ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠮᠲᠤᠷᠠᠨ ᠬᠥᠳᠡᠯᠦᠯᠴᠡᠬᠦ ᠲᠤᠭᠳᠠᠯᠴᠠᠭ᠎ᠠ ᠶᠢᠨ 11 ᠳ᠋ᠤᠭᠡᠷ ᠤᠳᠠᠭᠠᠨ  ᠤ ᠠᠯᠪᠠᠯᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-03
     7 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠰᠡᠴᠡᠨᠪᠢᠯᠢᠭ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠥᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠮᠲᠤᠷᠠᠨ ᠬᠥᠳᠡᠯᠦᠯᠴᠡᠬᠦ ᠲᠤᠭᠳᠠᠯᠴᠠᠭ᠎ᠠ ᠶᠢᠨ 11 ᠳ᠋ᠤᠭᠡᠷ ᠤᠳᠠᠭᠠᠨ ᠤ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠣᠷᠳᠣᠰ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠠᠭᠤᠯᠠ᠂ ᠬᠤᠰᠢᠭᠤ ᠤᠳᠤᠷᠢᠳᠤᠯᠭ᠎ᠠ ᠵᠧᠤ ᠱᠤᠸᠠᠢ᠂ ᠪᠠᠶᠠᠨᠴᠡᠩᠭᠡᠯ ᠪᠤᠯᠤᠨ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠥᠨᠵᠡᠭᠡᠢ ᠲᠤᠭᠤᠰᠢᠯᠠᠭᠤᠯᠤᠨ ᠤᠯᠤᠰ ᠲᠥᠷᠥ ᠶᠢ ᠡᠷᠬᠢᠮᠯᠡᠬᠦ ᠥᠨᠳᠤᠷᠴᠠ ᠠᠴᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠣᠶᠤᠨ ᠴᠢᠳᠠᠯ ᠢᠶᠠᠨ ᠲᠥᠪᠯᠡᠷᠡᠭᠦᠯᠦᠨ ᠪᠥᠬᠦ ᠬᠦᠴᠦᠨ ᠢᠶᠠᠷ ᠢᠶᠠᠨ ᠲᠥᠷᠥᠯ ᠵᠥᠢᠯ ᠢ ᠠᠳᠬᠤᠬᠤ ᠪᠠᠯᠠ ᠤᠷᠤᠭᠤᠯᠤᠯᠳᠠ ᠶᠢ ᠲᠣᠭᠲᠠᠭᠤᠨ ᠪᠠᠶᠢᠯᠭᠠᠬᠤ ᠶᠢ ᠣᠳᠣᠬᠠᠨ ᠤ ᠴᠢᠬᠤᠯᠠ ᠠᠵᠢᠯ ᠪᠤᠯᠭᠠᠨ ᠰᠠᠶᠢᠲᠤᠷ ᠠᠳᠬᠤᠵᠤ ᠣᠷᠳᠣᠰ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠭᠡᠷᠡᠭᠳᠠᠢ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠤᠷᠢᠯᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠭᠢᠴᠠ ᠶᠢ ᠲᠥᠷᠭᠡᠳᠭᠡᠭᠦ ᠭᠡᠷᠡᠭᠳᠠᠢ᠃ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠤᠷᠢᠯᠠᠨ ᠬᠠᠮᠢᠶᠠᠷᠤᠯᠲᠠ ᠶᠢᠨ ᠲᠤᠭᠳᠠᠯᠴᠠᠭ᠎ᠠ ᠶᠢᠨ ᠰᠢᠨ᠎ᠡ ᠶᠢ ᠡᠭᠦᠳᠴᠦ ᠠᠵᠢᠯ ᠤᠨ ᠠᠷᠭ᠎ᠠ ᠬᠡᠮᠵᠢᠶ᠎ᠡ ᠪᠠᠨ ᠬᠤᠪᠢᠷᠠᠭᠤᠯᠤᠨ ᠲᠥᠷᠥᠯ ᠵᠥᠢᠯ᠂ ᠮᠡᠷᠭᠡᠵᠢᠯ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ᠃ ᠲᠥᠷᠥᠯ ᠵᠦᠢᠯ ᠢ ᠲᠥᠰᠦᠪᠯᠡᠬᠦ᠂ ᠨᠥᠭᠡᠴᠡᠯᠡᠬᠦ᠂ ᠣᠷᠣᠭᠤᠯᠬᠤ ᠠᠵᠢᠯ ᠢ ᠪᠠᠶᠢᠩᠭᠤᠵᠢᠭᠤᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠠᠭᠦᠯᠳᠡᠷᠵᠢᠭᠦᠯᠤᠨ ᠭᠡᠯᠭᠢᠶᠠᠵᠢᠯ ᠢ ᠤᠷᠲᠤᠳᠬᠠᠬᠤ᠂ ᠨᠥᠬᠦᠪᠥᠷᠢᠯᠡᠬᠦ᠂ ᠴᠢᠩᠭᠠᠳᠬᠠᠬᠤ ᠲᠣᠭᠤᠷᠢᠨ ᠳᠤ ᠨᠢᠭᠡ ᠪᠦᠯᠦᠭ ᠲᠣᠮᠣ ᠲᠥᠷᠥᠯ ᠵᠥᠢᠯ᠂ ᠰᠠᠶᠢᠨ ᠲᠥᠷᠥᠯ ᠵᠥᠢᠯ ᠢ ᠤᠷᠤᠭᠤᠯᠤᠨ ᠠᠵᠤ ᠥᠢᠯᠡᠰ ᠤᠨ ᠭᠥᠭᠵᠢᠯᠳᠠ ᠶᠢ ᠠᠭᠢᠭᠤᠯᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号