ᠣᠯᠠᠨ ᠲᠦᠮᠡᠨ ᠤ ᠳᠤᠮᠳᠠ ᠬᠦᠨᠵᠡᠭᠡᠶᠢᠷᠡᠭᠰᠡᠨ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ︾
ᠨᠡᠶᠢᠲᠡᠯᠡᠭᠰᠡᠨ ᠴᠠᠭ᠄
2020-08-03
  ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠨᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠦᠢᠯᠡ ᠠᠵᠢᠯᠯᠠᠭᠠᠨ ᠤ ᠪᠠᠨ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ + N︾ ᠤ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠬᠠᠤᠯᠢ ᠴᠠᠭᠠᠵᠠ ᠶᠢᠨ ᠲᠤᠰᠠᠯᠠᠮᠵᠢ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ ᠵᠡᠷᠭᠡ ᠦᠢᠯᠡᠴᠢᠯᠡᠬᠡᠨ ᠤ ᠲᠥᠷᠥᠯ ᠵᠦᠢᠯ ᠢ ᠠᠷᠠᠳ ᠣᠯᠠᠨ ᠤ ᠳᠤᠮᠳᠠ ᠬᠦᠷᠭᠡᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ ᠲᠣᠰᠬᠤᠨ ᠢ ᠬᠦᠭᠵᠢᠬᠦᠯᠬᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠤ ᠬᠦᠴᠦᠨ ᠨᠡᠮᠡᠷᠢᠯᠡᠭᠰᠡᠨ ᠪᠠᠶᠢᠨ᠎ᠠ᠃   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ + ︽ᠣᠨᠣᠯ ᠤᠨ ᠤᠬᠠᠭᠤᠯᠭ᠎ᠠ︾   ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠲᠡᠭᠡ︶ ᠨᠢ ᠤᠨᠤᠯ ᠢ ᠤᠬᠠᠭᠤᠯᠤᠨ ᠲᠠᠶᠢᠯᠪᠤᠷᠢᠯᠠᠬᠤ ᠶᠢ ᠢᠮᠠᠭᠳᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠰᠠᠭᠤᠷᠢ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠣᠨᠣᠯ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ᠂ ᠨᠡᠶᠢᠭᠡᠮ ᠤᠨ ᠠᠮᠢᠳᠤᠷᠠᠯ ᠤᠨ ᠬᠠᠯᠠᠮᠰᠢᠯ ᠴᠡᠭ᠂ ᠣᠯᠠᠨ ᠲᠦᠮᠡᠨ ᠤ ᠠᠩᠬᠠᠷᠤᠯ ᠤᠨ ᠴᠡᠭ ᠲᠠᠢ ᠨᠢᠭᠲᠠ ᠤᠶᠠᠯᠳᠤᠭᠤᠯᠵᠤ᠂ ᠣᠨᠣᠯ ᠲᠥᠷᠥ ᠶᠢᠨ ᠪᠣᠳᠣᠯᠭ᠎ᠠ ᠶᠢ ᠠᠮᠢᠳᠤᠯᠢᠭ ᠪᠣᠯᠭᠠᠨ ᠲᠠᠶᠢᠯᠪᠤᠷᠢᠯᠠᠵᠠᠢ᠃ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠤᠬᠠᠭᠤᠯᠵᠤ᠂ ᠵᠢᠱᠢᠶᠡᠯᠡᠪᠡᠯ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠲᠥᠪᠯᠡᠷᠡᠭᠦᠯᠦᠨ ᠬᠢᠴᠢᠶᠡᠯ ᠤᠷᠤᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠰᠢᠯᠵᠢᠮᠡᠯ ᠤᠬᠠᠭᠤᠯᠭ᠎ᠠ ᠶᠢᠨ ᠰᠠᠯᠪᠤᠷᠢ ᠪᠠᠭ᠎ᠠ ᠠᠩᠭᠢ ᠶᠢᠨ ᠬᠢᠨ ᠲᠣᠰᠬᠤᠨ ᠳᠤ ᠣᠷᠣᠵᠤ ᠡᠷᠦᠬᠡ ᠳᠤ ᠣᠷᠣᠵᠤ ᠰᠤᠷᠭᠠᠭᠤᠯᠢ ᠳᠤ ᠤᠷᠤᠵᠤ ᠤᠬᠠᠭᠤᠯᠬᠤ᠂ ᠠᠷᠠᠳ ᠤᠨ ᠤᠷᠠᠯᠢᠭᠴᠢᠳ ᠢ ᠤᠷᠢᠵᠤ ᠤᠬᠠᠭᠤᠯᠭ᠎ᠠ ᠬᠢᠬᠦ᠂ ᠵᠢᠷᠬᠢᠶ᠎ᠡ ᠶᠢᠨ ᠣᠯᠠᠨ ᠨᠡᠶᠢᠲᠡ ᠶᠢᠨ ᠲᠠᠪᠴᠠᠩ ᠳᠤ ᠵᠣᠬᠢᠶᠠᠯ ᠨᠡᠶᠢᠲᠡᠯᠡᠬᠦ ᠪᠠ ᠪᠢᠴᠢᠯ ᠸᠢᠳᠢᠣ᠋ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠨᠠᠮ ᠤᠨ ᠲᠠᠭᠤᠨ ᠬᠤᠭᠤᠯᠠᠢ ᠶᠢ ᠲᠠᠮᠵᠢᠭᠤᠯᠪᠠ᠃ ᠰᠠᠶᠢᠳᠤᠷ ᠤᠬᠠᠭᠤᠯᠤᠨ ᠲᠠᠶᠢᠯᠪᠤᠷᠢᠯᠠᠭᠰᠠᠨ ᠠᠴᠠ ᠨᠠᠮ ᠤᠨ ᠰᠢᠨ᠎ᠡ ᠶᠢ ᠡᠭᠦᠳᠬᠦ ᠣᠨᠣᠯ ᠨᠢ ᠡᠭᠡᠯ ᠠᠷᠠᠳ ᠤᠨ ᠬᠡᠷ ᠲᠤ ᠬᠦᠷᠴᠤ ᠴᠢᠳᠠᠭᠰᠠᠨ ᠪᠠᠶᠢᠨ᠎ᠠ᠃   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ + ︽ᠪᠣᠯᠪᠠᠰᠤᠨ ᠨᠤᠲᠤᠭ ᠤᠨ ᠰᠤᠷᠲᠠᠯ︾   ︽ᠬᠦᠳᠡᠭᠡ ᠨᠤᠳᠤᠭ ᠤᠨ ᠪᠤᠯᠪᠠᠰᠤᠨ︾ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠤᠣᠯᠳᠠᠯᠭ᠎ᠠ ᠪᠣᠯᠵᠤ᠂ ᠭᠠᠯᠠᠭᠤᠲᠤ ᠪᠠᠯᠭᠠᠰᠤ ᠨᠢ ᠪᠤᠯᠬᠢ ᠮᠠᠭᠤᠬᠠᠢ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠬᠤᠷᠢᠮ ᠪᠡᠯᠪᠡᠰᠦᠷᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠠᠷ ᠤᠨ ᠶᠠᠪᠤᠳᠠᠯ ᠢ ᠲᠦᠭᠦᠮ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠰᠶᠢᠳᠪᠤᠷᠢᠯᠡᠬᠦ᠂ ᠬᠦᠨᠳᠦ ᠪᠠᠷ ᠠᠰᠠᠷᠠᠨ ᠲᠡᠵᠢᠭᠡᠵᠦ ᠲᠦᠭᠦᠮ ᠢᠶᠠᠷ ᠣᠷᠣᠰᠢᠭᠤᠯᠬᠤ ᠶᠢ ᠰᠠᠨᠠᠭᠠᠴᠢᠯᠠᠭᠰᠠᠨ ᠪᠠᠶᠢᠨ᠎ᠠ᠃ ᠪᠠᠯᠭᠠᠰᠤᠨ ᠤ ᠪᠦᠬᠦ ᠭᠠᠴᠠᠭ᠎ᠠ ᠲᠣᠰᠬᠤᠨ ᠤ ᠪᠤᠯᠬᠢ ᠮᠠᠭᠤᠬᠠᠢ ᠵᠠᠩ ᠳᠠᠳᠬᠠᠯ ᠢ ᠥᠭᠡᠷᠡᠴᠢᠯᠡᠬᠦ ᠶᠠᠪᠤᠳᠠᠯ ᠢ ᠴᠥᠮ ᠲᠣᠰᠬᠤᠨ ᠤ ᠳᠦᠷᠢᠮ ᠠᠷᠠᠳ ᠤᠨ ᠭᠡᠷ᠎ᠡ ᠳᠤ ᠣᠷᠣᠭᠤᠯᠤᠨ᠂ ᠭᠠᠴᠠᠭ᠎ᠠ ᠲᠤᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠪᠡ᠃ ︽ᠭᠡᠷ ᠤᠨ ᠰᠤᠷᠲᠠᠯ ᠭᠡᠷ ᠤᠨ ᠰᠤᠷᠭᠠᠯ︾ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ︽ᠡᠶ᠎ᠡ ᠨᠠᠶᠢᠷᠠᠮᠳᠠᠭᠤ ᠨᠡᠶᠢᠭᠡᠮ ᠲᠣᠭᠤᠷᠢᠭ︾᠂ ︽ᠣᠷᠴᠢᠨ ᠲᠣᠭᠤᠷᠢᠨ ᠢ ᠬᠠᠮᠠᠭᠠᠯᠠᠬᠤ︾᠂ ︽ᠬᠠᠶᠢᠷ᠎ᠠ ᠬᠠᠯᠠᠮᠵᠢ ᠦᠵᠡᠬᠦᠯᠬᠦ︾ ᠵᠡᠷᠭᠡ ᠭᠤᠤᠯ ᠰᠡᠳᠦᠪᠲᠦ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠢ ᠳᠠᠶᠢᠴᠢᠯᠠᠨ ︽ᠰᠠᠶᠢᠨ ᠪᠡᠷᠢ᠂ ᠰᠠᠶᠢᠨ ᠬᠠᠳᠠᠮ ᠡᠵᠢ︾᠂ ︽ᠪᠣᠯᠪᠠᠰᠤᠨ ᠬᠡᠷ ᠪᠦᠯᠢ︾ ᠵᠡᠷᠭᠡ ᠶᠢ ᠰᠢᠯᠭᠠᠷᠠᠭᠤᠯᠪᠠ᠃ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠡᠷᠢᠭᠦᠨ ᠤ ᠰᠣᠶᠣᠯ ᠢ ᠤᠯᠠᠮᠵᠢᠯᠠᠨ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠠᠭᠤᠴᠢᠨ ᠪᠦᠳᠦᠭᠦᠯᠢᠭ ᠵᠠᠩ ᠳᠠᠳᠬᠠᠯ ᠢ ᠨᠢ ᠲᠠᠶᠠᠭᠳᠠᠭᠤᠯᠵᠠᠢ᠃ ᠤᠯᠠᠮᠵᠢᠯᠠᠯᠳᠤ ᠪᠠᠶᠠᠷ ᠲᠤᠷᠠᠰᠬᠠᠯ ᠤᠨ ᠡᠳᠦᠷ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠷᠠᠨ ᠰᠠᠶᠢᠬᠠᠨ ᠤ ᠲᠣᠭᠯᠠᠯᠲᠠ ᠰᠤᠨᠢᠷᠬᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠬᠠᠮᠳᠤ ᠳᠤᠨᠢ ᠬᠠᠶᠢᠷ᠎ᠠ ᠬᠠᠯᠠᠮᠵᠢ ᠬᠦᠷᠭᠡᠬᠦ᠂ ᠨᠤᠮ ᠤᠡᠭᠰᠢᠬᠤ᠂ ᠪᠡᠶ᠎ᠡ ᠴᠢᠭᠢᠷᠠᠭᠵᠢᠭᠤᠯᠬᠤ᠂ ᠰᠠᠶᠢᠨ ᠳᠤᠷ᠎ᠠ ᠶᠢᠨ ᠦᠢᠯᠡᠳᠦᠯᠬᠡ ᠬᠢᠬᠦ ᠵᠡᠷᠭᠡ ᠠᠵᠢᠯᠯᠠᠭ᠎ᠠ ᠶᠢ ᠥᠷᠨᠢᠭᠦᠯᠤᠨ᠂ ᠪᠣᠯᠪᠠᠰᠤᠨ ᠦᠢᠯᠡᠳᠦᠯᠬᠡ ᠶᠢᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠪᠠ᠃ ᠠᠷᠠᠳ ᠣᠯᠠᠨ ᠤ ᠥᠷᠭᠡᠨ ᠢᠶᠠᠷ ᠣᠷᠣᠯᠴᠠᠬᠤ ᠶᠢ ᠲᠠᠶᠢᠴᠢᠯᠠᠨ᠂ ᠣᠯᠠᠨ ᠲᠦᠮᠡᠨ ᠢ ᠤᠬᠠᠭᠤᠯᠬᠤ᠂ ᠣᠯᠠᠨ ᠲᠦᠮᠡᠨ ᠢ ᠬᠥᠮᠦᠵᠢᠭᠦᠯᠬᠦ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠢ ᠨᠢᠭᠲᠠᠷᠠᠭᠤᠯᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃   ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠷᠠᠯᠳᠠ ᠪᠣᠯ ᠳᠠᠷᠤᠢ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠪᠤᠢ᠃ ᠢᠯᠠᠩᠭᠤᠶ᠎ᠠ ᠬᠦᠴᠢᠷ ᠪᠡᠷᠬᠡᠰᠢᠶᠡᠯ ᠲᠤᠯᠭᠠᠷᠠᠵᠤ ᠪᠠᠶᠢᠭ᠎ᠠ ᠬᠦᠮᠦᠰ ᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠪᠠᠷ ᠲᠠᠪᠴᠠᠩ ᠪᠣᠯᠭᠠᠨ ᠬᠠᠶᠢᠷ᠎ᠠ ᠬᠠᠯᠠᠮᠵᠢ ‍ᠦᠵᠡᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡ ᠬᠦ᠋ᠷᠳᠡᠭᠡᠬᠦ ᠪᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷᠠᠴᠤᠳ ᠡᠷᠤᠬᠡ ᠳᠤ ᠣᠷᠣᠵᠤ ᠭᠤᠣᠨᠢ ᠪᠡᠯᠪᠡᠰᠦᠨ ᠨᠠᠰᠤᠲᠠᠶᠢᠴᠤᠳ ᠤᠨ ᠬᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠵᠣᠭᠤᠭ ᠳᠡᠯᠭᠡᠳᠡᠭ ᠪᠠᠶᠢᠯ᠎ᠠ᠃ ᠭᠠᠯᠠᠭᠤᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠨᠢ ᠶᠠᠳᠠᠭᠤ ᠬᠦᠴᠢᠷᠳᠡᠯᠲᠡᠶ ᠡᠷᠦᠭᠡ ᠪᠠᠷ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠪᠣᠯᠭᠠᠵᠤ᠂ ᠡᠳ᠋ ᠪᠣᠳᠠᠰ ᠤᠨ ᠲᠠᠯ᠎ᠠ ᠪᠠᠷ ᠬᠠᠪᠰᠤᠷᠤᠨ ᠲᠡᠳᠬᠦᠬᠦ ᠪᠠᠷ ᠪᠠᠷᠠᠬᠤ ᠦᠭᠡᠶ ᠣᠶᠤᠨ ᠰᠠᠨᠠᠭᠠᠨ ᠳᠤᠨᠢ ᠨᠡᠩ ᠢᠯᠡᠭᠦᠤ ᠬᠠᠯᠠᠮᠵᠢᠯᠠᠯ ᠦᠵᠡᠭᠦᠯᠵᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷᠠᠴᠤᠳ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠵᠤ ᠂ ᠬᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠶᠠᠳᠠᠭᠤ ᠬᠦᠴᠢᠷᠳᠡᠯᠲᠡᠶ ᠡᠷᠦᠬᠡ ᠲᠠᠢ ᠳᠣᠲᠣᠨᠣ ᠪᠠᠷ ᠬᠠᠷᠢᠯᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠦᠨ᠂ ᠮᠠᠯᠴᠢᠨ ᠲᠠᠷᠢᠶᠠᠴᠢᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠴᠤ ᠮᠡᠷᠭᠡᠵᠢᠯ ᠢ ᠨᠢ ᠳᠡᠭᠡᠭᠰᠢᠯᠡᠭᠦᠯᠦᠨ ᠦᠭᠴᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠢᠶᠠᠷ ᠵᠠᠮᠨᠠᠬᠤ ᠳᠤᠨᠢ ᠦᠢᠯᠡᠴᠢᠯᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号