ᠲᠤᠭᠠᠴᠠᠯᠠᠭᠰᠠᠨ ᠮᠠᠯᠵᠢᠯ ᠤᠨ ᠬᠡᠪ ᠵᠠᠭᠪᠤᠷ ᠨᠢ ᠬᠦᠳᠡᠭᠡ ᠨᠤᠳᠤᠭ ᠤᠨ ᠬᠦᠭᠵᠢᠯᠳᠡ ᠶᠢ ᠲᠦᠷᠬᠡᠳᠬᠡᠬᠦ ᠰᠢᠰᠲ᠋ᠧᠮ ᠪᠣᠯᠵᠠᠢ
ᠨᠡᠶᠢᠲᠡᠯᠡᠭᠰᠡᠨ ᠴᠠᠭ᠄
2020/8/28
     ᠲᠤᠭ ᠪᠠᠯᠭᠠᠰᠤᠨ ᠤ ᠬᠤᠸᠠᠳᠤᠯᠤᠭᠠᠢ ᠭᠠᠴᠠᠭ᠎ᠠ ᠨᠢ 201 ᠡᠷᠦᠬᠡ ᠲᠠᠢ ᠪᠠᠶᠢᠵᠦ 618 ᠬᠦᠮᠦᠨ ᠠᠮᠠ᠂ 25.6 ᠲᠦᠮᠡᠨ ᠮᠤ᠋ ᠨᠤᠳᠤᠭ ᠪᠡᠯᠴᠢᠬᠡᠷ ᠲᠠᠢ᠂ ᠭᠤᠤᠯᠳᠠᠭᠤ ᠤᠷᠳᠤᠰ ᠨᠠᠷᠢᠨ ᠨᠤᠤᠰᠤᠳᠤ ᠬᠤᠨᠢ᠂ ᠨᠤᠳᠤᠭ ᠤᠨ ᠤᠯᠠᠭᠠᠨ ᠦᠬᠡᠷ ᠮᠠᠯᠵᠢᠬᠤ ᠪᠠᠷ ᠭᠤᠤᠯᠯᠠᠭᠰᠠᠨ ᠭᠠᠴᠠᠭ᠎ᠠ ᠪᠤᠯᠤᠨ᠎ᠠ᠃ ᠡᠭᠦᠨ ᠳᠤ ᠪᠠᠶᠢᠩᠭᠤ ᠰᠠᠭᠤᠭ᠎ᠠ ᠡᠷᠦᠬᠡ 87 ᠪᠠᠶᠢᠳᠠᠭ᠃ ᠭᠠᠴᠠᠭᠠᠨ ᠤ ᠬᠦᠮᠦᠨ ᠲᠤᠮᠳᠠᠴᠢ ᠶᠢᠨ ᠣᠷᠣᠯᠭ᠎ᠠ ᠲᠦᠮᠡᠨ ᠲᠦᠬᠦᠷᠢᠭ ᠲᠤ ᠬᠦᠷᠦᠭᠰᠡᠨ ᠴᠢᠨᠠᠷᠯᠢᠭ ᠬᠥᠭᠵᠢᠯᠳᠡ ᠶᠢᠨ ᠰᠠᠭᠤᠷᠢᠨ ᠲᠡᠭᠡᠷ᠎ᠡ ᠦᠷᠬᠦᠯᠵᠢᠯᠡᠨ ᠮᠠᠯ ᠠᠵᠤ ᠠᠬᠤᠢ ᠶᠢᠨ ᠬᠦᠭᠵᠢᠯᠳᠡ ᠶᠢ ᠴᠢᠨᠠᠷᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠪᠠᠷ ᠴᠢᠷᠮᠠᠶᠢᠵᠤ ᠪᠤᠢ᠃      ᠲᠤᠭ ᠪᠠᠯᠭᠠᠰᠤᠨ ᠤ ᠬᠤᠸᠠᠳᠤᠯᠤᠭᠠᠢ ᠭᠠᠴᠠᠭᠠᠨ ᠤ ᠨᠢᠭᠡᠳᠦᠬᠡᠷ ᠱᠦᠵᠢ ᠭᠠᠨᠳᠢᠭ᠄ ︽ᠮᠠᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶ᠎ᠠ ᠨᠢ ᠪᠠᠰᠠ ᠮᠡᠷᠬᠡᠵᠢᠯ ᠢ ᠴᠢᠬᠤᠯᠠᠴᠢᠯᠠᠵᠤ ᠦᠵᠡᠳᠡᠭ᠂ ᠥᠪᠦᠷ ᠮᠤᠩᠭᠤᠯ ᠤᠨ ᠠᠯᠳᠠᠨ ᠭᠠᠳᠠᠰᠤ ᠺᠤᠮᠫᠠᠨᠢ ᠶᠢᠨ ᠮᠡᠷᠭᠡᠵᠢᠯ ᠪᠠ ᠰᠢᠨ᠎ᠡ ᠪᠦᠳᠦᠬᠡᠭᠳᠡᠬᠦᠨ ᠨᠢ ᠶᠠᠭ ᠮᠠᠨ ᠤ ᠭᠠᠴᠠᠭᠠᠨ ᠤ ᠪᠤᠳᠠᠳᠠᠢ ᠪᠠᠶᠢᠳᠠᠯ ᠳᠤ ᠲᠣᠬᠢᠷᠠᠭᠰᠠᠨ ᠪᠠᠶᠢᠨ᠎ᠠ᠃ ᠮᠠᠨ ᠤ ᠭᠠᠴᠠᠭ᠎ᠠ ᠶᠢᠨ ᠪᠡᠯᠴᠢᠬᠡᠷ ᠲᠡᠶᠢᠮᠦ ᠶᠡᠭᠡ ᠪᠢᠰᠢ᠂ ᠠᠶᠢᠯ ᠠᠶᠢᠯ ᠤᠨ ᠪᠡᠯᠴᠢᠬᠡᠷ ᠤᠨ ᠬᠡᠪᠴᠢᠶ᠎ᠠ ᠨᠢ ᠪᠠᠭ᠎ᠠ ᠳᠡᠭᠡᠷ᠎ᠡ ᠠᠴᠠ ᠲᠠᠷᠢᠶᠠᠨ ᠭᠠᠵᠠᠷ ᠴᠤ ᠪᠠᠭ᠎ᠠ᠂ ᠬᠦᠳᠡᠯᠮᠦᠷᠢ ᠬᠦᠴᠦ ᠲᠤᠳᠠᠮᠠᠭ᠃ ᠡᠭᠦᠨ ᠳᠤ ᠬᠠᠨᠳᠤᠭᠤᠯᠤᠭᠠᠳ ᠪᠢᠳᠠ ᠥᠪᠦᠷ ᠮᠤᠩᠭᠤᠯ ᠤᠨ ᠠᠯᠳᠠᠨ ᠭᠠᠳᠠᠰᠤ ᠺᠤᠮᠫᠠᠨᠢ ᠶᠢᠨ ᠮᠡᠷᠭᠡᠵᠢᠯ ᠪᠠ ᠰᠢᠨ᠎ᠡ ᠪᠦᠳᠦᠬᠡᠭᠳᠡᠬᠦᠨ ᠢ ᠲᠤᠷᠰᠢᠨ ᠬᠡᠷᠡᠭᠵᠢᠬᠦᠯᠵᠦ ᠪᠠᠶᠢᠭ᠎ᠠ ᠶᠤᠮ︾ ᠭᠡᠪᠡ᠃      ᠪᠡᠯᠴᠢᠬᠡᠷ ᠨᠤᠳᠤᠭ ᠤᠨ ᠲᠠᠯᠠᠪᠠᠢ ᠪᠠᠭ᠎ᠠ ᠮᠦᠷᠳᠡᠬᠡᠨ ᠬᠦᠳᠡᠯᠮᠦᠷᠢ ᠬᠦᠴᠦᠨ ᠨᠠᠰᠤᠵᠢᠵᠤ ᠪᠠᠶᠢᠬᠤ ᠪᠠᠶᠢᠳᠠᠯ ᠡᠯ᠎ᠡ ᠭᠠᠴᠠᠭ᠎ᠠ ᠲᠤᠰᠬᠤᠨ ᠳᠤ ᠪᠦᠷ ᠤᠷᠤᠰᠢᠵᠤ ᠪᠠᠶᠢᠨ᠎ᠠ᠃ ᠤᠷᠳᠤᠰ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶ᠎ᠠ ᠬᠤᠸᠠᠳᠤᠯᠤᠭᠠᠢ ᠭᠠᠴᠠᠭ᠎ᠠ ᠶᠢ ᠲᠠᠭᠠᠭᠠᠴᠢᠯᠠᠨ ᠲᠡᠳᠬᠦᠭᠰᠡᠨ ᠠᠴᠠ ᠨᠠᠰᠢ ᠪᠠᠶᠢᠭᠤᠯᠭ᠎ᠠ ᠶᠢᠨ ᠢᠶᠠᠨ ᠲᠠᠪᠠᠭᠤᠯᠢᠭ ᠢ ᠭᠠᠴᠠᠭᠠᠨ ᠤ ᠬᠦᠭᠵᠢᠯᠳᠡ ᠳᠤ ᠠᠭᠤᠰᠬᠠᠬᠤ ᠶᠢᠨ ᠲᠥᠯᠥᠭᠡ 2019 ᠣᠨ  ᠳᠤ ᠥᠪᠦᠷ ᠮᠤᠩᠭᠤᠯ ᠤᠨ ᠠᠯᠳᠠᠨ ᠭᠠᠳᠠᠰᠤ ᠺᠤᠮᠫᠠᠨᠢ ᠲᠠᠢ ᠬᠠᠮᠳᠤᠷᠠᠵᠤ ᠲᠤᠭᠠᠴᠠᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ ᠬᠡᠪ ᠵᠠᠭᠪᠤᠷ ᠢ ᠬᠤᠸᠠᠳᠤᠯᠠᠭᠠᠢ ᠭᠠᠴᠠᠭᠠᠨ ᠳᠤ ᠲᠤᠷᠰᠢᠨ ᠬᠡᠷᠡᠭᠵᠢᠬᠦᠯᠦᠬᠡᠳ ᠡᠨᠡ ᠵᠢᠯ ᠪᠣᠯᠬᠤ ᠳᠤ ᠮᠠᠯᠴᠢᠳ ᠰᠢᠮ᠎ᠡ ᠲᠡᠵᠢᠬᠡᠯᠳᠦ ᠦᠨᠳᠦᠷ ᠬᠤᠷᠢᠶᠠᠯᠳᠠᠳᠤ ᠲᠡᠵᠢᠬᠡᠯ ᠡᠪᠡᠰᠦ ᠪᠠᠷ ᠬᠤᠨᠢ ᠦᠬᠡᠷ ᠤᠨ ᠢᠶᠠᠨ ᠲᠡᠵᠢᠬᠡᠯ ᠡᠪᠡᠰᠦᠨ ᠤ ᠲᠤᠳᠠᠭᠳᠠᠯ ᠢ ᠰᠢᠢᠳᠪᠤᠷᠢᠯᠠᠵᠤ ᠴᠢᠳᠠᠬᠤ ᠪᠤᠯᠤᠯ᠎ᠠ᠃ ᠡᠭᠦᠨ ᠤ ᠬᠠᠮᠳᠤ᠂ ᠮᠠᠯ ᠮᠠᠯᠵᠢᠯ ᠳᠡᠭᠡᠷ᠎ᠡ ᠤᠬᠠᠭᠠᠨᠯᠢᠭ ᠰᠢᠰᠲ᠋ᠧᠮ ᠢ ᠬᠡᠷᠡᠭᠯᠡᠭᠰᠡᠨ ᠢᠶᠠᠷ ᠤᠰᠤᠯᠠᠬᠤ᠂ ᠲᠡᠵᠢᠬᠡᠬᠦ᠂ ᠬᠠᠷᠢᠭᠤᠯᠬᠤ ᠳᠤ ᠪᠦᠷ ᠤᠬᠠᠭᠠᠨᠯᠢᠭ ᠢᠶᠠᠷ ᠬᠠᠮᠢᠶᠠᠷᠤᠯᠳᠠ ᠬᠢᠵᠦ ᠬᠦᠳᠡᠯᠮᠦᠷᠢ ᠬᠦᠴᠦ ᠶᠢ ᠠᠷᠪᠢᠯᠠᠵᠤ ᠦᠷ᠎ᠡ ᠠᠰᠢᠭ ᠢ ᠨᠡᠮᠡᠭᠳᠡᠬᠦᠯᠵᠦ ᠪᠡᠯᠴᠢᠬᠡᠷ ᠤᠨ ᠨᠦᠬᠦᠨ ᠰᠡᠷᠬᠦᠬᠡᠯᠳᠡ᠂ ᠪᠡᠯᠴᠢᠬᠡᠷ ᠤᠨ ᠮᠠᠯ ᠠᠵᠤ ᠠᠬᠤᠢ ᠶᠢᠨ ᠡᠬᠡᠯᠵᠢᠯᠡᠨ ᠮᠠᠯᠵᠢᠬᠤ ᠶᠢ ᠴᠤ ᠪᠡᠶᠡᠯᠡᠬᠦᠯᠦᠭᠰᠡᠨ ᠤ ᠬᠠᠮᠳᠤ ᠴᠠᠭ ᠠᠭᠠᠷ ᠤᠨ ᠪᠠᠶᠢᠳᠠᠯ᠂ ᠭᠠᠵᠠᠷ ᠬᠦᠷᠦᠰᠦᠨ ᠤ ᠪᠠᠶᠢᠳᠠᠯ ᠢ ᠬᠡᠮᠵᠢᠵᠤ ᠲᠡᠶᠢᠯᠬᠦ ᠪᠤᠯᠤᠯ᠎ᠠ᠃ ᠲᠤᠭᠠᠴᠠᠯᠠᠭᠰᠠᠨ ᠮᠠᠯ ᠠᠵᠤ ᠠᠬᠤᠢ ᠶᠢᠨ ᠬᠡᠪ ᠵᠠᠭᠪᠤᠷ ᠨᠢ ᠪᠡᠯᠴᠢᠬᠡᠷ ᠤᠨ ᠮᠠᠯ ᠠᠵᠤ ᠠᠬᠤᠢ  ᠶᠢᠨ ᠰᠢᠨᠵᠢᠯᠡᠬᠦ ᠤᠬᠠᠭᠠᠨᠴᠢᠯᠠᠯᠳᠠ ᠶᠢ ᠠᠯᠬᠤᠮ ᠠᠯᠬᠤᠮ ᠢᠶᠠᠷ ᠪᠡᠶᠡᠯᠡᠭᠦᠯᠵᠦ ᠪᠠᠶᠢᠨ᠎ᠠ᠃      ᠦᠪᠤᠷ ᠮᠤᠩᠭᠤᠯ ᠤᠨ ᠠᠯᠳᠠᠨ ᠭᠠᠳᠠᠰᠤ ᠺᠤᠮᠫᠠᠨᠢ ᠶᠢᠨ ᠤᠳᠤᠷᠢᠳᠬᠤ ᠵᠦᠪᠯᠡᠯ ᠤᠨ ᠲᠠᠷᠤᠭ᠎ᠠ ᠬᠠᠰᠪᠤᠯᠤ᠄ ︽ᠮᠠᠨ ᠤ ᠲᠤᠭᠠᠴᠠᠮᠠᠯ ᠮᠠᠯ ᠠᠵᠤ ᠠᠬᠤᠢ᠂ ᠤᠬᠠᠭᠠᠨᠯᠢᠭ ᠲᠠᠯ᠎ᠠ ᠨᠤᠳᠤᠭ ᠭᠡᠰᠡᠨ ᠲᠠᠪᠴᠠᠩ ᠪᠤᠯ ᠲᠤᠭᠠᠴᠠᠯᠠᠭᠰᠠᠨ ᠰᠢᠰᠲ᠋ᠧᠮ ᠢ ᠪᠦᠷᠢᠯᠳᠤᠭᠦᠯᠦᠬᠡᠳ ᠪᠢᠳᠠ ᠰᠦᠯᠵᠢᠶᠠᠨ ᠤ ᠲᠠᠪᠴᠠᠩ ᠢᠶᠠᠷ ᠮᠠᠯ ᠲᠠᠷᠢᠶᠠᠯᠠᠩ ᠠᠵᠦ ᠠᠬᠤᠢ ᠶᠢᠨ ᠪᠦᠲᠦᠭᠡᠭᠳᠡᠬᠦᠨ ᠢ ᠪᠤᠷᠤᠯᠠᠭᠤᠯᠵᠦ᠂ ᠲᠤᠰ ᠰᠢᠰᠲ᠋ᠧᠮ ᠨᠢ ᠲᠤᠭᠠᠴᠠᠯᠠᠭᠰᠠᠨ ᠮᠠᠯ ᠠᠵᠤ ᠠᠬᠤᠢ ᠶᠢᠨ ᠬᠡᠰᠡᠭ᠂ ᠪᠤᠷᠤᠯᠠᠭᠤᠯᠤᠯᠳᠠ ᠶᠢᠨ ᠰᠢᠰᠲ᠋ᠧᠮ ᠬᠡᠬᠦ ᠬᠤᠶᠠᠷ ᠶᠡᠭᠡ ᠬᠡᠰᠡᠭ ᠲᠠᠢ᠃ ᠪᠢᠳᠠᠨ ᠤ ᠡᠴᠤᠰ ᠤᠨ ᠵᠤᠷᠢᠯᠭ᠎ᠠ ᠪᠤᠯ ᠬᠦᠳᠡᠭᠡ ᠤᠷᠤᠨ ᠨᠤᠳᠤᠭ ᠢ ᠬᠦᠭᠵᠢᠬᠦᠯᠬᠦ ᠶᠠᠪᠤᠳᠠᠯ ᠪᠤᠯᠤᠨ᠎ᠠ︾ ᠭᠡᠪᠡ᠃      ᠲᠤᠭᠠᠴᠠᠯᠠᠭᠰᠠᠨ ᠮᠠᠯ ᠠᠵᠤ ᠠᠬᠤᠢ ᠶᠢ ᠬᠦᠭᠵᠢᠬᠦᠯᠬᠦ ᠪᠠᠷ ᠬᠠᠰᠪᠤᠯᠤ 2013 ᠣᠨ ᠠᠴᠠ ᠬᠠᠮᠳᠤ ᠤᠯᠠᠨ  ᠲᠠᠢ ᠪᠠᠨ ᠴᠢᠷᠮᠠᠶᠢᠵᠤ ᠡᠬᠢᠯᠡᠵᠡᠢ᠃ ᠤᠯᠠᠨ ᠤᠯᠠᠨ ᠰᠤᠳᠤᠯᠭ᠎ᠠ᠂ ᠬᠦᠴᠢᠷᠳᠡᠯ ᠢ ᠲᠤᠭᠤᠯᠤᠨ ᠦᠨᠦᠳᠦᠷ ᠪᠣᠯᠬᠤ ᠳᠤ ᠮᠠᠯᠴᠢᠳ ᠤᠨ ᠦᠢᠯᠡᠳᠪᠤᠷᠢᠯᠠᠯ ᠠᠮᠢᠳᠤᠷᠠᠯ ᠢ ᠥᠭᠡᠷᠡᠴᠢᠯᠡᠵᠦ ᠤᠷᠤᠯᠭ᠎ᠠ ᠶᠢ ᠨᠢ ᠨᠡᠮᠡᠭᠳᠡᠬᠦᠯᠤᠨ ᠢᠵᠢ ᠪᠦᠷᠢᠨ ᠰᠢᠰᠲ᠋ᠧᠮ ᠪᠣᠯᠵᠣ ᠴᠢᠳᠠᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号