ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠴᠢᠬᠡᠴᠢ ᠵᠠᠰᠠᠭ ᠤᠨ ᠠᠵᠢᠯ ᠬᠠᠤᠯᠢᠵᠢᠯ ᠵᠠᠰᠠᠭ ᠤᠨ ᠣᠷᠳᠣᠨ ᠤ ᠪᠥᠳᠥᠭᠡᠨ ᠪᠠᠶᠢᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-03
     7 ᠰᠠᠷ᠎ᠠ ᠶᠢᠨ 29 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2020 ᠣᠨ ᠤ ᠴᠢᠬᠡᠴᠢ ᠵᠠᠰᠠᠭ‌‍ᠤᠨ ᠠᠵᠢᠯ᠂ ᠬᠠᠤᠯᠢᠵᠢᠯ ᠵᠠᠰᠠᠭ ᠤᠨ ᠣᠷᠳᠣᠨ ᠤ ᠪᠥᠳᠥᠭᠡᠨ ᠪᠠᠶᠢᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠯᠢᠨ ᠶᠦᠩ ᠭᠠᠩ᠂ ᠬᠤᠰᠢᠭᠤ ᠳᠡᠳ᠋ ᠳᠠᠷᠤᠭ᠎ᠠ ᠵᠧᠤ ᠱᠤᠸᠠᠢ᠂ ᠪᠠᠶᠠᠨᠴᠡᠩᠭᠡᠯ ᠪᠤᠯᠤᠨ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠤᠭᠤᠷᠢᠭ᠂ ᠡᠯ᠎ᠡ ᠰᠤᠮᠤ ᠪᠠᠯᠭᠠᠰᠤᠨ ᠤ ᠳᠠᠷᠤᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠢ ᠪᠣᠯᠤᠨ ᠠᠵᠤ ᠠᠬᠤᠶᠢᠯᠠᠯ ᠠᠵᠢᠯ ᠥᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠬᠤᠷᠠᠯ ᠢ ᠡᠷᠬᠢᠯᠡᠪᠡ᠃
           ᠵᠤᠤ ᠹᠸᠢ ᠯᠦ ᠶᠠᠷᠢᠭᠰᠠᠨ ᠨᠢ᠂ ᠥᠩᠭᠡᠷᠡᠭᠰᠡᠨ ᠨᠢᠭᠡ ᠵᠢᠯ ᠳᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ ᠳᠦᠷᠢᠮ ᠤᠨ ᠲᠤᠭᠳᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠥᠨᠵᠡᠭᠡᠶᠢᠷᠠᠭᠦᠯᠤᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠭᠠᠳᠬᠠᠵᠤ ᠬᠠᠤᠯᠢᠵᠢᠯ ᠵᠠᠰᠠᠭ ᠤᠨ ᠣᠷᠳᠣᠨ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ ᠭᠡᠵᠡᠢ᠃
     ᠵᠤᠤ ᠹᠸᠢ ᠯᠦ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠰᠢᠢᠳᠪᠦᠷᠢᠲᠤ ᠢᠯᠠᠯᠲᠠ ᠤᠯᠬᠤ ᠵᠢᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ‌‍ᠤ ᠢᠯᠠᠯᠲᠠ ᠶᠢᠨ ᠲᠡᠭᠦᠰᠬᠡᠯ ᠤᠨ ᠵᠢᠯ ᠪᠣᠯᠤᠨ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠪᠦᠬᠦ ᠵᠢᠯ ᠤᠨ ᠬᠠᠷᠠᠯᠲᠠ ᠶᠢᠨ ᠲᠣᠭᠤᠷᠢᠨ ᠳᠤ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠲᠣᠭᠲᠠᠭᠠᠬᠤ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠳᠦᠷᠢᠮ ᠲᠣᠭᠲᠠᠭᠠᠯ ᠲᠡᠭᠦᠯᠳᠡᠷ ᠪᠤᠰᠤ᠂ ᠠᠵᠢᠯ ᠤᠨ ᠦᠷ᠎ᠡ ᠪᠦᠲᠦᠮᠵᠢ ᠥᠨᠳᠥᠷ ᠪᠤᠰᠤ᠂ ᠬᠠᠷᠢᠭᠤᠴᠠᠯᠭᠠᠳᠤ ᠰᠡᠳᠬᠢᠯᠭᠡ ᠴᠢᠩᠭ᠎ᠠ ᠪᠢᠰᠢ ᠵᠡᠷᠭᠡ ᠠᠰᠠᠭᠤᠳᠠᠯ ᠢ ᠰᠢᠢᠳᠪᠤᠷᠢᠯᠠᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠭᠢᠭᠤᠯᠬᠤ ᠭᠡᠷᠡᠭᠳᠠᠢ ᠭᠡᠵᠡᠢ᠃      ᠵᠤᠤ ᠹᠸᠢ ᠯᠦ ᠱᠠᠭᠠᠷᠳᠠᠭᠰᠠᠨ ᠨᠢ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠲᠣᠭᠲᠠᠭᠠᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠳᠦᠷᠢᠮ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ ᠨᠠᠮ ᠤᠨ ᠳᠣᠲᠣᠭᠠᠳᠤ᠂ ᠵᠠᠰᠠᠭ ᠵᠠᠬᠢᠷᠭ᠎ᠠ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠴᠢᠩᠭ᠎ᠠ ᠠᠳᠬᠤᠬᠤ ᠭᠡᠷᠡᠭᠳᠠᠢ ᠃ ᠬᠠᠤᠯᠢᠵᠢᠯ ᠵᠠᠰᠠᠭ ᠤᠨ ᠣᠷᠳᠣᠨ ᠣᠶᠤᠨᠴᠢᠯᠠᠭᠰᠠᠨ ᠨᠢᠭᠡ ᠴᠤᠭᠴᠠᠴᠢᠯᠠᠭᠰᠠᠨ ᠲᠠᠪᠴᠠᠩ ᠢ ᠠᠰᠢᠭᠯᠠᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠥᠷᠨᠢᠭᠦᠯᠵᠦ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠭᠢᠭᠤᠯᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠠᠭᠦᠯᠭᠦ ᠭᠡᠷᠡᠭᠳᠠᠢ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠪᠣᠯ ᠡᠨᠡ ᠵᠢᠯ ᠤᠨ ᠠᠵᠢᠯ ᠢ ᠰᠠᠶᠢᠳᠤᠷ ᠬᠢᠬᠦ ᠶᠢᠨ ᠭᠤᠤᠯᠳᠠᠯᠭ᠎ᠠ ᠮᠥᠨ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠲᠡᠭᠡᠳᠤ ᠱᠠᠲᠤᠨ ᠤ ᠵᠣᠷᠢᠭ ᠰᠠᠨᠠᠭ᠎ᠠ ᠪᠠ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠳᠤᠯᠤᠨ ᠠᠵᠢᠯ ᠤᠨ ᠠᠷᠭ᠎ᠠ ᠪᠠᠷᠢᠯ ᠤᠨ ᠰᠢᠨ᠎ᠠ ᠶᠢ ᠡᠭᠦᠳᠴᠤ ᠵᠢᠯ ᠤᠨ ᠡᠬᠢᠨ ᠳᠤ ᠲᠤᠭᠳᠠᠭᠠᠭᠰᠠᠨ ᠡᠯ᠎ᠡ ᠲᠥᠷᠤᠯ ᠤᠨ ᠡᠭᠦᠷᠭᠡ ᠶᠢ ᠰᠠᠶᠢᠳᠤᠷ ᠪᠡᠶᠡᠯᠡᠭᠦᠯᠬᠦ ᠬᠡᠷᠡᠭᠲᠡᠶ ᠭᠡᠵᠡᠢ᠃
     ᠵᠤᠤ ᠹᠸᠢ ᠯᠦ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ ᠠᠷᠠᠳ ᠲᠦᠮᠡᠨ ᠢᠶᠠᠷ ᠭᠤᠤᠯ ᠪᠤᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ ᠦᠵᠡᠯ ᠰᠠᠨᠠᠭ᠎ᠠ ᠪᠠᠨ ᠨᠢᠭᠡᠳᠭᠡᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠰᠤᠷᠳᠠᠯ ᠢᠶᠠᠨ ᠬᠤᠪᠢᠷᠠᠭᠤᠯᠵᠤ ᠠᠵᠤ ᠠᠬᠤᠶ ᠨᠡᠶᠢᠭᠡᠮ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ‌‍ᠤ ᠢᠯᠠᠯᠲᠠ ᠶᠢ ᠣᠯᠬᠤ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠳᠤᠷ ᠵᠠᠮᠨᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠵᠡᠢ᠃      ᠬᠤᠷᠠᠯ ᠳᠡᠭᠡᠷ᠎ᠡ᠂ ᠵᠠᠩ ᡁᠢ ᠰᠢᠦ᠋ᠩ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠲᠤᠭ ᠪᠠᠯᠭᠠᠰᠤᠨ ᠤ ᠬᠠᠷᠢᠭᠤᠴᠠᠯᠭᠠᠲᠠᠨ ᠲᠣᠰ ᠲᠣᠰ ᠶᠠᠷᠢᠶ᠎ᠠ ᠲᠠᠯᠪᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号