ᠠᠩᠬᠠᠳᠤᠭᠠᠷ ᠬᠤᠭᠤᠴᠠᠭᠠᠨ ᠤ ︽ᠨᠣᠮᠢᠨ ᠲᠠᠩᠰᠤᠭ ᠦᠦᠰᠢᠨ ᠬᠤᠨᠳᠠᠭᠠᠲᠦ︾ ᠪᠦᠬᠦ ᠬᠤᠲᠠ ᠶᠢᠨ ᠰᠠᠭᠰᠤᠨ ᠪᠥᠮᠪᠥᠭᠡᠨ ᠤ ᠤᠷᠢᠯᠭ᠎ᠠ ᠶᠢᠨ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/8/28
     8 ᠰᠠᠷ᠎ᠠ ᠶᠢᠨ 22 ᠤᠨ ᠡᠳᠦᠷ᠂ 2020 ᠣᠨ ᠤ ᠮᠠᠨ ᠤ ᠬᠤᠰᠢᠭᠤᠨ ᠤ ᠰᠢᠷᠢᠰ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ︽ᠨᠣᠮᠢᠨ ᠲᠠᠩᠰᠤᠭ ᠦᠦᠰᠢᠨ ᠬᠤᠨᠳᠠᠭᠠᠲᠦ︾ ᠪᠦᠬᠦ ᠬᠤᠲᠠ ᠶᠢᠨ ᠰᠠᠭᠰᠤᠨ ᠪᠥᠮᠪᠥᠭᠡᠨ ᠤ ᠤᠷᠢᠯᠭ᠎ᠠ ᠶᠢᠨ ᠤᠷᠤᠯᠳᠤᠭᠠᠨ ᠮᠠᠨ ᠤ ᠬᠤᠰᠢᠭᠤᠨ ᠤ ᠰᠤᠶᠤᠯ ᠲᠠᠮᠢᠷ ᠤᠨ ᠤᠷᠳᠤᠨ ᠳᠤ ᠶᠠᠪᠤᠭᠳᠠᠯ᠎ᠠ᠃ ᠬᠤᠰᠢᠭᠤ ᠨᠠᠮ‌‍ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠰᠤ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ ᠡᠬᠢᠯᠡᠯᠲᠡ ᠶᠢᠨ ᠶᠤᠰᠤᠯᠠᠯ ᠳᠤ ᠣᠷᠣᠯᠴᠠᠵᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ ᠡᠬᠢᠯᠡᠯᠲᠡ ᠶᠢᠨ ᠶᠤᠰᠤᠯᠠᠯ ᠢ ᠡᠷᠬᠢᠯᠡᠪᠡ᠃ ᠤᠷᠤᠯᠳᠤᠭᠠᠨ ᠳᠤ ᠤᠯᠤᠰ ᠤᠨ ᠳᠡᠰ ᠤᠨ ᠬᠢᠨᠠᠭᠴᠢ ᠸᠠᠩ ᠯᠢ ᠫᠢᠩ ᠪᠠᠭᠰᠢ ᠶᠢ ᠤᠷᠢᠨ ᠠᠪᠴᠢᠷᠠᠵᠤ ᠵᠢᠭᠠᠨ ᠵᠢᠯᠣᠭᠤᠳᠤᠭᠤᠯᠪᠠ᠃
     ᠡᠬᠢᠯᠡᠯᠲᠠ ᠶᠢᠨ ᠶᠤᠰᠤᠯᠠᠯ ᠳᠡᠭᠡᠷ᠎ᠡ ᠹᠧᠩ ᡁᠢ ᠮᠢᠩ ᠶᠠᠷᠢᠶᠠᠨ ᠳᠤ ᠪᠠᠨ᠂ ᠣᠶᠢᠷ᠎ᠠ ᠶᠢᠨ ᠵᠢᠯ ᠠᠴᠠ ᠨᠠᠰᠢ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠢᠶᠠᠷ ᠪᠠᠨ ᠪᠡᠶ᠎ᠡ ᠪᠠᠨ ᠴᠢᠭᠢᠷᠠᠭᠵᠢᠭᠤᠯᠵᠤ᠂ ᠪᠡᠶ᠎ᠡ ᠲᠠᠮᠢᠷ ᠤᠨ ᠭᠦᠴᠦᠷᠬᠡᠭ ᠤᠯᠤᠰ ᠪᠣᠯᠬᠤ ᠴᠢᠬᠤᠯᠠ ᠦᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠠᠷᠠᠳ ᠲᠥᠮᠡᠨ ᠢᠶᠠᠷ ᠭᠤᠣᠯ ᠪᠣᠯᠭᠠᠭᠰᠠᠨ ᠬᠥᠭᠵᠢᠯᠲᠡ‌‍ᠶᠢᠨ ᠦᠵᠡᠯ ᠰᠠᠨᠠᠭ᠎ᠠ ᠶᠢ ᠪᠠᠷᠢᠮᠲᠠᠯᠠᠨ ᠪᠡᠶ᠎ᠡ ᠴᠢᠭᠢᠷᠠᠭᠵᠢᠭᠤᠯᠬᠤ ᠶᠢ ᠠᠷᠠᠳ ᠲᠥᠮᠡᠨ ᠤ ᠡᠷᠡᠭᠦᠯ ᠮᠡᠨᠳᠦ ᠲᠠᠢ ᠤᠶᠠᠯᠳᠤᠭᠤᠯᠵᠤ ᠳᠤᠮᠳᠠᠳᠦ ᠶᠢᠨ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠰᠤᠶᠤᠯ ᠤᠨ ᠢᠲᠡᠭᠡᠯ ᠢᠶᠠᠨ ᠪᠠᠲᠤᠳᠬᠠᠬᠤ ᠯᠤᠭ᠎ᠠ ᠤᠶᠠᠯᠳᠤᠭᠤᠯᠤᠨ ᠰᠤᠶᠤᠯ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠨᠡᠮᠡᠭᠳᠡᠭᠦᠯᠵᠦ ᠪᠦᠬᠦ ᠠᠷᠠᠳ ᠢ ᠳᠠᠶᠢᠴᠢᠯᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠲᠠᠢ ᠣᠷᠣᠯᠴᠠᠭᠤᠯᠵᠤ ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠤᠰ ᠤᠳᠠᠭᠠᠨ ᠤ ᠰᠠᠭᠰᠤᠨ ᠪᠥᠮᠪᠦᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠪᠦᠬᠦ ᠬᠤᠲᠠ ᠶᠢᠨ ᠥᠷᠭᠡᠨ ᠣᠯᠠᠨ ᠰᠠᠭᠰᠤᠨ ᠪᠥᠮᠪᠦᠭᠡᠨ ᠤ ᠲᠤᠷ᠎ᠠ ᠪᠠᠭ᠋ᠠᠴᠤᠳ ᠲᠤ ᠴᠤᠭ ᠰᠦᠯᠳᠡ ᠪᠠᠨ ᠢᠯᠡᠷᠡᠭᠦᠯᠵᠤ ᠰᠤᠶᠤᠯ ᠤᠨ ᠰᠤᠯᠢᠯᠴᠠᠭ᠎ᠠ ᠶᠢ ᠴᠢᠩᠭᠠᠳᠬᠠᠬᠤ ᠳᠤ ᠲᠠᠪᠴᠠᠩ ᠬᠠᠩᠭᠠᠬᠤ ᠶᠢᠨ ᠬᠠᠮᠲᠦ ᠮᠠᠨ ᠤ ᠬᠤᠰᠢᠭᠤᠨ ᠤ ᠰᠠᠭᠰᠤᠨ ᠪᠥᠮᠪᠦᠭᠡᠨ ᠤ ᠦᠢᠯᠡᠰ ᠤᠨ ᠬᠥᠭᠵᠢᠯᠲᠡ ᠳᠤ ᠳᠥᠯᠬᠢᠴᠡ ᠦᠢᠯᠡᠳᠦᠯ ᠦᠵᠡᠭᠦᠯᠬᠦ ᠪᠣᠯᠣᠨ᠎ᠠ ᠭᠡᠵᠡᠢ᠃
     ᠶᠤᠰᠤᠯᠠᠯ ᠳᠡᠭᠡᠷ᠎ᠡ᠂ ᠬᠢᠨᠠᠭᠴᠢ ᠶᠢᠨ ᠲᠥᠯᠦᠭᠡᠯᠡᠭᠴᠢ ᠪᠣᠯᠣᠨ ᠲᠠᠮᠢᠷᠴᠢᠨ ᠤ ᠲᠥᠯᠦᠭᠡᠯᠡᠭᠴᠢ ᠠᠴᠠ ᠲᠤᠰ ᠲᠤᠰ ᠲᠠᠩᠭᠠᠷᠢᠭ ᠬᠢᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠣᠷᠣᠯᠳᠣᠭᠠᠨ ᠡᠬᠢᠯᠡᠭᠰᠡᠨ ᠢ ᠵᠠᠷᠯᠠᠪᠠ᠃
     ᠤᠷᠤᠯᠳᠤᠭᠠᠨ ᠳᠤ ᠪᠦᠬᠦ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠨᠠᠢᠮᠠᠨ ᠳᠤᠭᠤᠶᠢᠯᠠᠩ ᠣᠷᠣᠯᠴᠠᠵᠣ ᠭᠤᠷᠪᠠᠨ ᠡᠳᠦᠷ ᠤᠨ ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ ᠣᠷᠳᠣᠰ ᠬᠤᠲᠠ ᠶᠢᠨ ᠰᠠᠭᠰᠤᠨ ᠪᠥᠮᠪᠦᠭᠡᠨ ᠤ ᠨᠡᠶᠢᠬᠡᠮᠯᠢᠭ ᠤᠨ ᠲᠥᠯᠦᠭᠡᠯᠡᠭᠴᠢ ᠶᠢᠨ ᠠᠩᠭᠢ ᠲᠡᠷᠢᠭᠦᠯᠡᠵᠤ᠂ ᠣᠲᠤᠭ ᠬᠤᠰᠢᠭᠤᠨ ᠤ ᠲᠥᠯᠦᠭᠡᠯᠡᠭᠴᠢ ᠶᠢᠨ ᠠᠩᠭᠢ ᠪᠣᠯᠣᠨ ᠮᠠᠨ ᠤ ᠬᠤᠰᠢᠭᠤᠨ ᠤ ᠲᠥᠯᠦᠭᠡᠯᠡᠭᠴᠢ ᠶᠢᠨ ᠠᠩᠭᠢ ᠲᠤᠰ ᠲᠤᠰ ᠬᠤᠶᠠᠷ ᠭᠤᠷᠪᠠᠳᠤᠭᠠᠷ ᠨᠡᠷᠡᠰ ᠲᠤ ᠲᠤᠳᠤᠷᠠᠪᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号