8 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠠᠬᠢᠭᠤᠯᠬᠤ ᠬᠤᠷᠠᠯ ᠢ | ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠰᠢᠰᠲ᠋ᠧᠮᠦᠨ ᠢᠯᠵᠠᠷᠠᠯ ᠤᠨ ᠠᠰᠠᠭᠤᠳᠠᠯ ᠢ ᠲᠤᠰᠬᠠᠶᠢᠯᠠᠨ ᠵᠠᠰᠠᠵᠤ ᠪᠠᠶᠢᠴᠠᠭᠠᠨ | ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠬᠤᠰᠢᠭᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠲᠤᠰᠬᠠᠶᠢᠯᠠᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠤᠭᠤᠶᠢᠯᠠᠩ᠂ ᠬᠢᠨᠠᠯᠲᠠ | ᠲᠠᠯᠪᠢᠬᠤ ᠬᠠᠷᠢᠭᠤᠴᠠᠯᠭ᠎ᠠ ᠶᠢᠨ ᠳᠤᠭᠤᠶᠢᠯᠠᠩ ᠤᠨ ᠬᠡᠰᠢᠬᠦᠨ ᠬᠤᠷᠠᠯ ᠳᠤ ᠣᠷᠣᠯᠴᠠᠵᠤ᠂ ᠬᠤᠰᠢᠭᠤ ᠳᠡᠳ᠋ ᠳᠠᠷᠤᠭ᠎ᠠ | ᠵᠸᠦ ᠱᠤᠸᠠᠢ ᠬᠤᠷᠠᠯ ᠢ ᠡᠷᠬᠢᠯᠡᠪᠡ᠃ | | | | | | | ᠬᠤᠷᠠᠯ ᠠᠴᠠ ᠪᠦᠬᠦ ᠣᠷᠣᠨ᠂ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠠᠬᠢᠭᠤᠯᠬᠤ ᠲᠧᠯᠸᠢᠰ ᠤᠲᠠᠰᠦᠲᠦ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠦ ᠪᠦᠬᠦ ᠬᠤᠰᠢᠭᠤᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠤᠨ ᠦᠷᠨᠢᠯᠲᠡ ᠶᠢᠨ | ᠪᠠᠶᠢᠳᠠᠯ ᠢ ᠤᠶᠢᠯᠠᠭᠠᠪᠠ᠃ | | | | | | | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠡᠷᠬᠡᠪᠰᠢ ᠲᠤᠰᠬᠠᠶᠢᠯᠠᠨ ᠵᠠᠰᠠᠬᠤ | ᠠᠵᠢᠯ ᠢ ᠦᠷᠨᠢᠭᠦᠯᠬᠦ ᠶᠢᠨ ᠬᠦᠨᠳᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠤᠯᠤᠰ ᠲᠦᠷᠦ ᠶᠢᠨ | ᠵᠣᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ | ᠲᠤᠰᠬᠠᠶᠢᠯᠠᠨ ᠵᠠᠰᠠᠬᠤ ᠠᠵᠢᠯ ᠢ ᠰᠠᠶᠢᠲᠤᠷ ᠠᠳᠬᠤᠬᠤ ᠶᠢ ︽ᠳᠥᠷᠪᠡᠨ ᠤᠬᠠᠮᠰᠠᠷ︾ ᠢ ᠴᠢᠩᠭᠠᠳᠬᠠᠵᠤ ︽ | ᠳᠥᠷᠪᠡᠨ ᠢᠲᠡᠭᠡᠯ︾ ᠢᠶᠠᠨ ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠤᠲᠠᠲᠠᠢ ᠠᠵᠢᠯᠯᠠᠭ᠎ᠠ | ᠪᠣᠯᠭᠠᠵᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠦ ᠡᠭᠦᠷᠭᠡᠯᠡᠨ ᠨᠡᠩ ᠦᠨᠳᠦᠷ ᠪᠠᠷᠢᠮᠵᠢᠶ᠎ᠡ᠂ ᠨᠡᠩ ᠴᠢᠩᠭ᠎ᠠ | ᠱᠠᠭᠠᠷᠳᠠᠯᠭ᠎ᠠ᠂ ᠨᠡᠩ ᠪᠤᠲᠠᠲᠠᠢ ᠠᠷᠭ᠎ᠠ ᠪᠠᠷ ᠲᠤᠰᠬᠠᠶᠢᠯᠠᠨ ᠵᠠᠰᠠᠬᠤ ᠡᠭᠦᠷᠭᠡ ᠶᠢ ᠪᠦᠲᠦᠮᠵᠢᠲᠠᠢ | ᠲᠤᠭᠤᠰᠢᠯᠠᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠪᠠᠶᠢᠴᠠᠭᠠᠬᠤ ᠪᠠᠨ ᠤᠯᠠᠮ ᠨᠠᠷᠢᠯᠢᠭᠵᠢᠭᠤᠯᠬᠤ | ᠬᠡᠷᠡᠭᠲᠡᠢ᠂ ᠠᠰᠠᠭᠤᠳᠠᠯ ᠢ ᠪᠠᠶᠢᠴᠠᠭᠠᠨ ᠢᠯᠡᠷᠡᠭᠦᠯᠬᠦ ᠶᠢ ᠲᠤᠰᠬᠠᠶᠢᠯᠠᠨ ᠵᠠᠰᠠᠬᠤ ᠪᠦᠬᠦ ᠶᠠᠪᠤᠴᠠ ᠳᠤ | ᠲᠤᠭᠤᠰᠢᠯᠠᠭᠤᠯᠵᠤ ᠠᠰᠠᠭᠤᠳᠠᠯ ᠤᠨ ᠤᠳᠤᠷᠢᠳᠤᠮᠵᠢ ᠶᠢ ᠦᠷᠭᠦᠯᠵᠢ ᠪᠠᠷᠢᠮᠲᠠᠯᠠᠨ ᠴᠢᠬᠤᠯᠠ ᠠᠵᠢᠯ ᠤᠨ ᠪᠠᠶᠢᠷᠢ᠂ | ᠵᠠᠩᠭᠢᠯᠠᠭ᠎ᠠ ᠶᠢᠨ ᠭᠤᠭᠴᠤᠭ᠎ᠠ ᠪᠣᠯᠣᠨ ᠳᠣᠪᠣᠶᠢᠮ᠎ᠠ ᠠᠰᠠᠭᠤᠳᠠᠯ ᠢ ᠭᠤᠣᠯᠯᠠᠨ ᠠᠩᠬᠠᠷᠴᠦ ᠲᠤᠰᠬᠠᠶᠢᠯᠠᠨ ᠵᠠᠰᠠᠬᠤ | ᠠᠵᠢᠯ ᠤᠨ ᠣᠶᠢᠷ᠎ᠠ ᠶᠢᠨ ᠬᠤᠭᠤᠴᠠᠭᠠᠨ ᠳᠤ ᠢᠯᠡᠷᠬᠡᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠴᠡᠭᠴᠡᠯᠡᠨ ᠵᠠᠰᠠᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ | ᠮᠥᠴᠢᠷ ᠤᠨ ᠬᠢᠨ ᠬᠤᠯᠪᠣᠭᠠᠲᠦ ᠬᠤᠷᠠᠯ ᠤᠨ ᠳᠦᠷᠢᠮ ᠢ ᠲᠡᠭᠦᠯᠳᠡᠷᠵᠢᠭᠦᠯᠤᠨ ᠲᠤᠭᠲᠠᠭᠰᠠᠨ ᠬᠤᠭᠤᠴᠠᠭ᠎ᠠ ᠲᠠᠢ ᠪᠠᠷ | ᠶᠡᠷᠦᠩᠬᠡᠶᠢᠯᠡᠨ ᠰᠤᠳᠤᠯᠤᠨ ᠮᠠᠭᠠᠳᠯᠠᠵᠤ ᠠᠰᠠᠭᠤᠳᠠᠯ ᠢ ᠵᠠᠳᠠᠯᠤᠨ ᠰᠢᠢᠳᠪᠦᠷᠢᠯᠡᠵᠤ ᠡᠭᠦᠷᠭᠡ ᠬᠠᠷᠢᠭᠤᠴᠠᠯᠭ᠎ᠠ ᠪᠠᠨ | ᠪᠡᠶᠡᠯᠡᠭᠦᠯᠬᠦ ᠶᠢᠨ ᠵᠡᠷᠭᠡᠪᠡᠷ ᠶᠡᠭᠡ ᠲᠠᠯ᠎ᠠ ᠶᠢ ᠪᠣᠳᠣᠯᠬᠢᠯᠠᠨ ᠬᠠᠷᠢᠯᠴᠠᠨ ᠬᠠᠮᠲᠤᠷᠠᠯᠴᠠᠵᠤ ᠳᠡᠭᠡᠲᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠷ ᠠᠵᠢᠯ ᠤᠨ | ᠠᠬᠢᠴᠠ ᠪᠠᠨ ᠲᠦᠷᠭᠡᠳᠬᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠤᠯᠠᠮ ᠪᠤᠲᠠᠲᠠᠶᠢᠵᠢᠭᠤᠯᠬᠤ ᠬᠡᠷᠡᠭᠲᠡᠢ᠂ | ᠡᠯ᠎ᠡ ᠱᠠᠲᠤᠨ ᠤ ᠨᠠᠮ ᠤᠨ ᠤᠳᠤᠷᠢᠳᠬᠤ ᠳᠤᠭᠤᠶᠢᠯᠠᠩ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠡᠭᠦᠷᠭᠡᠯᠡᠵᠤ ᠲᠤᠰᠬᠠᠶᠢᠯᠠᠨ ᠵᠠᠰᠠᠬᠤ ᠠᠵᠢᠯ ᠤᠨ ᠳᠤᠮᠲᠠ ᠤᠷᠤᠰᠢᠵᠤ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠬᠦ ᠬᠡᠷᠡᠭᠲᠡᠢ᠃ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠤᠯᠠᠮ ᠪᠠᠬᠢᠵᠢᠭᠦᠯᠬᠦ ᠬᠡᠷᠡᠭᠲᠡᠢ᠂ | ᠬᠤᠰᠢᠭᠤ ᠰᠠᠬᠢᠯᠭ᠎ᠠ ᠪᠠᠲᠦ ᠪᠠᠶᠢᠴᠠᠭᠠᠬᠤ ᠵᠦᠪᠯᠡᠯ ᠢᠯᠵᠠᠷᠠᠯ ᠤᠨ ᠠᠰᠠᠭᠤᠳᠠᠯ ᠢ ᠴᠢᠩᠭ᠎ᠠ ᠰᠢᠳᠬᠡᠬᠦ ᠶᠢᠨ ᠵᠡᠷᠭᠡᠪᠡᠷ | ᠴᠢᠩᠭ᠎ᠠ ᠪᠠᠷ ᠬᠢᠨᠠᠯᠲᠠ ᠲᠠᠯᠪᠢᠬᠤ ᠬᠡᠷᠡᠭᠲᠡᠢ᠃ ᠬᠡᠷᠡᠭ ᠢ ᠪᠠᠶᠢᠴᠠᠭᠠᠨ ᠰᠢᠢᠳᠪᠦᠷᠢᠯᠡᠵᠤ ᠦᠨᠳᠦᠰᠦᠨ ᠠᠴᠠ ᠨᠢ | ᠵᠠᠰᠠᠬᠤ ᠴᠢᠳᠠᠪᠬᠢ ᠪᠠᠨ ᠭᠦᠢᠴᠡᠳ ᠪᠠᠲᠠᠷᠠᠭᠤᠯᠤᠨ ᠦᠨᠳᠦᠰᠦᠨ ᠠᠴᠠ ᠨᠢ ᠵᠠᠰᠠᠬᠤ ᠤᠷᠲᠦ ᠬᠤᠭᠤᠴᠠᠭᠠᠨ ᠤ | ᠲᠣᠭᠲᠠᠯᠴᠠᠭ᠎ᠠ ᠶᠢ ᠪᠦᠷᠢᠯᠳᠦᠭᠦᠯᠵᠤ ᠴᠡᠭᠴᠡᠯᠡᠨ ᠵᠠᠰᠠᠵᠤ ᠰᠢᠢᠳᠪᠦᠷᠢᠯᠡᠭᠰᠡᠨ ᠦᠷ᠎ᠡ ᠪᠦᠲᠦᠮᠵᠢ ᠶᠢ ᠳᠠᠰᠤᠷᠠᠯᠲᠠ | ᠦᠭᠡᠢ ᠪᠠᠬᠢᠵᠢᠭᠦᠯᠦᠨ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠦᠷᠭᠦᠯᠵᠢᠯᠡᠬᠦᠶᠢᠴᠡ ᠡᠷᠡᠭᠦᠯ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠠᠭᠠᠨ᠂ ᠦᠵᠡᠯᠲᠡ ᠲᠠᠨᠢᠯᠲᠠ ᠪᠠᠨ ᠴᠢᠩᠭᠠᠳᠬᠠᠵᠤ ᠤᠯᠤᠰ ᠲᠦᠷᠦ ᠶᠢᠨ | ᠵᠤᠭᠰᠤᠴᠠ ᠪᠠᠨ ᠳᠡᠭᠡᠭᠰᠢᠯᠡᠭᠦᠯᠬᠦ ᠬᠡᠷᠡᠭᠲᠡᠢ᠂ ᠬᠢᠨᠠᠮᠠᠭᠠᠢ ᠰᠤᠷᠤᠯᠴᠠᠵᠤ ᠭᠦᠨᠵᠡᠭᠡᠢ ᠤᠶᠢᠯᠠᠭᠠᠨ ᠳᠡᠭᠡᠲᠦ ᠬᠡᠮᠵᠢᠶᠡᠨ ᠤ | ᠪᠠᠴᠢᠮ ᠲᠤᠯᠭᠠᠮ ᠰᠡᠳᠭᠢᠯᠭᠡ᠂ ᠬᠠᠷᠢᠭᠤᠴᠠᠯᠭᠠᠲᠦ ᠰᠡᠳᠬᠢᠯᠭᠡ ᠪᠠᠷ ᠤᠯᠤᠰ ᠲᠦᠷᠦ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠤ ᠲᠤᠰᠬᠠᠶᠢᠯᠠᠨ ᠵᠠᠰᠠᠬᠤ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ ᠡᠭᠦᠷᠭᠡ | ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠤᠲᠠᠲᠠᠶᠢᠵᠢᠭᠤᠯᠤᠨ ᠪᠡᠶᠡᠯᠡᠭᠦᠯᠵᠤ ᠬᠠᠤᠯᠢ ᠲᠣᠭᠲᠠᠭᠠᠯ ᠶᠤᠰᠤᠭᠠᠷ | ᠠᠰᠠᠭᠤᠳᠠᠯ ᠢ ᠴᠡᠭᠴᠡᠯᠡᠨ ᠵᠠᠰᠠᠬᠤ ᠬᠡᠷᠡᠭᠲᠡᠢ᠃ ᠡᠭᠦᠷᠬᠡ ᠬᠠᠷᠠᠯᠲᠠ ᠶᠢᠨ ᠲᠣᠭᠤᠷᠢᠨ ᠳᠤ ᠴᠡᠭᠴᠡᠯᠡᠨ ᠵᠠᠰᠠᠬᠤ ᠶᠢ | ᠲᠤᠭᠤᠰᠢᠯᠠᠭᠤᠯᠬᠤ ᠬᠡᠷᠡᠭᠲᠡᠢ᠂ ᠬᠢᠨᠠᠮᠠᠭᠠᠢ ᠬᠠᠷᠢᠭᠤᠴᠠᠬᠤ ᠣᠪᠣᠷ ᠪᠣᠯᠣᠨ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠪᠠᠷ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠣᠯᠣᠨ ᠴᠠᠭ ᠬᠤᠭᠤᠴᠠᠭ᠎ᠠ ᠶᠤᠰᠤᠭᠠᠷ ᠨᠢᠭᠡ ᠨᠢᠭᠡ ᠪᠠᠷ | ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠬᠤᠷᠢᠭᠯᠠᠵᠤ ᠪᠦᠬᠦᠶᠢᠯᠡ | ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ | ᠪᠤᠲᠠᠲᠠᠶᠢᠵᠢᠭᠤᠯᠵᠤ ᠪᠤᠲᠠᠲᠦ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠂ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠠᠯᠪᠠᠨ ᠭᠡᠷ ᠤᠨ ᠡᠯ᠎ᠡ ᠪᠦᠷᠢᠯᠳᠦᠭᠦᠨ ᠨᠢᠬᠡᠴᠢ ᠡᠷᠬᠡᠪᠰᠢ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠪᠠᠲᠦ ᠡᠭᠦᠷᠭᠡᠯᠡᠨ ᠲᠤᠰᠬᠠᠶᠢᠯᠠᠨ ᠵᠠᠰᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠴᠠᠷᠠᠭᠠᠨ ᠳᠠᠬᠢ ᠴᠡᠭᠴᠡᠯᠡᠨ ᠵᠠᠰᠠᠬᠤ ᠲᠤᠭᠲᠠᠯᠴᠠᠭ᠎ᠠ ᠶᠢ | ᠲᠡᠭᠦᠯᠳᠡᠷᠵᠢᠭᠦᠯᠤᠨ ᠴᠡᠭᠴᠡᠯᠡᠨ ᠵᠠᠰᠠᠬᠤ ᠴᠢᠳᠠᠪᠬᠢ ᠶᠢ ᠳᠡᠭᠡᠭᠰᠢᠯᠡᠭᠦᠯᠬᠦ ᠬᠡᠷᠡᠭᠲᠡᠢ᠃ ᠪᠦᠲᠦᠭᠡᠨ ᠪᠠᠶᠢᠭᠤᠯᠤᠯᠲᠠ | ᠪᠣᠯᠣᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ | ᠪᠠᠨ ᠪᠤᠲᠠᠲᠠᠶᠢᠵᠢᠭᠤᠯᠵᠤ ᠪᠦᠲᠦᠮᠵᠢᠲᠠᠢ ᠬᠡᠷᠡᠭᠯᠡᠵᠤ ᠪᠣᠯᠬᠤ ᠠᠷᠭ᠎ᠠ ᠲᠤᠷᠰᠢᠯᠭ᠎ᠠ ᠪᠠᠨ ᠴᠠᠭ ᠳᠠᠷᠤᠢ ᠳᠤᠨᠢ | ᠬᠤᠷᠢᠶᠠᠩᠭᠤᠶᠢᠯᠠᠨ ᠳ᠋ᠦᠩᠨᠡᠵᠤ ᠪᠠᠲᠤᠳᠬᠠᠬᠤ ᠬᠡᠷᠡᠭᠲᠡᠢ᠃ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ | ᠦᠳᠲᠡᠷ ᠲᠦᠷᠭᠡᠨ ᠬᠦᠳᠡᠯᠦᠯᠴᠡᠨ ᠲᠤᠭᠤᠰᠢᠯᠠᠭᠤᠯᠤᠯᠲᠠ ᠶᠢ ᠴᠢᠩᠭ᠎ᠠ ᠠᠳᠬᠤᠵᠤ ᠠᠵᠢᠯ ᠤᠨ ᠡᠷᠴᠢᠮ ᠢᠶᠠᠨ | ᠤᠯᠠᠮ ᠨᠢᠭᠡ ᠠᠯᠬᠤᠮ ᠨᠡᠮᠡᠭᠳᠡᠭᠦᠯᠦᠨ ᠡᠯ᠎ᠡ ᠲᠠᠯ᠎ᠠ ᠶᠢᠨ ᠠᠵᠢᠯ ᠢ ᠯᠠᠪᠲᠠᠭᠤᠨ ᠪᠠᠲᠤᠳᠠᠢ ᠬᠢᠵᠤ ᠲᠤᠰᠬᠠᠢ ᠵᠠᠰᠠᠨ | ᠴᠡᠭᠴᠡᠯᠡᠯᠲᠡ ᠶᠢᠨ ᠪᠠᠬᠢᠯᠡᠯᠲᠡ ᠶᠢᠨ ᠠᠵᠢᠯ ᠤᠨ ᠢᠯᠠᠯᠲᠠ ᠶᠢ ᠡᠷᠡᠰ ᠣᠯᠬᠤ ᠶᠢ ᠪᠠᠲᠤᠯᠠᠬᠤ ᠬᠡᠷᠡᠭᠲᠡᠢ ᠭᠡᠪᠡ᠃ |