠡᠯ | ᠬᠦᠴᠤᠨ ᠪᠤᠯᠭᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠦᠮᠦᠵᠢᠯ᠂ ᠠᠵᠤ ᠦᠢᠯᠡᠰ᠂ ᠮᠦᠡᠭᠭᠦᠨ | ᠬᠦᠢᠯᠭᠡᠭᠡ ᠨᠢᠬᠳᠠ ᠠᠭᠤᠰᠤᠯᠴᠠᠬᠤ ᠰᠢᠨ᠎ᠡ ᠶᠢ ᠡᠬᠦᠳᠬᠦ ᠰᠢᠰᠲ᠋ᠧᠮ ᠢ ᠴᠤᠬᠴᠠᠯᠠᠬᠤ ᠭᠡᠷᠡᠭᠳᠠᠢ᠃ ᠰᠠᠭᠤᠷᠢ | ᠰᠤᠳᠤᠯᠭᠠᠨ ᠪᠤᠯ ᠰᠢᠨ᠎ᠡ ᠶᠢ ᠡᠬᠦᠳᠬᠦ ᠶᠢᠨ ᠡᠬᠢ ᠰᠤᠷᠪᠤᠯᠵᠢ ᠮᠦᠨ᠂ ᠪᠢᠳᠠ ᠤᠷᠤᠭᠤᠯᠤᠯᠳᠠ ᠪᠠᠨ ᠨᠡᠮᠡᠭᠳᠡᠬᠦᠯᠵᠤ᠂ | ᠤᠷᠳᠤ ᠬᠤᠭᠤᠴᠠᠭ᠎ᠠ ᠪᠠᠷᠢᠮᠳᠠᠯᠠᠬᠤ ᠪᠠ ᠵᠤᠷᠢᠬᠳᠠᠢ ᠪᠠᠷ ᠬᠠᠶᠢᠨ ᠰᠦᠪᠡᠭᠴᠢᠯᠡᠬᠦ ᠶᠢ ᠵᠤᠷᠢᠬᠵᠢᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠤᠷᠭᠡᠭ ᠤᠯᠤᠰ ᠢ ᠪᠦᠳᠦᠭᠡᠨ ᠪᠠᠶᠢᠭᠤᠯᠬᠤ ᠳᠤ ᠰᠠᠭᠤᠷᠢ ᠶᠢ ᠪᠠᠬᠢᠵᠢᠬᠦᠯᠬᠦ | ᠭᠡᠷᠡᠭᠳᠠᠢ᠃ ᠤᠯᠠᠠ ᠤᠯᠤᠰ ᠤᠨ ᠲᠡᠷᠢᠭᠦᠨ ᠤ ᠴᠢᠲᠠᠪᠤᠷᠢᠲᠠᠠ ᠪᠤᠯᠤᠨ ᠰᠢᠨᠵᠢᠯᠡᠬᠦ ᠤᠬᠠᠭᠠᠠ ᠤ ᠰᠤᠲᠤᠯᠭᠠᠠ ᠤ | ᠪᠦᠯᠬᠦᠮ ᠢ ᠶᠡᠭᠡ ᠪᠠᠷ ᠬᠦᠮᠦᠵᠢᠭᠦᠯᠬᠦ ᠪᠠ ᠤᠷᠤᠭᠤᠯᠤᠨ ᠠᠪᠴᠢᠷᠠᠵᠦ᠂ ᠰᠢᠨᠵᠢᠯᠡᠬᠦ ᠤᠬᠠᠭᠠᠠ ᠤ ᠰᠤᠲᠤᠯᠭᠠᠠ ᠤ | ᠪᠠᠶᠢᠭᠤᠯᠭ᠎ᠠ ᠨᠢᠭᠡᠴᠢ ᠶᠢᠨ ᠦᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠦ᠂ ᠰᠢᠨᠵᠢᠯᠡᠬᠦ ᠤᠠᠬᠭᠠᠠ ᠤ | ᠰᠤᠲᠤᠯᠭᠠᠨ ᠤ ᠠᠵᠢᠯᠳᠠᠨ ᠤ ᠢᠲᠡᠪᠬᠢᠵᠢᠯ ᠢ ᠬᠠᠮᠤᠭ ᠤᠨ ᠶᠡᠭᠡ ᠬᠡᠮᠵᠢᠶ᠎ᠠ ᠪᠠᠷ ᠲᠠᠶᠢᠴᠢᠯᠠᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠭᠠᠷᠭᠠᠯᠳᠠ ᠶᠢᠨ ᠠᠰᠢᠬᠯᠠᠮᠵᠢ ᠶᠢ ᠲᠡᠭᠡᠭᠰᠢᠯᠡᠬᠦᠯᠬᠦ ᠭᠡᠷᠡᠭᠳᠠᠢ᠃ ᠨᠡᠭᠡᠭᠡᠯᠲᠡ ᠬᠢᠵᠦ ᠰᠢᠨ᠎ᠠ ᠶᠢ | ᠡᠭᠦᠳᠬᠦ ᠶᠢ ᠪᠠᠷᠢᠮᠲᠠᠯᠠᠵᠦ᠂ ᠤᠯᠠᠠ ᠤᠯᠤᠰ ᠤᠨ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠤᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠲᠡᠢ᠃ | ᠲᠦᠷᠪᠡᠳᠤᠭᠡᠷ ᠲᠤ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠᠷ ᠰᠢᠨ᠎ᠠ ᠬᠦᠭᠵᠢᠯᠲᠠ ᠶᠢᠨ ᠠᠮᠢᠵᠢᠷᠠᠯ ᠤᠨ | ᠬᠦᠴᠤᠨ ᠢ ᠬᠦᠭᠵᠢᠭᠡᠬᠦ ᠭᠡᠷᠡᠭᠲᠡᠢ᠃ ᠦᠬᠡᠷᠡᠴᠢᠯᠡᠯᠳᠡ ᠪᠤᠯ ᠨᠡᠶᠢᠬᠡᠮ ᠤᠨ ᠦᠢᠯᠡᠳᠪᠤᠷᠢᠯᠡᠯ ᠤᠨ ᠬᠦᠴᠦᠨ ᠢ | ᠴᠢᠯᠥᠬᠡᠯᠡᠵᠦ ᠬᠦᠭᠵᠢᠬᠦᠯᠬᠦ ᠶᠢᠨ ᠵᠠᠩᠬᠢᠯᠠᠭ᠎ᠠ ᠪᠤᠯᠤᠨ᠎ᠠ᠂ ᠤᠯᠤᠰ ᠤᠨ ᠬᠦᠭᠵᠢᠯᠳᠡ ᠶᠢ ᠠᠬᠢᠭᠤᠯᠬᠤ ᠦᠨᠳᠦᠰᠦᠨ | ᠬᠦᠳᠡᠯᠬᠡᠬᠦ ᠬᠦᠴᠦᠨ ᠪᠤᠯᠤᠨ᠎ᠠ᠃ ᠮᠠᠨ ᠤ ᠤᠯᠤᠰ ᠤᠨ ᠦᠬᠡᠷᠡᠴᠢᠯᠡᠯᠳᠡ ᠨᠢᠬᠡᠨᠳᠠ 40 ᠭᠠᠷᠤᠢ ᠵᠢᠯ ᠶᠠᠪᠤᠭᠳᠠᠵᠥ᠂ | ᠲᠡᠯᠡᠬᠡᠢ ᠨᠡᠶᠢᠳᠡ ᠳᠤ ᠮᠡᠳᠡᠷᠡᠭᠳᠡᠭᠰᠡᠡ ᠠᠭᠤᠤ ᠶᠡᠭᠡ ᠠᠮᠵᠢᠯᠳᠠ ᠶᠢ ᠤᠯᠪᠠ᠃ ᠨᠡᠶᠢᠬᠡᠮ ᠪᠤᠯ ᠲᠠᠰᠤᠷᠠᠯᠳᠡ ᠦᠭᠡᠢ | ᠬᠦᠭᠵᠢᠵᠥ ᠪᠠᠶᠢᠭ᠎ᠠ ᠶᠤᠮ᠂ ᠨᠡᠶᠢᠬᠡᠮ ᠤᠨ ᠬᠠᠷᠢᠴᠠᠭ᠎ᠠ ᠪᠤᠯᠤᠨ ᠨᠡᠶᠢᠬᠡᠮ ᠤᠨ ᠠᠵᠢᠯᠯᠠᠭ᠎ᠠ ᠶᠢ ᠲᠤᠬᠢᠷᠠᠭᠤᠯᠵᠥ ᠪᠠᠶᠢᠭ᠎ᠠ | ᠪᠠᠶᠢᠭᠤᠯᠤᠮᠵᠢ ᠲᠤᠭᠳᠠᠴᠠ ᠴᠦ ᠡᠭᠦᠨ ᠢ ᠲᠠᠭᠠᠯᠳᠤᠨ ᠲᠠᠰᠤᠷᠠᠯᠳᠡ ᠦᠭᠡᠢ ᠲᠡᠬᠦᠯᠳᠡᠷᠵᠢᠮᠡᠨᠵᠢᠨ ᠰᠠᠶ᠋ᠢ ᠨᠡᠶᠢᠬᠡᠮ ᠤᠨ | ᠦᠢᠯᠡᠳᠪᠤᠷᠢᠯᠡᠯ ᠤᠨ ᠬᠦᠴᠦᠨ ᠢ ᠴᠢᠯᠥᠬᠡᠯᠡᠵᠦ ᠬᠦᠭᠵᠢᠬᠦᠯᠬᠦ ᠱᠠᠭᠠᠷᠳᠠᠯᠭ᠎ᠠ ᠲᠠᠢ ᠲᠠᠰᠤᠷᠠᠯᠳᠡ ᠦᠬᠡᠢ ᠵᠤᠬᠢᠴᠠᠵᠥ | ᠴᠢᠳᠠᠨ᠎ᠠ᠃ | ᠮᠠᠠ ᠤ ᠤᠯᠤᠰ ᠰᠢᠨ᠎ᠠ ᠬᠦᠭᠵᠢᠯᠲᠠ ᠶᠢᠨ ᠱᠠᠲᠤᠨ ᠳᠤ ᠤᠷᠤᠬᠤ ᠶᠢᠨ ᠤᠯᠠᠮ ᠢᠶᠠᠷ᠂ ᠦᠭᠡᠷᠡᠴᠢᠯᠡᠯᠲᠡ ᠳᠤ | ᠪᠠᠰᠠ ᠰᠢᠨ᠎ᠠ ᠡᠬᠦᠷᠭᠡ ᠲᠤᠯᠭᠠᠷᠠᠨ᠎ᠠ᠂ ᠡᠷᠭᠡᠪᠰᠢ ᠨᠡᠩ ᠶᠡᠭᠡ ᠡᠷᠴᠢ ᠵᠤᠷᠢᠭ᠂ ᠨᠡᠩ ᠤᠯᠠᠠ ᠠᠷᠭ᠎ᠠ ᠬᠡᠮᠵᠢᠶ᠎ᠠ ᠠᠪᠴᠤ | ᠪᠠᠶᠢᠭᠠᠳ ᠬᠦᠨ ᠲᠠᠪᠬᠤᠷᠭ᠎ᠠ ᠶᠢᠨ ᠪᠠᠶᠢᠭᠤᠯᠤᠮᠵᠢ ᠲᠤᠭᠲᠠᠴᠠ ᠶᠢᠨ ᠬᠠᠷᠰᠢ ᠰᠠᠭᠠᠳ ᠢ ᠠᠷᠢᠯᠭᠠᠵᠦ᠂ ᠲᠤᠮᠲᠠᠲᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠠ ᠲᠡᠭᠦᠯᠲᠡᠷᠵᠢᠭᠦᠯᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ ᠭᠡᠷᠡᠭᠲᠡᠢ᠃ | ᠪᠢᠳᠡ ᠲᠦᠪ ᠶᠤᠰᠤ ᠶᠢ ᠪᠠᠷᠢᠮᠳᠠᠯᠠᠨ ᠰᠢᠨ᠎ᠠ ᠶᠢ ᠡᠭᠦᠳᠴᠤ᠂ ᠵᠠᠮ ᠨᠡᠭᠡᠭᠡᠡ ᠰᠢᠨ᠎ᠠ ᠶᠢ ᠡᠭᠦᠳᠴᠤ᠂ ᠦᠪᠡᠷ ᠤᠨ | ᠢᠷᠡᠭᠡᠲᠦᠢ ᠶᠢᠨ ᠬᠦᠭᠵᠢᠯᠲᠠ ᠶᠢᠨ ᠵᠠᠮ ᠢᠶᠠᠨ ᠵᠤᠷᠢᠭᠳᠠᠢ ᠪᠠᠷ ᠬᠠᠶᠢᠨ ᠰᠦᠪᠡᠭᠴᠢᠯᠡᠬᠦ ᠭᠡᠷᠡᠭᠲᠡᠢ᠃ ᠨᠡᠶᠢᠭᠡᠮ | ᠵᠢᠷᠤᠮ ᠤᠨ ᠦᠨᠲᠦᠰᠦᠨ ᠠᠵᠦ ᠠᠬᠤᠢ ᠶᠢᠨ ᠪᠠᠶᠢᠭᠤᠯᠤᠯ ᠢ ᠪᠠᠷᠢᠮᠲᠠᠯᠠᠠ ᠲᠡᠭᠦᠯᠲᠡᠷᠵᠢᠭᠦᠯᠵᠦ᠂ ᠵᠠᠬ᠎ᠠ ᠲᠡᠯᠭᠡᠭᠦᠷ ᠢ | ᠡᠬᠢ ᠪᠠᠶᠠᠯᠢᠭ ᠤᠨ ᠬᠤᠪᠢᠶᠠᠷᠢᠯᠠᠯᠲᠠ ᠲᠤᠮᠲᠠ ᠰᠢᠢᠳᠪᠦᠷᠢᠯᠡᠭᠴᠢ ᠴᠢᠨᠠᠷᠲᠠᠢ ᠦᠢᠯᠡᠲᠦᠯ ᠦᠵᠡᠭᠦᠯᠵᠦ᠂ ᠵᠠᠰᠠᠭ ᠤᠨ | ᠤᠷᠲᠤᠨ ᠤ ᠦᠢᠯᠡᠲᠦᠯ ᠢ ᠨᠡᠩ ᠰᠠᠶᠢᠳᠦᠷ ᠪᠠᠲᠠᠷᠠᠭᠤᠯᠤᠨ᠂ ᠤᠷᠲᠤ ᠬᠤᠭᠤᠴᠠᠭ᠎ᠠ ᠪᠠᠷ ᠲᠤᠭᠲᠠᠭᠤᠨ ᠲᠦᠰᠦᠭᠡᠯᠡᠵᠦ | ᠪᠤᠯᠬᠤᠢᠢᠴᠠ ᠪᠠᠶᠢᠭᠤᠯᠤᠯ ᠤᠨ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠲᠡᠢ᠃ ᠦᠮᠴᠢᠯᠡᠯ ᠤᠨ ᠡᠷᠭᠡ ᠪᠠ | ᠮᠡᠲᠡᠯᠭᠡ ᠶᠢᠨ ᠦᠮᠴᠢᠯᠡᠯ ᠤᠨ ᠡᠷᠭᠡ ᠶᠢ ᠬᠠᠮᠠᠭᠠᠯᠠᠬᠤ ᠶᠢ ᠴᠢᠩᠭᠠᠳᠬᠠᠵᠦ᠂ ᠦᠨᠲᠦᠷ ᠪᠠᠷᠢᠮᠵᠢᠶᠠᠳᠤ ᠵᠠᠬ᠎ᠠ | ᠲᠡᠯᠭᠡᠭᠦᠷ ᠤᠨ ᠰᠢᠰᠲ᠋ᠧᠮ ᠢ ᠪᠠᠶᠢᠭᠤᠯᠵᠦ᠂ ᠲᠦᠪ ᠭᠤᠤᠯᠴᠢ ᠦᠷᠢᠰᠦᠯᠲᠦᠭᠡᠡ ᠤ ᠲᠦᠷᠢᠮ ᠢ ᠲᠡᠭᠦᠯᠲᠡᠷᠵᠢᠭᠦᠯᠤᠨ᠂ | ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠬᠦᠭᠵᠢᠯᠲᠠ ᠶᠢᠨ ᠠᠮᠢᠵᠢᠷᠠᠯ ᠤᠨ ᠬᠦᠴᠤᠨ ᠢ ᠬᠦᠭᠵᠢᠭᠡᠵᠦ᠂ | ᠨᠡᠶᠢᠭᠡᠮ ᠤᠨ ᠦᠢᠯᠡᠳᠪᠦᠷᠢᠯᠡᠯ ᠤᠨ ᠬᠦᠴᠤᠨ ᠤ ᠬᠦᠭᠵᠢᠯᠲᠠ ᠳᠤ ᠠᠰᠢᠭᠲᠠᠢ ᠠᠯᠢᠪᠠ ᠬᠦᠴᠦᠨ ᠤ ᠡᠬᠢ ᠪᠤᠯᠠᠬ ᠢ | ᠬᠦᠢᠴᠡᠳ ᠤᠷᠬᠢᠯᠤᠭᠤᠯᠬᠤ ᠬᠡᠷᠡᠭᠳᠡᠢ᠃ | ᠲᠠᠪᠤᠳᠤᠭᠠᠷ ᠲᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠪᠠᠷ ᠤᠯᠠᠨ ᠤᠯᠤᠰ ᠤᠨ | ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃ ᠤᠳᠤᠬᠠᠨ ᠳᠤ᠂ | ᠳᠡᠯᠡᠭᠡᠢ ᠨᠡᠶᠢᠭᠡᠮ ᠢᠶᠠᠷ ᠢᠶᠠᠨ ᠠᠵᠤ ᠠᠬᠤᠢ ᠶᠢᠨ ᠳᠡᠯᠡᠭᠡᠶᠢᠵᠢᠯ ᠤᠨ ᠠᠯᠤᠰ ᠢᠷᠡᠭᠡᠳᠦᠢ ᠶᠢᠨ ᠲᠤᠬᠠᠢ ᠮᠠᠰᠢ ᠤᠯᠠᠨ | ᠰᠠᠨᠠᠭᠠᠰᠢᠷᠠᠯ ᠪᠠᠶᠢᠨ᠎ᠠ᠃ ᠪᠢᠳᠡᠨ ᠤ ᠦᠵᠡᠬᠦ ᠪᠠᠷ᠂ ᠤᠯᠠᠨ ᠤᠯᠤᠰ ᠤᠨ ᠠᠵᠤ ᠠᠬᠤᠶ ᠶᠢᠨ ᠬᠤᠯᠪᠤᠯᠳᠤᠯ | ᠨᠡᠪᠲᠡᠷᠡᠯᠴᠡᠭᠡ ᠪᠠ ᠶᠠᠪᠤᠯᠴᠠᠭ᠎ᠠ ᠮᠥᠨ ᠬᠦ ᠳᠡᠯᠡᠬᠡᠶ ᠶᠢᠨ ᠠᠵᠤ ᠠᠬᠤᠶ ᠶᠢᠨ ᠬᠥᠭᠵᠢᠯᠲᠡ ᠶᠢᠨ ᠪᠤᠰᠤᠳᠴᠢ | ᠱᠠᠭᠠᠷᠳᠠᠯᠭ᠎ᠠ ᠪᠤᠯᠵᠦ ᠪᠠᠶᠢᠨ᠎ᠠ᠃ ᠮᠠᠨ ᠤ ᠤᠯᠤᠰ ᠤᠨ ᠠᠵᠤ ᠠᠬᠤᠶ ᠶᠢᠨ ᠦᠷᠭᠦᠯᠵᠢᠯᠡᠨ ᠲᠦᠷᠭᠡᠨ ᠬᠥᠭᠵᠢᠬᠦ ᠶᠢᠨ | ᠨᠢᠭᠡ ᠴᠢᠬᠤᠯᠠ ᠬᠥᠳᠡᠯᠭᠡᠭᠴᠢ ᠬᠦᠴᠦᠨ ᠪᠣᠯ ᠭᠠᠳᠠᠭᠠᠳᠤ ᠨᠡᠭᠡᠭᠡᠯᠳᠡ ᠪᠣᠯᠤᠨ᠎ᠠ᠃ ᠭᠠᠳᠠᠭᠠᠳᠦ ᠨᠡᠭᠡᠭᠡᠯᠳᠡ ᠪᠣᠯ | ᠤᠯᠤᠰ ᠤᠨ ᠦᠨᠳᠦᠰᠦᠨ ᠪᠤᠳᠤᠯᠭ᠎ᠠ ᠮᠥᠨ᠂ ᠪᠢᠳᠠ ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ | ᠪᠠᠶᠢᠭᠤᠯᠤᠯ ᠢ ᠪᠠᠶᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ | ᠪᠦᠷᠢᠯᠳᠦᠭᠦᠯᠬᠦ ᠬᠡᠷᠡᠭᠲᠡᠶ᠃ ᠪᠦᠬᠦ ᠳᠡᠯᠡᠬᠡᠢ ᠶᠢᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠵᠤ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ | ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ | ᠤᠳᠤᠬᠠᠨ ᠳᠤ᠂ ᠭᠠᠳᠠᠭᠠᠳᠦ ᠨᠡᠭᠡᠭᠡᠯᠳᠠ ᠶᠢ ᠠᠬᠢᠭᠤᠯᠬᠤ ᠲᠠᠯ᠎ᠠ ᠪᠠᠷ ᠬᠤᠶᠠᠷ ᠵᠦᠢᠯ ᠢ ᠠᠩᠬᠠᠷᠬᠤ ᠭᠡᠷᠡᠭᠲᠡᠢ᠄ | ᠨᠢᠭᠡᠨᠢ ᠠᠮᠧᠷᠢᠺᠠ ᠶᠢᠨ ᠵᠸᠦ᠂ ᠤᠷᠤᠨ ᠨᠤᠳᠤᠭ ᠪᠠ ᠠᠵᠤ ᠠᠬᠤᠢᠢᠯᠠᠯ ᠢ ᠪᠠᠭᠳᠠᠭᠠᠭᠰᠠᠨ ᠪᠢᠳᠠᠨ ᠲᠠᠢ | ᠬᠠᠮᠳᠤᠷᠠᠯᠴᠠᠬᠤ ᠳᠤᠷᠠᠳᠠᠢ ᠤᠯᠤᠰ᠂ ᠭᠠᠵᠠᠷ ᠤᠷᠤᠨ ᠪᠠ ᠠᠵᠤ ᠠᠬᠤᠢᠢᠯᠠᠯ ᠲᠠᠢ ᠪᠢᠳᠠ ᠴᠦᠮ ᠢᠳᠡᠪᠬᠢᠳᠠᠢ ᠪᠠᠷ | ᠬᠠᠮᠳᠤᠷᠠᠯᠴᠠᠭ᠎ᠠ ᠦᠷᠨᠢᠬᠦᠯᠵᠦ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠤᠯᠠᠨ ᠡᠰᠢᠵᠢᠭᠰᠡᠨ | ᠨᠡᠭᠡᠭᠡᠯᠳᠠᠳᠦ ᠬᠠᠮᠳᠤᠷᠠᠯᠴᠠᠭ᠎ᠠ ᠶᠢᠨ ᠪᠠᠶᠢᠷᠢᠰᠢᠯᠢ ᠪᠦᠷᠢᠯᠳᠦᠬᠦᠯᠬᠦ ᠭᠡᠷᠡᠭᠲᠡᠢ᠃ ᠬᠤᠶᠠᠷ ᠨᠢ ᠨᠡᠭᠡᠭᠡᠯᠳᠠ ᠬᠢᠬᠦ | ᠳᠤᠮᠳᠠ ᠪᠠᠨ ᠠᠮᠤᠷ ᠲᠦᠪᠰᠢᠨ ᠢ ᠨᠡᠩ ᠢᠯᠡᠬᠦᠦ ᠴᠢᠬᠤᠯᠠᠴᠢᠯᠠᠵᠦ᠂ ᠬᠦᠭᠵᠢᠯᠳᠠ ᠪᠠ ᠠᠮᠤᠷ ᠲᠦᠪᠰᠢᠨ ᠢ ᠨᠡᠩ | ᠢᠯᠡᠬᠦᠦ ᠰᠠᠶᠢᠳᠤᠷ ᠲᠦᠯᠦᠪᠵᠢᠬᠦᠯᠦᠨ᠂ ᠲᠤᠰ ᠪᠡᠶ᠎ᠠ ᠶᠢᠨ ᠦᠷᠢᠰᠦᠯᠳᠦᠬᠦ ᠴᠢᠳᠠᠪᠤᠷᠢ᠂ ᠨᠡᠭᠡᠭᠡᠯᠳᠠ ᠶᠢ ᠬᠢᠨᠠᠵᠦ | ᠬᠠᠮᠢᠶᠠᠷᠬᠤ ᠴᠢᠳᠠᠪᠤᠷᠢ᠂ ᠠᠶᠦᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠬᠦᠴᠦᠯᠡᠨ ᠴᠢᠩᠭᠠᠳᠬᠠᠵᠦ᠂ | ᠡᠪᠳᠡᠷᠡᠰᠢ ᠦᠭᠡᠢ ᠪᠠᠳᠤ ᠪᠠᠬᠢᠯᠡᠯᠳᠡ ᠶᠢ ᠴᠤᠬᠴᠠᠯᠠᠬᠤ ᠭᠡᠷᠡᠭᠲᠡᠢ᠃ | ᠵᠢᠷᠭᠤᠳᠤᠭᠠᠷ ᠲᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠪᠠᠷ ᠨᠡᠶᠢᠭᠡᠮ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠥᠷᠭᠡᠳᠬᠡᠬᠦ ᠬᠡᠷᠡᠭᠲᠡᠢ᠃ ᠬᠦᠭᠵᠢᠭᠰᠡᠨ ᠤ ᠳᠠᠷᠠᠭᠠᠬᠢ ᠠᠰᠠᠭᠤᠳᠠᠯ ᠨᠢ | ᠬᠦᠭᠵᠢᠭᠡᠳᠦᠢ ᠦᠶ᠎ᠠ ᠶᠢᠨ ᠬᠢ ᠠᠴᠠ ᠳᠤᠳᠠᠭᠤ ᠦᠭᠡᠢ ᠪᠠᠶᠢᠳᠠᠭ ᠢ ᠪᠤᠳᠠᠳᠤ ᠶᠠᠪᠤᠳᠠᠯ ᠭᠡᠷᠡᠴᠢᠯᠡᠪᠡ᠃ ᠮᠠᠨ ᠤ | ᠤᠯᠤᠰ ᠤᠨ ᠨᠡᠶᠢᠭᠡᠮ ᠤᠨ ᠪᠦᠳᠦᠴᠡ ᠳᠤ ᠬᠦᠨᠵᠡᠭᠡᠢ ᠬᠤᠪᠢᠷᠠᠯᠳᠠ ᠭᠠᠷᠴᠦ᠂ ᠢᠨᠲ᠋ᠧᠷ ᠰᠦᠯᠵᠢᠶ᠎ᠠ ᠨᠢ ᠬᠦᠮᠦᠨ | ᠲᠦᠷᠦᠯᠬᠢᠳᠡᠨ ᠤ ᠬᠠᠷᠢᠯᠴᠠᠭ᠎ᠠ ᠶᠠᠪᠤᠯᠴᠠᠭᠠᠨ ᠤ ᠠᠷᠭ᠎ᠠ ᠭᠡᠯᠪᠡᠷᠢ ᠶᠢ ᠬᠦᠨᠵᠡᠭᠡᠢ ᠬᠤᠪᠢᠷᠠᠭᠤᠯᠵᠦ᠂ ᠨᠡᠶᠢᠭᠡᠮ ᠤᠨ | ᠦᠵᠡᠯᠳᠠ᠂ ᠨᠡᠶᠢᠭᠡᠮ ᠤᠨ ᠰᠡᠳᠬᠢᠴᠡ᠂ ᠨᠡᠶᠢᠭᠡᠮ ᠤᠨ ᠠᠵᠢᠯᠯᠠᠭ᠎ᠠ ᠳᠤ ᠬᠦᠨᠵᠡᠭᠡᠢ ᠬᠤᠪᠢᠷᠠᠯᠳᠠ ᠭᠠᠷᠪᠠ᠃ ︽ | ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠳᠤ ᠨᠡᠶᠢᠬᠡᠮ ᠤᠨ ᠪᠦᠳᠤᠴᠠ᠂ | ᠨᠡᠶᠢᠬᠡᠮ ᠤᠨ ᠬᠠᠷᠢᠴᠠᠭ᠎ᠠ᠂ ᠨᠡᠶᠢᠬᠡᠮ ᠤᠨ ᠠᠵᠢᠯᠯᠠᠭ᠎ᠠ ᠶᠢᠨ ᠬᠡᠯᠪᠡᠷᠢ᠂ ᠨᠡᠶᠢᠬᠡᠮ ᠤᠨ ᠰᠡᠳᠬᠢᠴᠠ ᠵᠡᠷᠬᠡ ᠶᠢᠨ | ᠬᠦᠨᠵᠡᠬᠡᠢ ᠬᠤᠪᠢᠷᠠᠯᠳᠠ ᠳᠤ ᠬᠡᠷᠬᠢᠨ ᠵᠤᠬᠢᠴᠠᠬᠤ᠂ ᠨᠡᠩ ᠬᠦᠢᠴᠡᠳ᠂ ᠨᠡᠩ ᠴᠢᠨᠠᠷ ᠰᠠᠶᠢᠳᠠᠢ ᠠᠵᠢᠯ ᠤᠯᠭᠤᠯᠳᠠ ᠶᠢ | ᠪᠡᠶᠡᠯᠡᠬᠦᠯᠬᠦ᠂ ᠪᠦᠬᠦᠨ ᠢ ᠬᠠᠮᠤᠷᠤᠬᠰᠠᠨ᠂ ᠦᠷᠬᠦᠯᠵᠢᠯᠡᠭᠰᠡᠨ ᠨᠡᠶᠢᠬᠡᠮ ᠤᠨ ᠪᠠᠳᠤᠯᠠᠪᠤᠷᠢ ᠶᠢᠨ ᠰᠢᠰᠲ᠋ᠧᠮ ᠢ | ᠲᠡᠬᠦᠯᠳᠡᠷᠵᠢᠬᠦᠯᠬᠦ᠂ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠪᠤᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮ ᠢ ᠴᠢᠩᠭᠠᠳᠬᠠᠬᠤ᠂ ᠨᠡᠶᠢᠬᠡᠮ ᠤᠨ ᠵᠠᠰᠠᠯᠳᠠ ᠶᠢ ᠴᠢᠩᠭᠠᠳᠬᠠᠬᠤ᠂ ᠨᠡᠶᠢᠬᠡᠮ ᠤᠨ ᠵᠦᠷᠢᠴᠡᠯ ᠢ | ᠰᠢᠢᠳᠪᠤᠷᠢᠯᠡᠬᠦ᠂ ᠨᠡᠶᠢᠬᠡᠮ ᠤᠨ ᠲᠤᠭᠳᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠴᠦᠮ ᠨᠠᠷᠢᠨ ᠰᠤᠳᠤᠯᠬᠤ ᠶᠢᠨ | ᠬᠠᠮᠳᠦ ᠠᠵᠢᠯ ᠤᠨ ᠪᠠᠶᠢᠷᠢᠯᠠᠭᠤᠯᠤᠯᠳᠠ ᠬᠢᠬᠦ ᠭᠡᠷᠡᠭᠳᠠᠢ᠃ | ᠤᠳᠤᠬᠢᠴᠢᠯᠠᠬᠰᠠᠨ ᠨᠡᠶᠢᠬᠡᠮ ᠨᠢ ᠠᠮᠢᠵᠢᠷᠠᠯ ᠤᠨ ᠬᠦᠴᠤᠨ ᠢᠶᠠᠷ ᠪᠢᠯᠬᠠᠮ᠎ᠠ ᠪᠠᠶᠢᠬᠤ ᠪᠠᠷ ᠪᠠᠷᠠᠬᠤ ᠦᠬᠡᠢ | ᠰᠠᠶᠢᠨ ᠰᠠᠶᠢᠬᠠᠨ ᠡᠮᠬᠢ ᠲᠢᠭᠯᠢᠮ ᠲᠠᠢ ᠪᠠᠶᠢᠬᠤ ᠭᠡᠷᠡᠭᠳᠠᠢ᠂ ᠠᠮᠢᠵᠢᠷᠠᠯ ᠤᠨ ᠬᠦᠴᠤᠨ ᠪᠤᠯᠤᠨ ᠡᠮᠬᠢ ᠲᠢᠭᠯᠢᠮ ᠢ | ᠤᠷᠭᠠᠨᠢᠬ ᠨᠢᠭᠡᠳᠦᠯ ᠲᠠᠢ ᠪᠠᠶᠢᠯᠭᠠᠬᠤ ᠭᠡᠷᠡᠭᠳᠠᠢ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ | ᠡᠳ᠋ᠯᠡᠬᠦ ᠪᠠᠷ ᠨᠡᠶᠢᠭᠡᠮ ᠤᠨ ᠵᠠᠰᠠᠯᠳᠠ ᠶᠢᠨ ᠲᠦᠷᠢᠮ ᠢ ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠵᠠᠰᠠᠯᠳᠠ ᠶᠢ | ᠨᠡᠶᠢᠬᠡᠮ ᠤᠨ ᠵᠤᠬᠢᠴᠠᠭᠤᠯᠭ᠎ᠠ᠂ ᠰᠠᠭᠤᠭᠠᠯᠢ ᠠᠷᠠᠳ ᠤᠨ ᠦᠪᠡᠷᠳᠡᠬᠡᠡ ᠵᠠᠰᠠᠬᠤ ᠯᠤᠭ᠎ᠠ ᠡᠷᠡᠬᠦᠯ ᠬᠤᠷᠰᠢᠯ ᠲᠠᠢ | ᠪᠤᠯᠭᠠᠨ᠂ ᠬᠦᠮᠤᠨ ᠪᠦᠬᠦᠨ ᠬᠠᠷᠢᠭᠤᠴᠠᠯᠭ᠎ᠠ ᠲᠠᠢ᠂ ᠬᠦᠮᠤᠨ ᠪᠦᠬᠦᠨ ᠬᠠᠷᠢᠭᠤᠴᠠᠯᠭ᠎ᠠ ᠪᠠᠨ ᠬᠦᠢᠴᠡᠳᠬᠡᠬᠦ᠂ ᠬᠦᠮᠤᠨ | ᠪᠦᠬᠦᠨ ᠡᠳ᠋ᠯᠡᠬᠦ ᠨᠡᠶᠢᠬᠡᠮ ᠤᠨ ᠵᠠᠰᠠᠯᠳᠠ ᠶᠢᠨ ᠬᠠᠮᠳᠤ ᠶᠢᠨ ᠴᠤᠬᠴᠠ ᠶᠢ ᠪᠠᠶᠢᠭᠤᠯᠬᠤ ᠭᠡᠷᠡᠭᠳᠠᠢ᠃ ᠦᠨᠳᠤᠰᠤᠨ | ᠱᠠᠳᠤᠨ ᠤ ᠨᠡᠶᠢᠬᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠵᠦ᠂ ᠨᠡᠶᠢᠬᠡᠮ ᠤᠨ ᠡᠰ ᠪᠦᠬᠦᠨ ᠢ ᠡᠷᠡᠬᠦᠯ | ᠬᠦᠭᠵᠢᠶᠡᠨᠳᠠᠢ ᠪᠠᠶᠢᠯᠭᠠᠵᠤ᠂ ᠵᠦᠷᠢᠴᠡᠯ ᠢ ᠦᠨᠳᠤᠰᠤᠨ ᠱᠠᠳᠤᠨ ᠳᠤ ᠰᠢᠢᠳᠪᠤᠷᠢᠯᠠᠵᠤ᠂ ᠡᠶ᠎ᠡ ᠵᠤᠬᠢᠴᠠᠩᠭᠤᠢ | ᠲᠤᠭᠳᠠᠭᠤᠨ ᠢ ᠦᠨᠳᠤᠰᠤᠨ ᠱᠠᠳᠤᠨ ᠳᠤ ᠴᠤᠬᠴᠠᠯᠠᠬᠤ ᠭᠡᠷᠡᠭᠳᠠᠢ᠃ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ ᠶᠢ ᠬᠠᠮᠠᠭᠠᠯᠠᠬᠤ ᠶᠢ ᠨᠡᠩ ᠴᠢᠬᠤᠯᠠᠴᠢᠯᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠨᠡᠶᠢᠭᠡᠮ ᠤᠨ | ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠬᠡᠷᠡᠭᠳᠠᠢ᠃ | ᠲᠡᠭᠡᠷ᠎ᠠ ᠪᠢ ᠬᠡᠳᠤᠨ ᠠᠰᠠᠭᠤᠳᠠᠯ ᠢ ᠭᠤᠤᠯᠳᠠᠯᠭ᠎ᠠ ᠲᠠᠢ ᠶᠠᠷᠢᠵᠠᠢ᠂ ᠳᠤᠮᠳᠠ ᠤᠷᠳᠤ ᠬᠤᠭᠤᠴᠠᠭᠠᠨ ᠤ ᠠᠵᠤ | ᠠᠬᠤᠢ ᠨᠡᠶᠢᠬᠡᠮ ᠤᠨ ᠬᠦᠭᠵᠢᠯᠳᠠ ᠳᠤ ᠬᠤᠯᠪᠤᠬᠳᠠᠬᠤ ᠪᠤᠰᠤᠳ ᠠᠰᠠᠭᠤᠳᠠᠯ ᠤᠨ ᠲᠤᠬᠠᠢ ᠤᠯᠠᠨ ᠢᠶᠠᠷ ᠢᠶᠠᠨ | ᠬᠦᠨᠵᠡᠬᠡᠢ ᠪᠤᠳᠤᠯᠬᠢᠯᠠᠵᠤ᠂ ᠴᠢᠨᠠᠬᠰᠢᠳᠠ ᠰᠤᠳᠤᠯᠭᠠᠨ ᠤ ᠠᠮᠵᠢᠯᠳᠠ ᠪᠦᠳᠤᠮᠵᠢ ᠤᠯᠬᠤ ᠶᠢ ᠬᠦᠰᠡᠵᠤ ᠪᠠᠶᠢᠨ᠎ᠠ᠃ | 2015 ᠤᠨ ᠤ 11 ᠰᠠᠷ᠎ᠠ ᠶᠢᠨ 23 ᠤ ᠡᠳᠤᠷ᠂ ᠪᠢ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠬᠠᠮᠳᠤ ᠶᠢᠨ | ᠰᠤᠷᠤᠯᠴᠠᠯᠭ᠎ᠠ ᠶᠢ ᠡᠷᠬᠢᠯᠡᠬᠦ ᠳᠡᠭᠡᠨ ᠮᠠᠷᠺᠰ ᠤᠨ ᠦᠵᠡᠯ ᠤᠨ ᠤᠯᠤᠰ ᠲᠦᠷᠤ ᠠᠵᠤ ᠠᠬᠤᠢ ᠶᠢᠨ ᠰᠤᠳᠤᠯᠭᠠᠨ ᠤ | ᠲᠤᠬᠠᠢ ᠲᠤᠰᠬᠠᠢᠢᠯᠠᠨ ᠶᠠᠷᠢᠶ᠎ᠠ ᠲᠠᠯᠪᠢᠵᠠᠢ᠂ ᠤᠢᠢᠷ᠎ᠠ ᠳᠤ ︽ᠦᠨᠡᠨ ᠰᠡᠳᠬᠦᠯ︾ ᠳᠤ ᠡᠨᠡ ᠬᠦ ᠶᠠᠷᠢᠶ᠎ᠠ ᠶᠢ | ᠨᠡᠶᠢᠳᠠᠯᠠᠪᠠ᠃ ᠡᠩᠭᠧᠯᠰ᠂ ᠦᠬᠡᠶᠢᠬᠦᠤ ᠠᠩᠬᠢ ᠶᠢᠨ ᠲᠦᠷᠤ ᠶᠢᠨ ᠨᠠᠮ ᠤᠨ ︽ᠪᠦᠬᠦ ᠤᠨᠤᠯ ᠨᠢ ᠤᠯᠤᠰ ᠲᠦᠷᠤ | ᠠᠵᠤ ᠠᠬᠤᠢ ᠶᠢᠨ ᠤᠬᠠᠭᠠᠨ ᠤ ᠰᠤᠳᠤᠯᠭᠠᠨ ᠠᠴᠠ ᠢᠷᠡᠭᠰᠡᠨ ᠶᠤᠮ︾ ᠬᠡᠵᠤ ᠬᠡᠯᠡᠵᠦ ᠦᠩᠭᠡᠷᠡᠪᠡ᠃ ᠯᠧᠨᠢᠨ | ᠤᠯᠤᠰ ᠲᠦᠷᠤ ᠠᠵᠤ ᠠᠬᠤᠢ ᠶᠢᠨ ᠤᠬᠠᠭᠠᠨ ᠢ ᠮᠠᠷᠺᠰ ᠤᠨ ᠦᠵᠡᠯ ᠤᠨ ᠤᠨᠤ᠋ ᠤᠨ ︽ᠬᠠᠮᠤᠬ ᠤᠨ ᠬᠦᠨ | ᠬᠦᠨᠵᠡᠬᠡᠢ᠂ ᠬᠠᠮᠤᠬ ᠤᠨ ᠪᠦᠬᠦ ᠲᠠᠯ᠎ᠠ ᠶᠢᠨ᠂ ᠬᠠᠮᠤᠬ ᠤᠨ ᠨᠠᠷᠢᠨ ᠲᠤᠳᠤᠷᠬᠠᠢ ᠬᠡᠷᠡᠴᠢ ᠪᠤᠯᠤᠨ ᠠᠵᠢᠯᠯᠠᠭᠠᠨ︾ ᠢᠶᠠᠷ | ᠦᠵᠡᠳᠡᠭ᠃ ᠪᠢᠳᠠ ᠮᠠᠷᠺᠰ ᠤᠨ ᠦᠵᠡᠯ ᠤᠨ ᠤᠯᠤᠰ ᠲᠦᠷᠤ ᠠᠵᠤ ᠠᠬᠤᠢ ᠶᠢᠨ ᠤᠬᠠᠭᠠᠨ ᠤ ᠠᠷᠭᠠᠶᠢᠨ | ᠤᠨᠤᠯ ᠢᠶᠠᠷ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠵᠢᠮ᠎ᠠ ᠶᠤᠰᠤᠨ ᠤ ᠲᠤᠬᠠᠢ ᠲᠠᠨᠢᠯᠳᠠ ᠪᠠᠨ | ᠬᠦᠨᠵᠡᠬᠡᠶᠢᠷᠡᠬᠦᠯᠵᠤ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠴᠢᠳᠠᠪᠤᠷᠢ ᠪᠤᠯᠤᠨ ᠲᠦᠪᠰᠢᠨ ᠢ | ᠲᠡᠭᠡᠭᠰᠢᠯᠡᠬᠦᠯᠬᠦ ᠭᠡᠷᠡᠭᠳᠠᠢ᠃ | ᠤᠨᠤᠯ ᠦᠢᠯᠡᠳᠦᠯᠭᠡ ᠠᠴᠠ ᠢᠷᠡᠵᠦ᠂ ᠲᠠᠬᠢᠭᠠᠳ ᠦᠢᠯᠡᠳᠦᠯᠭᠡ ᠶᠢ ᠵᠢᠯᠣᠭᠤᠳᠳᠠᠭ᠃ ᠥᠭᠡᠷᠡᠴᠢᠯᠡᠯᠲᠡ | ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠰᠢᠨ᠎ᠡ ᠠᠮᠢᠳᠤᠯᠢᠭ ᠦᠢᠯᠡᠳᠦᠯᠭᠡ ᠶᠢ ᠴᠠᠭ ᠲᠤᠬᠠᠶ ᠳᠤᠨᠢ ᠳ᠋ᠦᠩᠨᠡᠵᠦ᠂ | ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠵᠤ᠂ ᠬᠥᠭᠵᠢᠯᠲᠡ ᠶᠢᠨ ᠣᠶᠢᠯᠠᠭᠠᠭᠳᠠᠬᠤᠨ᠂ | ᠥᠮᠴᠢᠯᠡᠯ ᠤᠨ ᠲᠦᠷᠢᠮ᠂ ᠬᠤᠪᠢᠶᠠᠷᠢᠯᠠᠯᠲᠠ ᠶᠢᠨ ᠪᠠᠶᠢᠭᠤᠯᠤᠮᠵᠢ᠂ ᠵᠠᠰᠠᠭ ᠤᠨ ᠣᠷᠳᠣᠨ ᠤ ᠡᠭᠦᠷᠭᠡ ᠴᠢᠳᠠᠪᠬᠢ᠂ | ᠵᠠᠬ᠎ᠠ ᠳᠡᠯᠭᠡᠭᠦᠷ ᠤᠨ ᠲᠣᠭᠲᠠᠴᠠ᠂ ᠬᠤᠷᠸ᠎ᠠ ᠡᠵᠡᠮᠰᠢᠯ ᠲᠤᠬᠢᠷᠠᠭᠤᠯᠭ᠎ᠠ᠂ ᠠᠵᠤ ᠦᠢᠯᠡᠰ ᠤᠨ ᠪᠦᠲᠦᠴᠡ᠂ ᠠᠵᠤ | ᠠᠬᠤᠶᠢᠯᠠᠯ ᠤᠨ ᠵᠠᠰᠠᠯᠲᠠ ᠶᠢᠨ ᠪᠦᠲᠦᠴᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ | ᠵᠡᠷᠭᠡ ᠴᠢᠬᠤᠯᠠ ᠶᠡᠭᠡ ᠠᠰᠠᠭᠤᠳᠠᠯ ᠳᠡᠭᠡᠷ᠎ᠡ ᠮᠠᠰᠢ ᠤᠯᠠᠨ ᠴᠢᠬᠤᠯᠠ ᠨᠤᠲᠠᠯᠠᠯᠲᠠ ᠳᠤᠷᠠᠳᠴᠠᠶ᠃ ᠵᠢᠱᠢᠶᠡᠯᠡᠪᠡᠯ᠂ | ᠨᠡᠶᠢᠬᠡᠮ ᠵᠢᠷᠤᠮ ᠤᠨ ᠮᠦᠨ ᠴᠢᠨᠠᠷ ᠤᠨ ᠲᠤᠬᠠᠢ ᠤᠨᠤᠯ᠂ ᠨᠡᠶᠢᠬᠡᠮ ᠵᠢᠷᠤᠮ ᠤᠨ ᠠᠩᠬᠠᠨ ᠤ ᠱᠠᠳᠤᠨ ᠤ ᠦᠨᠳᠤᠰᠤᠨ | ᠠᠵᠤ ᠠᠬᠤᠢ ᠶᠢᠨ ᠲᠦᠷᠢᠮ ᠤᠨ ᠲᠤᠬᠠᠢ ᠤᠨᠤᠯ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ | ᠨᠡᠬᠡᠬᠡᠯᠳᠡᠳᠦ᠂ ᠬᠠᠮᠳᠤ ᠪᠠᠷ ᠡᠳ᠋ᠯᠡᠬᠦ ᠬᠦᠭᠵᠢᠯᠳᠠ ᠶᠢᠨ ᠲᠤᠬᠠᠢ ᠤᠨᠤᠯ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ | ᠠᠵᠤ ᠠᠬᠤᠢ ᠶᠢ ᠬᠦᠭᠵᠢᠬᠦᠯᠬᠦ᠂ ᠡᠬᠢ ᠪᠠᠶᠠᠯᠢᠬ ᠤᠨ ᠬᠤᠪᠢᠶᠠᠷᠢᠯᠠᠯᠳᠠ ᠳᠠᠬᠢ ᠵᠠᠬ᠎ᠠ ᠲᠡᠯᠬᠡᠬᠦᠷᠤᠨ ᠰᠢᠢᠳᠪᠤᠷᠢᠯᠡᠬᠦ | ᠴᠢᠨᠠᠷᠳᠠᠢ ᠤᠢᠢᠯᠡᠳᠤᠯ ᠢ ᠪᠠᠳᠠᠷᠠᠭᠤᠯᠬᠤ ᠪᠤᠯᠤᠨ ᠵᠠᠰᠠᠬ ᠤᠨ ᠤᠷᠳᠤᠨ ᠤ ᠤᠢᠢᠯᠡᠳᠤᠯ ᠢ ᠨᠡᠩ ᠰᠠᠶᠢᠨ ᠪᠠᠳᠠᠷᠠᠭᠤᠯᠬᠤ | ᠲᠤᠬᠠᠢ ᠤᠨᠤᠯ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠰᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠣᠨᠣᠯ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ | ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠵᠡᠷᠭᠡ ᠪᠠᠷ | ᠬᠥᠭᠵᠢᠭᠦᠯᠬᠦ ᠪᠠ ᠣᠷᠣᠨ ᠪᠦᠰᠡ ᠶᠢ ᠬᠠᠮᠵᠢᠯᠴᠠᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠶ ᠣᠨᠣᠯ᠂ | ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠰᠢᠷᠣᠶ ᠶᠢᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ | ᠡᠷᠬᠡ ᠶᠢᠨ ᠰᠢᠨᠵᠢ ᠴᠢᠨᠠᠷ ᠤᠨ ᠲᠤᠬᠠᠶ ᠣᠨᠣᠯ᠂ ᠲᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ | ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠬᠯᠠᠬᠤ ᠲᠤᠬᠠᠶ ᠣᠨᠣᠯ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠠ ᠤᠯᠠᠨ | ᠤᠯᠤᠰ ᠤᠨ ᠬᠤᠤᠰ ᠣᠷᠴᠢᠯ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠦᠷᠢᠯᠳᠦᠭᠦᠯᠬᠦ ᠲᠤᠬᠠᠶ ᠣᠨᠣᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠵᠤ᠂ ᠪᠦᠬᠦ | ᠠᠷᠠᠳ ᠤᠨ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠲᠤᠬᠠᠶ ᠣᠨᠣᠯ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠬᠦ ᠲᠤᠬᠠᠶ ᠤᠨᠤᠯ ᠵᠡᠷᠭᠡ ᠪᠤᠢ᠃ ᠡᠳᠡᠭᠡᠷ ᠤᠨᠤᠯ ᠤᠨ ᠦᠷ᠎ᠡ ᠪᠦᠲᠦᠭᠡᠯ ᠨᠢ ᠮᠠᠨ ᠤ | ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠦᠢᠯᠡᠳᠦᠯᠭᠡ ᠶᠢ ᠬᠦᠴᠦᠲᠡᠶ ᠵᠢᠯᠣᠭᠤᠳᠤᠭᠰᠠᠨ ᠢᠶᠠᠷ ᠪᠠᠷᠠᠬᠤ | ᠦᠭᠡᠢ᠂ ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠶ ᠶᠢᠨ ᠤᠬᠠᠭᠠᠨ ᠤ ᠰᠢᠨ᠎ᠡ ᠠᠬᠤᠶ ᠪᠠᠶᠢᠳᠠᠯ ᠢ | ᠨᠡᠭᠡᠭᠡᠭᠰᠡᠨ ᠪᠠᠶᠢᠨ᠎ᠠ᠃ | ᠴᠠᠭ ᠦᠶ᠎ᠡ ᠶᠢᠨ ᠰᠡᠳᠦᠪ ᠪᠣᠯ ᠣᠨᠣᠯ ᠤᠨ ᠰᠢᠨ᠎ᠡ ᠡᠭᠦᠳᠦᠯᠳᠡ ᠶᠢᠨ ᠬᠥᠳᠡᠯᠭᠡᠬᠦ ᠬᠦᠴᠦᠨ ᠮᠥᠨ᠃ ᠮᠠᠷᠺᠰ | ᠂ ᠡᠩᠭᠧᠯᠰ᠂ ᠯᠧᠨᠢᠨ ᠨᠠᠷ ᠴᠥᠮ ᠴᠠᠭ ᠦᠶ᠎ᠡ ᠶᠢᠨ ᠰᠡᠳᠦᠪ ᠢ ᠪᠣᠳᠣᠯᠬᠢᠯᠠᠬᠤ ᠪᠠ ᠬᠠᠷᠢᠭᠤᠯᠳᠠ ᠦᠭᠬᠦ ᠪᠠᠷ | ᠳᠠᠮᠵᠢᠭᠤᠯᠤᠨ ᠤᠨᠤᠯ ᠤᠨ ᠲᠠᠯ᠎ᠠ ᠶᠢᠨ ᠰᠢᠨ᠎ᠡ ᠡᠭᠦᠳᠦᠯᠳᠡ ᠶᠢ ᠠᠬᠢᠭᠤᠯᠤᠭᠰᠠᠨ ᠶᠤᠮ᠃ ᠣᠳᠣ ᠳᠡᠯᠡᠬᠡᠶ ᠶᠢᠨ ᠠᠵᠤ | ᠠᠬᠤᠢ ᠶᠢᠨ ᠶᠡᠭᠡ ᠤᠷᠤᠰᠬᠠᠯ ᠳᠤᠮᠳᠠ᠂ ᠮᠠᠨ ᠤ ᠤᠯᠤᠰ ᠤᠨ ᠠᠵᠤ ᠠᠬᠤᠶ ᠶᠢᠨ ᠡᠨᠡ ᠬᠦ ᠲᠤᠮᠤ ᠣᠩᠭᠤᠴᠠ ᠶᠢ | ᠰᠠᠶᠢᠲᠤᠷ ᠵᠢᠯᠣᠭᠤᠳᠴᠤ ᠴᠢᠳᠠᠬᠤ ᠡᠰᠡᠬᠦ ᠨᠢ ᠮᠠᠨ ᠤ ᠨᠠᠮ ᠳᠤ ᠲᠠᠯᠪᠢᠭᠰᠠᠨ ᠴᠢᠬᠤᠯᠠ ᠶᠡᠭᠡ ᠰᠢᠯᠭᠠᠯᠲᠠ ᠮᠥᠨ᠃ | ᠨᠠᠷᠢᠨ ᠪᠤᠳᠤᠯᠢᠶᠠᠨᠲᠠᠶ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠤᠨ ᠡᠮᠦᠨ᠎ᠡ᠂ ᠵᠦᠢᠯ | ᠵᠢᠰᠦᠮ ᠤᠨ ᠠᠵᠤ ᠠᠬᠤᠶ ᠶᠢᠨ ᠦᠵᠡᠭᠳᠡᠯ ᠤᠨ ᠡᠮᠦᠨ᠎ᠡ᠂ ᠮᠠᠷᠺᠰ ᠤᠨ ᠦᠵᠡᠯ ᠤᠨ ᠤᠯᠤᠰ ᠲᠦᠷᠦ ᠠᠵᠤ | ᠠᠬᠤᠶ ᠶᠢᠨ ᠤᠬᠠᠭᠠᠨ ᠤ ᠦᠨᠳᠦᠰᠦᠨ ᠤᠭ ᠶᠤᠰᠤ ᠪᠠ ᠠᠷᠭ᠎ᠠ ᠶᠢᠨ ᠤᠨᠤᠯ ᠢ ᠰᠤᠷᠤᠯᠴᠠᠨ ᠣᠶᠢᠯᠠᠭᠠᠬᠤ ᠨᠢ᠂ | ᠪᠢᠳᠡᠨ ᠤ ᠰᠢᠨᠵᠢᠯᠡᠬᠦ ᠤᠬᠠᠭᠠᠨᠴᠢ ᠠᠵᠤ ᠠᠬᠤᠢ ᠶᠢᠨ ᠵᠠᠳᠠᠯᠤᠯᠲᠠ ᠶᠢᠨ ᠠᠷᠭ᠎ᠠ ᠶᠢ ᠡᠵᠡᠮᠰᠢᠵᠦ᠂ ᠠᠵᠤ ᠠᠬᠤᠢ ᠶᠢᠨ | ᠠᠵᠢᠯᠯᠠᠭᠠᠨ ᠤ ᠶᠠᠪᠤᠴᠠ ᠶᠢ ᠲᠠᠨᠢᠨ᠂ ᠠᠵᠤ ᠠᠬᠤᠶ ᠶᠢᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ | ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠣᠨᠣᠪᠴᠢᠲᠠᠶ | ᠬᠠᠷᠢᠭᠤᠯᠲᠠ ᠥᠭᠭᠦ ᠳᠤ ᠠᠰᠢᠬᠲᠠᠢ ᠶᠤᠮ᠃ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠠᠶᠠᠯᠢᠭ ᠦᠢᠯᠡᠳᠦᠯᠭᠡ ᠪᠣᠯ ᠣᠨᠣᠯ ᠪᠠ ᠲᠥᠷᠦ ᠶᠢᠨ | ᠪᠣᠳᠣᠯᠭ᠎ᠠ ᠶᠢᠨ ᠰᠤᠳᠤᠯᠭᠠᠨ ᠤ ︽ᠪᠠᠶᠠᠨ ᠠᠭᠤᠷᠬᠠᠢ︾ ᠪᠣᠯᠤᠨ᠎ᠠ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ | ᠬᠦᠷᠢᠶᠡᠨ ᠤ ᠤᠨᠤᠯ ᠤᠨ ᠠᠵᠢᠯᠲᠠᠳ ᠶᠡᠭᠡ ᠵᠢᠳᠭᠦᠯ ᠭᠠᠷᠭᠠᠵᠤ ᠪᠣᠯᠬᠤ ᠶᠤᠮ᠃ ᠠᠳᠡ ᠪᠢ ᠤᠯᠠᠨ ᠳᠤ ᠬᠡᠳᠦᠨ | ᠬᠦᠰᠡᠯ ᠲᠠᠯᠪᠢᠶ᠎ᠠ᠃ ᠨᠢᠭᠡ ᠳᠤ ᠤᠯᠤᠰ ᠤᠨ ᠪᠠᠶᠢᠳᠠᠯ ᠠᠴᠠ ᠡᠭᠦᠰᠴᠦ᠂ ᠳᠤᠮᠳᠠᠳᠤ ᠤᠯᠤᠰ ᠤᠨ ᠦᠢᠯᠡᠳᠦᠯᠭᠡ ᠶᠢᠨ | ᠳᠤᠮᠳᠠ ᠠᠴᠠ ᠢᠷᠡᠵᠦ᠂ ᠳᠤᠮᠳᠠᠳᠤ ᠤᠯᠤᠰ ᠤᠨ ᠦᠢᠯᠡᠳᠦᠯᠭᠡ ᠶᠢᠨ ᠳᠤᠮᠳᠠ ᠬᠦᠷᠴᠦ᠂ ᠥᠭᠦᠯᠡᠯ ᠢᠶᠠᠨ ᠡᠬᠡ | ᠤᠯᠤᠰ ᠤᠨ ᠡᠬᠡ ᠭᠠᠵᠠᠷ ᠲᠤ ᠪᠢᠴᠢᠵᠦ᠂ ᠣᠨᠣᠯ ᠪᠣᠯᠤᠨ ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠲᠡ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠶᠢᠯᠭᠠᠵᠤ | ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠤᠨ ᠤᠯᠤᠰ ᠲᠥᠷᠥ ᠠᠵᠤ ᠠᠬᠤᠶ ᠶᠢᠨ ᠤᠬᠠᠭᠠᠨ᠂ | ᠨᠡᠶᠢᠭᠡᠮ ᠵᠦᠢ ᠶᠢ ᠲᠠᠰᠤᠷᠠᠯᠲᠠ ᠤᠢᠭᠡᠢ ᠬᠥᠭᠵᠢᠭᠦᠯᠬᠦ ᠬᠡᠷᠡᠭᠲᠡᠶ᠃ ᠬᠤᠶᠠᠷ ᠲᠤ᠂ ᠭᠦᠨᠵᠡᠭᠡᠶ ᠪᠠᠶᠢᠴᠠᠭᠠᠨ | ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠶ ᠠᠷᠭ᠎ᠠ ᠭᠠᠷᠭᠠᠵᠤ᠂ ᠪᠣᠳᠠᠲᠤ ᠪᠠᠶᠢᠳᠠᠯ ᠢ | ᠭᠦᠢᠴᠡᠳ ᠲᠤᠰᠬᠠᠵᠤ᠂ ᠤᠨᠤᠯ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯᠢ | ᠦᠨᠳᠦᠰᠦ ᠪᠠᠷᠢᠮᠲᠠ ᠲᠠᠢ ᠪᠣᠯᠭᠠᠵᠤ᠂ ᠵᠦᠶ ᠵᠣᠬᠢᠰᠲᠠᠶ ᠪᠣᠯᠭᠠᠬᠤ ᠬᠡᠷᠡᠭᠲᠡᠶ᠃ ᠭᠤᠷᠪᠠ ᠳᠤ ᠵᠢᠮ᠎ᠡ ᠶᠣᠰᠣ ᠶᠢ | ᠡᠵᠡᠮᠳᠡᠵᠦ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠳᠡ᠂ ᠠᠷᠭ᠎ᠠ ᠶᠢ ᠪᠠᠷᠢᠮᠲᠠᠯᠠᠵᠤ᠂ ᠦᠵᠡᠭᠳᠡᠯ ᠠᠴᠠ | ᠮᠥᠨ ᠴᠢᠨᠠᠷ ᠢ ᠰᠢᠨᠵᠢᠵᠦ᠂ ᠣᠬᠤᠷ ᠬᠤᠭᠤᠴᠠᠭᠠᠨ ᠤ ᠬᠡᠯᠪᠡᠯᠵᠡᠯ ᠤᠨ ᠳᠤᠮᠳᠠ ᠠᠴᠠ ᠤᠷᠲᠤ ᠬᠤᠭᠤᠴᠠᠭᠠᠨ ᠤ | ᠬᠠᠨᠳᠤᠰᠢ ᠶᠢ ᠰᠦᠪᠡᠭᠴᠢᠯᠡᠵᠦ᠂ ᠣᠨᠣᠯ ᠪᠣᠯᠤᠨ ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠳᠡ ᠳᠤ ᠲᠡᠷᠢᠭᠦᠨ ᠤ | ᠴᠢᠨᠠᠷ ᠪᠣᠯᠤᠨ ᠰᠢᠨᠵᠢᠯᠡᠬᠦ ᠤᠬᠠᠭᠠᠨᠴᠢ ᠴᠢᠨᠠᠷ ᠢ ᠭᠦᠢᠴᠡᠳ ᠢᠯᠡᠷᠡᠭᠦᠯᠬᠦ ᠬᠡᠷᠡᠭᠳᠠᠢ᠃ ᠲᠦᠷᠪᠡ ᠳᠤ ᠳᠡᠯᠡᠭᠡᠢ ᠶᠢᠨ | ᠬᠠᠷᠠᠭᠠᠰᠤ ᠶᠢ ᠪᠤᠢ ᠪᠣᠯᠭᠠᠵᠤ᠂ ᠳᠤᠮᠳᠠᠳᠤ ᠤᠯᠤᠰ ᠪᠣᠯᠤᠨ ᠳᠡᠯᠡᠬᠡᠢ ᠶᠢᠨ ᠬᠠᠷᠢᠯᠴᠠᠭ᠎ᠠ ᠬᠤᠷᠰᠢᠯᠴᠠᠭ᠎ᠠ ᠶᠢᠨ | ᠳᠤᠮᠳᠠ ᠠᠴᠠ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠰᠡᠳᠦᠪ ᠢ ᠰᠢᠨᠵᠢᠯᠡᠨ ᠰᠤᠳᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠳᠤᠮᠳᠠᠳᠤ ᠤᠯᠤᠰ ᠤᠨ | ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ ᠢ ᠨᠡᠮᠡᠷᠢᠯᠡᠬᠦ ᠬᠡᠷᠡᠭᠲᠡᠢ᠃ | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 24 ᠤ ᠴᠠᠬᠢᠯᠭᠠᠨ ᠮᠡᠳᠡᠭᠡ︶ | |