ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠬᠢᠯᠭᠠᠨ ᠮᠡᠳᠡᠭᠡ 7 ᠰᠠᠷ᠎ᠠ ᠶᠢᠨ 28 ᠤ | ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠦᠩ ᠨᠠᠨ ᠬᠠᠶ ᠳᠤ ᠨᠠᠮ ᠤᠨ ᠭᠠᠳᠠᠨᠠᠬᠢ | ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ ᠪᠠᠶᠢᠳᠠᠯ ᠪᠠ ᠳᠣᠤᠷ᠎ᠠ | ᠬᠠᠭᠠᠰ ᠵᠢᠯ ᠤᠨ ᠠᠵᠤ ᠠᠬᠤᠶ ᠶᠢᠨ ᠠᠵᠢᠯ ᠤᠨ ᠲᠤᠬᠠᠶ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠤᠯᠤᠨ ᠨᠠᠮ ᠪᠦᠯᠦᠭ ᠤᠨ | ᠪᠤᠰᠤ ᠬᠥᠮᠦᠰ ᠤᠨ ᠲᠥᠯᠥᠭᠡᠯᠡᠭᠴᠢᠳᠤᠨ ᠰᠠᠨᠠᠯ ᠰᠠᠨᠠᠭᠤᠯᠭ᠎ᠠ ᠶᠢ ᠰᠣᠨᠣᠰᠴᠠᠢ᠃ ᠳᠤᠮᠳᠠᠳᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠬᠢᠯᠡᠭᠰᠡᠨ | ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠠᠵᠤ ᠠᠬᠤᠢᠶᠢᠨ ᠪᠠᠶᠢᠳᠠᠯ ᠢ ᠵᠥᠪ ᠢᠶᠠᠷ ᠲᠠᠨᠢᠨ᠂ ᠭᠦᠨᠵᠡᠭᠡᠶ | ᠪᠠᠶᠢᠴᠠᠭᠠᠨ ᠰᠤᠳᠤᠯᠤᠯᠲᠠ ᠬᠢᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠡᠩ ᠶᠡᠭᠡ | ᠡᠷᠴᠢᠮ ᠢᠶᠠᠷ ᠠᠬᠢᠭᠤᠯᠵᠤ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠢᠷ ᠠᠰᠠᠭᠤᠳᠠᠯ ᠢ | ᠢᠳᠡᠪᠬᠢᠲᠡᠶ ᠰᠢᠢᠳᠪᠦᠷᠢᠯᠡᠨ᠂ ᠡᠯ᠎ᠠ ᠲᠠᠯ᠎ᠠ ᠠᠴᠠ ᠢᠷᠡᠭᠰᠡᠨ ᠠᠶᠤᠯ ᠲᠦᠭᠰᠢᠭᠦᠷᠢ ᠥᠷᠢᠰᠥᠯᠳᠦᠭᠡᠨ ᠪᠠ ᠯᠤᠲᠤ ᠶᠡᠭᠡ | ᠳᠠᠷᠤᠯᠲᠠ ᠶᠢ ᠠᠷᠢᠯᠭᠠᠵᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠥᠯᠳᠦᠭᠡᠨ ᠢ ᠢᠯᠠᠨ ᠳᠠᠪᠠᠭ᠋ᠤ ᠳᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠷᠬᠡᠭ | ᠶᠡᠭᠡ ᠬᠦᠴᠦᠨ ᠢ ᠬᠤᠷᠠᠮᠳᠤᠭᠤᠯᠬᠤ ᠬᠡᠷᠡᠭᠳᠠᠢ᠃ ᠪᠢᠳᠡᠨ ᠳᠤ ᠦᠷᠢᠰᠦᠯᠳᠦᠭᠡᠨ ᠢ ᠠᠷᠭᠠᠴᠠᠭᠠᠬᠤ ᠡᠷᠡᠰ ᠪᠠᠳᠤ | ᠢᠳᠡᠭᠡᠯ᠂ ᠡᠷᠡᠰ ᠬᠠᠳᠠᠨ ᠵᠤᠷᠢᠭ᠂ ᠪᠠᠳᠤ ᠴᠢᠩᠭ᠎ᠠ ᠤᠯᠤᠰ ᠤᠨ ᠬᠦᠴᠦᠨ ᠲᠠᠢ ᠶᠤᠮ᠂ ᠪᠢᠳᠡᠨ ᠳᠤ ᠡᠯ᠎ᠡ ᠵᠦᠢᠯ ᠤᠨ | ᠠᠶᠤᠯ ᠲᠦᠭᠰᠢᠭᠦᠷᠢ ᠰᠢᠯᠭᠠᠯᠲᠠ ᠶᠢ ᠲᠤᠭᠤᠯᠤᠨ ᠳᠠᠪᠠᠭ᠋ᠤ ᠰᠦᠰᠦ ᠵᠤᠷᠢᠭ᠂ ᠬᠦᠴᠦᠨ ᠴᠢᠳᠠᠪᠤᠷᠢ ᠪᠠ ᠤᠶᠤᠨ | ᠤᠬᠠᠭᠠᠨ ᠪᠦᠷᠢᠨ ᠭᠦᠢᠴᠡᠳ ᠪᠠᠶᠢᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠲᠡᠦᠬᠡᠨ ᠠᠬᠢᠴᠠ ᠶᠢ ᠠᠯᠢ ᠤᠯᠤᠰ ᠶᠠᠮᠠᠷ ᠬᠦᠮᠦᠨ ᠴᠤ ᠬᠡᠳ ᠬᠤᠷᠢᠡᠡᠯᠠᠵᠤ ᠳᠡᠶᠢᠯᠬᠦ ᠦᠭᠡᠢ ᠶᠤᠮ ᠭᠡᠵᠤ | ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠬᠠᠨ ᠵᠧᠩ ᠶᠠᠷᠢᠯᠴᠠᠬᠤ ᠬᠤᠷᠠᠯ ᠳᠤ | ᠣᠷᠣᠯᠴᠠᠵᠠᠢ᠃ ᠯᠢ ᠺᠧ ᠴᠢᠶᠠᠩ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ | ᠪᠠᠶᠢᠳᠠᠯ ᠢ ᠮᠡᠳᠡᠭᠳᠡᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠣᠳᠣᠯᠬᠢᠯᠠᠯ ᠢ ᠲᠠᠨᠢᠯᠴᠠᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ | ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ | ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ | ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ | ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ | ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠴᠧᠨ ᠵᠦ᠂ | ᡁᠢᠭᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠸᠠᠨ ᠭᠠᠩ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ | ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠤ᠋ ᠬᠤᠢ᠂ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ | ᠬᠥᠮᠦᠰ ᠤᠨ ᠲᠥᠯᠥᠭᠡᠯᠡᠭᠴᠢ ᠯᠢ ᠸᠧᠢ ᠤᠷᠢᠳ ᠬᠤᠵᠢᠳ ᠦᠭᠡ ᠬᠡᠯᠡᠵᠠᠢ᠃ ᠲᠡᠳᠡ ᠣᠳᠣᠬᠠᠨ ᠤ ᠮᠠᠨ ᠤ | ᠤᠯᠤᠰ ᠤᠨ ᠠᠵᠤ ᠠᠬᠤᠢ ᠶᠢᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ | ᠬᠤᠷᠢᠶᠠᠨ ᠤ ᠵᠠᠳᠠᠯᠤᠯᠲᠠ ᠪᠤᠯᠤᠨ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠪᠣᠳᠣᠯᠬᠢᠯᠠᠯ ᠢ | ᠵᠥᠪᠰᠢᠶᠡᠷᠡᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠮᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠪᠠᠨ ᠰᠡᠷᠭᠦᠭᠡᠬᠦ ᠳᠤ ᠲᠣᠪᠤᠶᠢᠮ᠎ᠠ ᠠᠮᠵᠢᠯᠲᠠ ᠤᠯᠤᠭᠰᠠᠨ ᠢ ᠥᠨᠳᠥᠷ ᠦᠨᠡᠯᠡᠭᠰᠡᠡ | ᠪᠦᠭᠡᠳ ᠤᠯᠤᠰ ᠤᠨ ᠳᠣᠲᠣᠭᠠᠳᠤ ᠭᠠᠳᠠᠭᠠᠳᠦ ᠶᠢᠨ ᠬᠤᠣᠰ ᠤᠷᠴᠢᠯ ᠤᠨ ᠬᠠᠷᠢᠯᠴᠠᠨ ᠠᠬᠢᠭᠤᠯᠤᠯᠴᠠᠭᠰᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢᠨ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦ ᠪᠠᠨ ᠪᠠᠲᠤᠯᠠᠨ᠂ ᠤᠷᠢᠳᠠᠴᠢ ᠴᠢᠨᠠᠷᠳᠠᠢ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢ ᠰᠠᠶᠢᠲᠤᠷ | ᠬᠢᠵᠦ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ | ᠡᠬᠦᠷᠭᠡ ᠶᠢ ᠨᠠᠶᠢᠳᠠᠪᠤᠷᠢᠵᠢᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠤ ᠪᠠᠶᠢᠭᠠᠳ ᠮᠠᠨ ᠤ | ᠤᠯᠤᠰ ᠤᠨ ᠠᠵᠤ ᠦᠶ᠋ᠯᠡᠰ ᠤᠨ ᠬᠡᠯᠬᠢᠶ᠎ᠡ ᠪᠤᠯᠤᠨ ᠬᠠᠩᠭᠠᠯᠭ᠎ᠠ ᠶᠢᠨ ᠭᠡᠯᠬᠢᠶ᠎ᠠ ᠶᠢᠨ ᠠᠮᠤᠷ ᠲᠦᠪᠰᠢᠨ ᠢ ᠪᠠᠲᠤᠯᠠᠵᠤ᠂ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠲᠡᠬᠦ ᠠᠵᠢᠯ ᠢ ᠨᠢᠭᠡᠲᠦᠯᠲᠡᠢ ᠲᠦᠯᠦᠪᠵᠢᠭᠦᠯᠦᠨ | ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠠ | ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠠᠵᠢᠯ ᠤᠨ ᠪᠠᠶᠢᠷᠢ ᠡᠭᠦᠳᠴᠤ᠂ ᠠᠮᠤ ᠪᠤᠳᠠᠭᠠᠨ ᠤ | ᠠᠮᠤᠷ ᠲᠦᠪᠰᠢᠨ ᠢ ᠪᠠᠳᠤᠯᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠂ ᠠᠵᠤ ᠠᠬᠤᠶᠢᠯᠠᠯ ᠤᠨ ᠰᠢᠨ᠎ᠡ ᠠᠮᠢ | ᠠᠬᠤᠶ ᠶᠢ ᠴᠤᠭᠴᠠᠯᠠᠵᠤ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠪᠡᠯᠡ | ᠣᠷᠣᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠲᠠᠭᠤᠨ ᠢᠶᠠᠷ | ᠠᠬᠢᠭᠤᠯᠤᠨ᠂ ᠤᠯᠠᠨ ᠤᠯᠤᠰ ᠤᠨ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠣᠯᠭᠠᠬᠤ ᠵᠡᠷᠭᠡ ᠲᠠᠯ᠎ᠠ ᠪᠠᠷ | ᠰᠠᠨᠠᠯ ᠰᠠᠨᠠᠭᠤᠯᠭ᠎ᠠ ᠳᠤᠷᠠᠳᠴᠠᠢ᠃ | ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠰᠠᠶ᠋ᠢᠬᠠᠨ ᠣᠯᠠᠨ ᠢᠶᠠᠷ ᠢᠶᠠᠨ ᠲᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯ ᠳᠤ | ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠳᠤ ᠣᠳᠣᠬᠠᠨ ᠤ ᠠᠵᠤ ᠠᠬᠤᠶ ᠶᠢᠨ ᠪᠠᠶᠢᠳᠠᠯ ᠢ | ᠵᠥᠪ ᠢᠶᠠᠷ ᠲᠠᠨᠢᠬᠤ᠂ ᠳᠣᠤᠷ᠎ᠠ ᠬᠠᠭᠠᠰ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠮᠠᠰᠢ | ᠴᠢᠩᠭ᠎ᠠ ᠴᠢᠭᠯᠡᠭᠦᠯᠦᠯᠳᠦ ᠴᠢᠨᠠᠷ ᠲᠠᠢ ᠰᠠᠨᠠᠯ ᠳᠤᠷᠠᠳᠴᠠᠶ᠃ ᠪᠢᠳᠡ ᠨᠠᠷᠢᠨ ᠬᠢᠨᠠᠮᠠᠭᠠᠶ ᠰᠤᠳᠤᠯᠵᠤ᠂ ᠢᠳᠡᠪᠬᠢᠲᠡᠶ ᠪᠠᠷ | ᠬᠦᠯᠢᠶᠡᠨ ᠠᠪᠤᠨ᠎ᠠ ᠭᠡᠵᠦ ᠢᠯᠡᠳᠭᠡᠪᠡ᠃ | ᠰᠢ ᠶᠢᠨ ᠫᠢᠩ᠂ ᠡᠨᠡ ᠵᠢᠯ ᠡᠬᠢᠯᠡᠮᠡᠭᠴᠡ ᠪᠢᠳᠡ ᠭᠡᠨᠡᠳᠲᠡ ᠶᠢᠨ ᠬᠠᠲᠠᠭᠤ ᠰᠢᠯᠭᠠᠯᠲᠠ ᠳᠤ ᠲᠤᠯᠭᠠᠷᠠᠵᠠᠢ᠃ | ᠡᠨᠡ ᠤᠳᠠᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠤᠯ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠠᠴᠠ ᠨᠠᠭᠠᠰᠢ ᠮᠠᠨ ᠤ ᠤᠯᠤᠰ ᠲᠤ ᠲᠤᠯᠭᠠᠷᠠᠭᠰᠠᠠ ᠲᠠᠷᠬᠠᠬᠤ ᠬᠤᠷᠳᠤᠴᠠ ᠪᠠᠷ | ᠬᠠᠮᠤᠭ ᠤᠨ ᠲᠦᠷᠭᠡᠨ᠂ ᠬᠠᠯᠳᠠᠪᠤᠷᠢᠯᠠᠭᠰᠠᠨ ᠬᠡᠪᠴᠢᠶ᠎ᠡ ᠪᠠᠷ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ | ᠬᠦ᠋ᠴᠢᠷᠳᠡᠯ ᠢᠶᠠᠷ ᠬᠠᠮᠤᠭ ᠤᠨ ᠶᠡᠭᠡ ᠨᠢᠭᠡ ᠤᠳᠠᠭ᠎ᠠ ᠶᠢᠨ ᠭᠡᠨᠡᠳᠲᠡ ᠶᠢᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠦᠨᠳᠤ ᠶᠡᠭᠡ ᠶᠠᠪᠤᠳᠠᠯ ᠪᠤᠯᠤᠨ᠎ᠠ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠲᠠᠭᠠᠷᠢᠯᠳᠠ ᠤᠴᠠᠷᠠᠭᠤᠯᠵᠠᠢ᠃ ᠡᠨᠡ ᠤᠳᠠᠭ᠎ᠠ ᠶᠢᠨ ᠬᠠᠲᠠᠭᠤ | ᠰᠢᠷᠦᠭᠦᠨ ᠲᠡᠮᠡᠴᠡᠯ ᠳᠤᠮᠳᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠤᠨ ᠨᠠᠮ ᠪᠦᠯᠦᠭ ᠤᠨ ᠪᠤᠰᠤ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ | ᠪᠦᠷᠢᠯᠳᠦᠬᠦᠨ ᠢᠶᠠᠨ ᠳᠠᠶᠢᠴᠢᠯᠠᠨ ᠡᠮᠴᠢᠯᠡᠭᠡᠨ ᠤ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠣᠭᠤᠮᠲᠠ ᠰᠢᠪᠲᠤᠯᠬᠤ᠂ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ | ᠠᠷᠭ᠎ᠠ ᠪᠤᠳᠤᠯᠭ᠎ᠠ ᠭᠠᠷᠭᠠᠬᠤ ᠵᠡᠷᠭᠡ ᠡᠯ᠎ᠡ ᠵᠦᠶ᠋ᠯ ᠤᠨ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠲᠡᠬᠦ ᠠᠷᠠᠳ ᠤᠨ ᠳᠠᠶᠢᠨ᠂ ᠶᠡᠷᠦᠩᠬᠡᠶ ᠳᠠᠶᠢᠯᠠᠯᠲᠤᠭᠠᠠ᠂ ᠬᠤᠷᠢᠠᠠᠯᠠᠯᠲᠠ ᠶᠢᠨ | ᠳᠠᠶᠢᠯᠠᠯᠲᠤᠭᠠᠠ ᠤ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠣᠯᠠᠨ ᠢᠶᠠᠷ ᠢᠶᠠᠨ ᠠᠵᠤ | ᠠᠬᠤᠶ ᠨᠡᠶᠢᠭᠡᠮ ᠤᠨ ᠬᠥᠭᠵᠢᠯᠲᠡ ᠶᠢ ᠠᠩᠬᠠᠷᠴᠤ᠂ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ | ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠬᠢ ᠶᠢ ᠬᠥᠭᠵᠢᠭᠡᠬᠦ︾᠂ ︽ | ᠵᠠᠰᠠᠯᠲᠠ ᠶᠢᠨ ᠦᠷ᠎ᠠ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ︾ | ᠵᠡᠷᠭᠡ ᠲᠠᠯ᠎ᠠ ᠪᠠᠷ ᠣᠷᠣᠨ ᠨᠤᠲᠤᠭ ᠲᠤ ᠨᠠᠶᠢᠳᠠᠬᠤ᠂ ᠮᠡᠳᠡᠭᠡ ᠵᠠᠩᠭᠢᠴᠢᠯᠠᠯᠳᠠ ᠶᠢᠨ ᠠᠷᠭ᠎ᠠ ᠪᠠᠷᠢᠯ ᠢ ᠬᠡᠷᠡᠭᠯᠡᠬᠦ ᠵᠡᠷᠭᠡ | ᠠᠷᠭ᠎ᠠ ᠬᠡᠯᠪᠡᠷᠢ ᠪᠠᠷ ᠳᠠᠮᠵᠢᠨ ᠠᠮᠢᠳᠤᠯᠢᠭ ᠢᠶᠠᠷ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠲᠣᠳᠣᠷᠬᠠᠶ | ᠣᠶᠢᠯᠠᠭᠠᠬᠤ᠂ ᠠᠰᠠᠭᠤᠳᠠᠯ ᠢ ᠣᠨᠣᠪᠴᠢᠲᠠᠶ ᠤᠯᠬᠤ᠂ ᠪᠤᠳᠠᠳᠠᠢ ᠠᠷᠭᠠᠴᠠᠭᠠᠬᠤ ᠪᠣᠳᠣᠯᠭ᠎ᠠ ᠳᠤᠷᠠᠳᠬᠤ ᠪᠠᠷ | ᠴᠢᠷᠮᠠᠶᠢᠵᠠᠢ᠃ ᠢᠯᠠᠩᠭᠤᠶ᠎ᠠ ᠬᠢᠵᠢᠭ ᠤᠨ ᠪᠠᠶᠢᠳᠠᠯ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠤᠯᠳᠠ ᠳᠤ ᠦᠭᠭᠦᠭᠰᠡᠨ ︽ᠨᠡᠮᠡᠯᠳᠡ ᠰᠢᠯᠭᠠᠯᠳᠠ︾ ᠶᠢᠨ ᠡᠮᠦᠨ᠎ᠠ᠂ ᠡᠯ᠎ᠡ ᠠᠷᠠᠳᠴᠢᠯᠠᠭᠰᠠᠨ ᠨᠠᠮ | ᠪᠦᠯᠦᠭ ᠤᠨ ᠭᠤᠣᠯ ᠬᠠᠷᠢᠭᠤᠴᠠᠯᠭᠠᠲᠠᠨ ᠨᠥᠬᠦᠳ ᠣᠯᠠᠨ ᠵᠦᠢᠯ ᠤᠨ ᠠᠷᠭ᠎ᠠ ᠬᠡᠯᠪᠡᠷᠢ ᠪᠤᠯᠤᠨ ᠠᠷᠭ᠎ᠠ ᠵᠠᠮ ᠢᠶᠠᠷ | ᠳᠠᠮᠵᠢᠨ ᠠᠩᠬᠠᠨ ᠤ ᠮᠠᠲ᠋ᠧᠷᠢᠶᠠᠯ ᠢ ᠡᠵᠡᠮᠰᠢᠵᠦ᠂ ᠡᠮᠦᠨ᠎ᠠ ᠹᠷᠣᠨᠲ ᠤᠨ ᠲᠠᠭᠤᠨ ᠢ ᠰᠣᠨᠣᠰᠤᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠨᠠᠷᠢᠨ ᠬᠢᠨᠠᠮᠠᠭᠠᠢ | ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠠᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ | ᠲᠣᠭᠲᠠᠭᠤᠨ ᠪᠠᠶᠢᠵᠤ᠂ ᠠᠵᠤ ᠠᠬᠤᠢ ᠶᠢᠨ ᠡᠷᠬᠢᠯᠳᠡ ᠦᠨᠳᠦᠰᠦᠨ ᠳᠡᠭᠡᠨ ᠰᠡᠷᠭᠦᠪᠠ᠂ ᠭᠤᠷᠪᠠᠳᠤᠭᠠᠷ ᠪᠠ | ᠳᠥᠷᠪᠡᠳᠦᠭᠡᠷ ᠤᠯᠠᠷᠢᠯ ᠳᠤ ᠢᠯᠠᠯᠳᠠ ᠶᠢᠨ ᠡᠷᠴᠢᠨ ᠳᠡᠭᠡᠷ᠎ᠠ ᠪᠠᠨ ᠤᠷᠤᠭᠰᠢᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢ ᠰᠡᠷᠭᠦᠭᠡᠭᠰᠡᠨ ᠦᠷ᠎ᠡ ᠪᠦᠳᠤᠮᠵᠢ ᠪᠠᠨ ᠪᠠᠬᠢᠵᠢᠭᠦᠯᠦᠨ ᠥᠷᠭᠡᠳᠬᠡᠵᠦ᠂ | ᠳᠡᠭᠡᠷ᠎ᠡ ᠬᠠᠭᠠᠰ ᠵᠢᠯ ᠤᠨ ᠬᠤᠬᠢᠷᠠᠯ ᠢ ᠴᠢᠷᠮᠠᠶᠢᠨ ᠨᠥᠬᠦᠪᠥᠷᠢᠯᠡᠬᠦ ᠭᠡᠷᠡᠭᠳᠠᠢ᠃ ᠲᠣᠭᠲᠠᠭᠤᠨ ᠤ ᠲᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠨ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠠᠵᠢᠯ ᠢ ᠨᠡᠩ ᠰᠠᠶᠢᠲᠤᠷ ᠨᠢᠭᠡᠳᠦᠯᠲᠡᠶ ᠲᠥᠯᠥᠪᠵᠢᠬᠦᠯᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠳᠣᠲᠣᠭᠠᠳᠤ | ᠬᠡᠷᠡᠭᠴᠡᠭᠡ ᠪᠠᠨ ᠥᠷᠭᠡᠳᠬᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠲᠤ ᠡᠵᠡᠮᠳᠡᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠶᠡᠭᠡ ᠪᠠᠷ ᠬᠠᠮᠠᠭᠠᠯᠠᠨ ᠬᠥᠭᠵᠢᠭᠡᠵᠦ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠠᠵᠤ ᠠᠬᠤᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ ᠪᠤᠳᠠᠳᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠴᠢᠨᠠᠷ ᠪᠣᠯᠤᠨ ᠥᠷᠢᠰᠥᠯᠳᠦᠬᠦ ᠬᠦᠴᠦᠨ ᠢ | ᠨᠡᠮᠡᠭᠳᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠨᠡᠩ ᠡᠷᠴᠢᠮᠲᠡᠶ ᠠᠬᠢᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠦᠶᠡᠷ ᠢ ᠰᠡᠷᠭᠡᠶᠢᠯᠡᠵᠦ ᠠᠪᠤᠷᠠᠨ | ᠲᠤᠰᠠᠯᠠᠬᠤ ᠠᠵᠢᠯ ᠢ ᠰᠠᠶᠢᠲᠤᠷ ᠬᠢᠵᠤ᠂ ᠨᠡᠶᠢᠭᠡᠮ ᠤᠨ ᠳᠤᠭᠳᠠᠭᠤᠨ ᠪᠠᠶᠢᠬᠤ ᠶᠡᠭᠡ ᠲᠠᠯ᠎ᠠ ᠶᠢ ᠬᠠᠮᠠᠭᠠᠯᠠᠨ᠂ ᠪᠦᠬᠦ | ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠭᠡᠷᠡᠭᠳᠠᠢ | ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ | ᠨᠠᠮ ᠪᠦᠯᠦᠭ ᠤᠨ ᠪᠤᠰᠤ ᠬᠥᠮᠦᠰ ᠲᠤ 3 ᠲᠠᠯ᠎ᠠ ᠶᠢᠨ ᠬᠦᠰᠡᠯ ᠨᠠᠶᠢᠳᠠᠯᠭ᠎ᠠ ᠳᠤᠷᠠᠳᠪᠠ᠃ ᠨᠢᠭᠡ ᠳᠤ ᠠᠵᠤ | ᠠᠬᠤᠢ ᠶᠢᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠤᠯᠤᠨ ᠥᠷᠢᠰᠥᠯᠳᠦᠭᠡᠨ ᠳᠤ ᠪᠦᠬᠦ ᠲᠠᠯ᠎ᠠ ᠪᠠᠷ᠂ | ᠬᠤᠪᠢᠰᠤᠩᠭᠤᠢ᠂ ᠬᠥᠭᠵᠢᠯᠲᠡ ᠲᠠᠢ ᠪᠠᠷ ᠬᠠᠨᠳᠤᠵᠤ᠂ ᠥᠷᠭᠡᠨ ᠤᠯᠠᠨ ᠪᠦᠷᠢᠯᠳᠦᠬᠦᠨ ᠢᠶᠠᠨ ᠳᠠᠶᠢᠴᠢᠯᠡᠵᠤ ᠢᠲᠡᠭᠡᠯ | ᠵᠣᠷᠢᠭ ᠢᠶᠠᠨ ᠪᠠᠲᠤᠳᠬᠠᠨ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠬᠤᠪᠢ ᠨᠡᠮᠡᠷᠢ | ᠦᠵᠡᠭᠦᠯᠤᠶᠠ᠃ ᠬᠤᠶᠠᠷ ᠲᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠠᠩᠬᠠᠷᠴᠤ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ᠂ ᠤᠯᠤᠰ ᠤᠨ ᠠᠵᠤ | ᠠᠬᠤᠶ ᠨᠡᠶᠢᠭᠡᠮ ᠤᠨ ᠬᠥᠭᠵᠢᠯᠲᠡ ᠳᠠᠬᠢ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠥᠪᠡᠷ ᠥᠪᠡᠷ ᠤᠨ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ | ᠪᠣᠯᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠪᠠᠳᠠᠷᠠᠭᠤᠯᠤᠨ᠂ ᠡᠯ᠎ᠡ | ᠲᠥᠷᠥᠯ ᠤᠨ ᠴᠢᠳᠠᠪᠤᠷᠢᠲᠠᠨ ᠤ ᠡᠬᠢ ᠪᠠᠶᠠᠯᠢᠭ ᠪᠣᠯᠤᠨ ᠲᠤᠰᠬᠠᠶ ᠮᠡᠷᠭᠡᠵᠢᠯ ᠤᠨ ᠣᠶᠤᠨ ᠤ ᠬᠥᠮᠥᠷᠭᠡ ᠶᠢ | ᠨᠢᠭᠡᠳᠦᠯᠲᠡᠶ ᠲᠥᠯᠥᠪᠵᠢᠬᠦᠯᠤᠨ ᠰᠠᠶᠢᠳᠦᠷ ᠬᠡᠷᠡᠭᠯᠡᠵᠦ᠂ ᠦᠪᠡᠷ ᠤᠨ ᠭᠡᠰᠡᠨ ᠦᠵᠡᠯᠲᠡ ᠪᠠ ᠦᠨ᠎ᠠ ᠥᠷᠲᠡᠭ ᠲᠠᠢ | ᠰᠠᠨᠠᠯ ᠰᠠᠨᠠᠭᠤᠯᠭ᠎ᠠ ᠳᠤᠷᠠᠳᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠶ᠎ᠠ᠃ ᠭᠤᠷᠪᠠ ᠳᠤ ᠦᠵᠡᠯ ᠰᠠᠨᠠᠭᠠᠨ ᠤ ᠵᠢᠯᠣᠭᠤᠳᠤᠯᠭ᠎ᠠ ᠪᠠᠨ ᠴᠢᠩᠭᠠᠳᠬᠠᠵᠤ᠂ | ᠥᠷᠭᠡᠨ ᠣᠯᠠᠨ ᠪᠦᠷᠢᠯᠳᠦᠬᠦᠨ ᠢᠶᠠᠨ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠬᠥᠭᠵᠢᠯᠲᠡ ᠶᠢ | ᠭᠦᠨᠵᠡᠭᠡᠶᠢᠷᠡᠭᠦᠯᠬᠦ ᠠᠬᠢᠴᠠ ᠳᠤ ᠢᠯᠡᠷᠡᠭᠰᠡᠨ ᠵᠥᠷᠢᠴᠡᠯ ᠪᠠ ᠠᠰᠠᠭᠤᠳᠠᠯ ᠢ ᠵᠥᠪ ᠢᠶᠠᠷ ᠲᠠᠨᠢᠬᠤ ᠶᠢᠨ ᠬᠠᠮᠳᠤ | ᠲᠡᠬᠦᠨ ᠳᠤ ᠵᠦᠪ ᠢᠶᠠᠷ ᠬᠠᠨᠳᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠶ᠋ᠯ ᠤᠨ ᠠᠶᠤᠯ | ᠲᠦᠭᠰᠢᠭᠦᠷᠢ ᠥᠷᠢᠰᠥᠯᠳᠦᠭᠡᠨ ᠢ ᠵᠦᠪ ᠢᠶᠠᠷ ᠲᠠᠨᠢᠬᠤ ᠶᠢᠨ ᠬᠠᠮᠳᠤ ᠲᠡᠬᠦᠨ ᠳᠤ ᠵᠦᠪ ᠢᠶᠠᠷ ᠬᠠᠨᠳᠤᠵᠤ᠂ ᠰᠡᠵᠢᠭ ᠢ | ᠠᠯᠳᠠᠷᠠᠭᠠᠬᠤ᠂ ᠤᠷᠮ᠎ᠠ ᠰᠡᠳᠬᠢᠯ ᠢ ᠰᠢᠯᠤᠭᠤᠳᠬᠠᠬᠤ᠂ ᠵᠥᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠶ᠎ᠠ ᠬᠡᠵᠠᠢ᠃ | | ᠳ᠋ᠢᠩ ᠰᠢᠤᠸᠠᠢ ᠰᠢᠶᠠᠩ᠂ ᠬᠤ᠋ ᠴᠦᠨ ᠬᠤᠸᠠ᠂ ᠶᠢᠤ ᠴᠢᠤᠸᠠᠨ᠂ ᠸᠠᠩ ᠶᠦᠩ᠂ ᠰᠢᠶᠣᠤ ᠵᠢᠶᠧ᠂ ᠾᠧ | ᠯᠢ ᠹᠧᠩ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢ᠊ᠶᠡ᠂ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | | ᠶᠠᠷᠢᠯᠴᠠᠬᠤ ᠬᠤᠷᠠᠯ ᠳᠤ ᠣᠷᠣᠯᠴᠠᠭᠰᠠᠨ ᠨᠠᠮ ᠤᠨ ᠭᠠᠳᠠᠨᠠᠬᠢ ᠬᠥᠮᠦᠰ ᠲᠤ ᠪᠠᠰᠠ ᠴᠧᠨ ᠰᠢᠶᠤᠤ ᠭᠤᠸᠠᠩ᠂ | ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠢ᠂ ᠱᠤᠤ ᠬᠤᠩ ᠪᠣᠯᠤᠨ ᠵᠢᠶᠠᠩ ᠽᠦᠸᠧ | ᠵᠢᠶᠦ᠋ᠨ᠂ ᠯᠢ ᠶᠤᠸᠠᠢ ᠹᠧᠩ᠂ ᠬᠤᠸᠠᠩ ᠷᠦᠩ᠂ ᠸᠠᠩ ᠮᠧᠢ ᠰᠢᠶᠠᠩ ᠨᠠᠷ ᠪᠤᠢ᠃ | |