ᠶᠡᠷᠦᠩᠭᠡᠢ ᠱᠦᠵᠢ ᠰᠢ ᠶᠢᠨ ᠫᠢᠩ ᠤᠨ ︽ᠢᠷᠭᠡᠨ ᠤ ᠬᠠᠤᠯᠢ ᠶᠢᠨ ᠪᠢᠴᠢᠭ︾ ᠢ ᠰᠠᠶᠢᠳᠤᠷ ᠰᠤᠷᠤᠯᠴᠠᠨ | ᠤᠬᠠᠭᠤᠯᠵᠤ ᠭᠡᠷᠡᠭᠵᠢᠬᠦᠯᠬᠦ ᠳᠤᠬᠠᠢ ᠤᠷᠢᠶᠠᠯᠠᠭ᠎ᠠ ᠶᠢ ᠢᠳᠡᠪᠬᠢᠳᠡᠢ ᠴᠤᠤᠷᠢᠶᠠᠳᠤᠨ᠂ ᠠᠷᠠᠳ ᠤᠯᠠᠨ ᠤ ᠬᠠᠤᠯᠢ ᠪᠠᠷ | ᠵᠠᠰᠠᠬᠤ ᠭᠡᠪ ᠪᠤᠯᠪᠠᠰᠤᠷᠠᠯ ᠢ ᠴᠢᠨᠠᠬᠰᠢᠳᠠ ᠳᠡᠭᠡᠭᠰᠢᠯᠡᠬᠦᠯᠵᠤ᠂ ︽ᠢᠷᠭᠡᠨ ᠤ ᠬᠠᠤᠯᠢ ᠶᠢᠨ ᠪᠢᠴᠢᠭ︾ ᠤᠨ | ᠪᠦᠳᠤᠮᠵᠢᠳᠡᠢ ᠭᠡᠷᠡᠭᠵᠢᠬᠦᠯᠦᠭᠳᠡᠬᠦ ᠶᠢ ᠦᠨᠡᠨ ᠬᠦ ᠠᠬᠢᠭᠤᠯᠬᠤ ᠶᠢᠨ ᠳᠤᠰᠠᠳᠠ᠂ ᠳᠦᠷᠦᠬᠦᠭᠡᠨ ᠦᠤᠰᠢᠨ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠦᠬᠦ ᠬᠤᠰᠢᠭᠤᠨ ᠤ ︽ᠢᠷᠭᠡᠨ ᠤ ᠬᠠᠤᠯᠢ ᠶᠢᠨ ᠪᠢᠴᠢᠭ︾ ᠢ | ᠳᠤᠰᠬᠠᠢ ᠰᠡᠳᠤᠪ ᠢᠶᠠᠷ ᠤᠬᠠᠭᠤᠯᠬᠤ ᠡᠬᠢᠯᠡᠯᠳᠡ ᠶᠢᠨ ᠶᠤᠰᠤᠯᠠᠯ ᠳᠤ ᠳᠤᠰᠬᠠᠢ ᠠᠵᠢᠯᠳᠠᠨ ᠳᠤᠮᠢᠯᠠᠨ | ᠤᠷᠤᠯᠴᠠᠭᠤᠯᠬᠤ ᠶᠢᠨ ᠬᠠᠮᠳᠤ ᠭᠠᠯᠠᠭᠤᠳᠤ ᠪᠠᠯᠭᠠᠰᠤᠨ ᠤ ᠴᠢᠭᠡᠴᠢ ᠵᠠᠰᠠᠭ ᠤᠨ ᠰᠤᠶᠤᠯ ᠤᠨ ᠠᠭᠤᠳᠠᠮ ᠳᠠᠯᠠᠪᠠᠢ ᠳᠤ | ︽ᠢᠷᠭᠡᠨ ᠤ ᠬᠠᠤᠯᠢ ᠶᠢᠨ ᠪᠢᠴᠢᠭ︾ ᠢ ᠤᠬᠠᠭᠤᠯᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ︽ᠢᠷᠭᠡᠨ ᠤ ᠬᠠᠤᠯᠢ ᠶᠢᠨ ᠪᠢᠴᠢᠭ︾ ᠪᠤᠯ ᠨᠡᠶᠢᠭᠡᠮ ᠤᠨ ᠠᠮᠢᠳᠤᠷᠠᠯ ᠤᠨ ᠨᠡᠪᠳᠡᠷᠭᠡᠢ ᠳᠤᠯᠢ ᠮᠦᠨ᠂ | ᠳᠡᠬᠦᠨ ᠤ ᠠᠭᠤᠯᠭ᠎ᠠ ᠨᠢ ᠠᠷᠠᠳ ᠤᠯᠠᠨ ᠤ ᠠᠮᠢᠳᠤᠷᠠᠯ ᠲᠠᠢ ᠨᠢᠬᠳᠠ ᠬᠤᠯᠪᠤᠭ᠎ᠠ ᠲᠠᠢ ᠪᠠᠶᠢᠳᠠᠭ᠃ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠨᠢ ᠡᠨᠡ ᠪᠠᠶᠢᠳᠠᠯ ᠳᠤ ᠰᠠᠭᠤᠷᠢᠯᠠᠨ᠂ ᠤᠯᠠᠨ ᠳᠦᠮᠡᠨ ᠤ ᠬᠠᠮᠤᠭ ᠠᠴᠠ | ᠰᠠᠨᠠᠭᠠᠰᠢᠷᠠᠵᠤ ᠪᠠᠶᠢᠭ᠎ᠠ ᠠᠰᠠᠭᠤᠳᠠᠯ ᠳᠤ ᠴᠢᠭᠯᠡᠬᠦᠯᠤᠨ ᠭᠤᠤᠯᠳᠠᠯᠭ᠎ᠠ ᠲᠠᠢ ᠤᠬᠠᠭᠤᠯᠭ᠎ᠠ ᠬᠢᠪᠡ᠃ ᠳᠡᠳᠡ ᠤᠯᠠᠨ | ᠳᠦᠮᠡᠨ ᠳᠤ ᠤᠷᠤᠭ ᠭᠡᠷ ᠪᠦᠯᠢ᠂ ᠡᠷᠭᠡ ᠳᠤ ᠬᠠᠯᠳᠠᠬᠰᠠᠨ ᠬᠠᠷᠢᠭᠤᠴᠠᠯᠭ᠎ᠠ ᠵᠢᠴᠢ ᠨᠠᠰᠤᠨ ᠳᠤ ᠦᠯᠦ | ᠬᠦᠷᠦᠭᠰᠡᠳ ᠤᠨ ᠬᠠᠤᠯᠢ ᠶᠤᠰᠤᠨ ᠤ ᠬᠠᠮᠠᠭᠠᠯᠠᠯᠳᠠ ᠵᠡᠷᠭᠡ ᠵᠤᠷᠪᠤᠰ ᠵᠦᠢᠯ ᠢ ᠳᠦᠬᠦᠮ ᠤᠢᠢᠯᠠᠭᠠᠮᠵᠢᠳᠠᠢ ᠭᠡᠯᠡ | ᠭᠡᠯᠡᠯᠭᠡ ᠪᠠᠷ ᠳᠠᠶᠢᠯᠪᠤᠷᠢᠯᠠᠨ ᠶᠠᠷᠢᠬᠰᠠᠨ ᠠᠴᠠ ᠭᠠᠳᠠᠨ᠎ᠠ ᠡᠷ᠎ᠠ ᠡᠮ᠎ᠠ ᠶᠢᠨ ᠬᠠᠮᠳᠤ ᠶᠢᠨ ᠦᠷᠢ ᠦᠭᠴᠡᠭᠡ ᠶᠢ | ᠬᠤᠪᠢᠶᠠᠷᠢᠯᠠᠬᠤ᠂ ᠰᠠᠭᠤᠭᠠᠯᠢ ᠠᠷᠠᠳ ᠤᠨ ᠳᠤᠭᠤᠷᠢᠭ ᠤᠨ ᠳᠡᠷᠭᠡᠨ ᠪᠠᠶᠢᠷᠢ ᠶᠢᠨ ᠬᠠᠷᠢᠶᠠᠯᠠᠬᠳᠠᠬᠤ ᠡᠷᠭᠡ ᠶᠢ | ᠳᠤᠳᠤᠷᠬᠠᠢᠢᠯᠠᠬᠤ ᠵᠢᠴᠢ ᠭᠠᠵᠠᠷ ᠰᠢᠷᠤᠢ ᠡᠵᠡᠩᠨᠡᠬᠦ ᠡᠷᠭᠡ ᠶᠢ ᠬᠠᠤᠯᠢ ᠶᠤᠰᠤᠭᠠᠷ ᠰᠢᠯᠵᠢᠬᠦᠯᠬᠦ ᠵᠡᠷᠭᠡ ᠠᠭᠤᠯᠭ᠎ᠠ ᠶᠢᠨ | ᠳᠤᠭᠤᠷᠢᠨ ᠳᠤ ᠬᠠᠤᠯᠢ ᠳᠦᠭᠡᠮᠡᠯᠵᠢᠬᠦᠯᠬᠦ ᠤᠬᠠᠭᠤᠯᠭ᠎ᠠ ᠶᠢᠨ ᠳᠡᠪᠳᠡᠷ ᠢ ᠬᠢᠵᠤ ᠤᠯᠠᠨ ᠳᠤ ᠳᠠᠷᠬᠠᠭᠠᠭᠠᠳ᠂ ᠤᠯᠠᠨ | ᠳᠦᠮᠡᠨ ᠤ ᠬᠠᠤᠯᠢ ᠪᠠᠷ ᠡᠷᠭᠡ ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠬᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ︽ᠭᠡᠨ | ᠬᠠᠤᠯᠢ ᠭᠡᠷᠡᠭᠵᠢᠬᠦᠯᠪᠡᠯ ᠭᠡᠨ ᠬᠠᠤᠯᠢ ᠶᠢ ᠳᠦᠭᠡᠮᠡᠯᠵᠢᠬᠦᠯᠬᠦ︾ ᠬᠠᠤᠯᠢ ᠳᠦᠭᠡᠮᠡᠯᠵᠢᠬᠦᠯᠬᠦ ᠬᠠᠷᠢᠭᠤᠴᠠᠯᠭ᠎ᠠ ᠶᠢᠨ | ᠳᠦᠷᠢᠮ ᠢ ᠴᠢᠨᠠᠬᠰᠢᠳᠠ ᠳᠤᠭᠤᠰᠢᠯᠠᠭᠤᠯᠵᠤ᠂ ︽ᠢᠷᠭᠡᠨ ᠤ ᠬᠠᠤᠯᠢ ᠶᠢᠨ ᠪᠢᠴᠢᠭ ︾ ᠤᠨ ᠬᠠᠮᠠᠭᠠᠯᠠᠬᠴᠢ ᠪᠠ ᠬᠠᠤᠯᠢ | ᠳᠦᠭᠡᠮᠡᠯᠵᠢᠬᠦᠯᠬᠦ ᠬᠤᠰᠢᠭᠤᠴᠢ ᠪᠤᠯᠵᠤ᠂ ᠬᠠᠤᠯᠢᠵᠢᠯ ᠦᠤᠰᠢᠨ ᠤ ᠪᠠᠶᠢᠭᠤᠯᠤᠯᠳᠠ ᠳᠤ ᠬᠤᠪᠢ ᠨᠡᠮᠡᠷᠢ ᠪᠠᠨ | ᠦᠵᠡᠬᠦᠯᠬᠦ ᠪᠠᠷ ᠨᠡᠩ ᠢᠯᠡᠬᠦᠦ ᠴᠢᠷᠮᠠᠶᠢᠵᠤ ᠪᠤᠢ᠃ | |