︽ᠤᠷᠠᠨ ᠪᠦᠰᠡᠭᠦᠢ︾ ᠤᠷᠳᠤᠰ ᠮᠤᠩᠭᠤᠯᠴᠤᠳ ᠤᠨ ᠤᠯᠠᠮᠵᠢᠯᠠᠯᠲᠤ ᠬᠠᠳᠬᠤᠮᠠᠯ ᠤᠷᠠᠯᠠᠯ ᠤᠨ ᠪᠤᠯᠪᠠᠰᠤᠷᠠᠯ ᠦᠥᠰᠢᠨ ᠬᠤᠰᠢᠭᠤᠨ ᠳᠤ ᠪᠤᠯᠤᠯ᠎ᠠ
ᠨᠡᠶᠢᠲᠡᠯᠡᠭᠰᠡᠨ ᠴᠠᠭ᠄
2020-08-03
     ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠪᠤᠳᠠᠰ ᠤᠨ ᠪᠤᠰᠤ ᠰᠤᠶᠤᠯ ᠤᠨ ᠦᠪ ᠢ ᠬᠦᠭᠵᠢᠭᠦᠯᠬᠦ  ᠶᠢ ᠴᠢᠬᠤᠯᠠᠴᠢᠯᠠᠨ ᠦᠵᠠᠵᠦ ᠤᠷᠳᠤᠰ ᠬᠠᠳᠬᠤᠮᠠᠯ ᠢ ᠦᠪᠯᠡᠨ ᠤᠯᠠᠮᠵᠢᠯᠠᠬᠤ ᠲᠠᠯ᠎ᠠ ᠳᠤ ᠤᠯᠠᠨ ᠠᠷᠭ᠎ᠠ ᠪᠠᠷᠢᠯ ᠢ ᠬᠡᠷᠡᠭᠯᠡᠨ ᠤᠷᠳᠤᠰ ᠤᠨ ᠤᠯᠠᠮᠵᠢᠯᠠᠯᠲᠤ ᠬᠠᠳᠬᠤᠮᠠᠯ ᠢ ᠨᠡᠩ ᠦᠨᠳᠦᠷ ᠲᠦᠪᠰᠢᠨ ᠳᠤ ᠬᠦᠭᠵᠢᠬᠦᠯᠬᠦ ᠶᠢ ᠵᠤᠷᠢᠭᠰᠠᠭᠠᠷ ᠢᠷᠡᠭᠰᠡᠨ ᠪᠠᠶᠢᠨ᠎ᠠ᠃ ᠤᠶᠢᠷ᠎ᠠ ᠶᠢᠨ ᠡᠳᠦᠷ᠂ ᠤᠷᠳᠤᠰ ᠮᠤᠩᠭᠤᠯᠴᠤᠳ ᠤᠨ ᠤᠯᠠᠮᠵᠢᠯᠠᠯᠲᠤ ᠬᠠᠳᠬᠤᠮᠠᠯ ᠤᠨ ᠪᠤᠯᠪᠠᠰᠤᠷᠠᠯ ᠭᠠᠯᠠᠭᠤᠲᠤ ᠪᠠᠯᠭᠠᠰᠤᠨ ᠳᠤ ᠶᠠᠪᠤᠭᠳᠠᠯ᠎ᠠ᠃      ᠲᠣᠰ ᠤᠳᠠᠭᠠᠨ ᠤ ᠪᠣᠯᠪᠠᠰᠣᠷᠡᠯ ᠳᠤ ᠳᠠᠯᠠᠨ ᠨᠠᠰᠣ ᠶᠢ ᠲᠠᠪᠠᠭᠰᠠᠨ ᠠᠬᠠᠮᠠᠳ ᠨᠠᠰᠣᠳᠡᠨ ᠠᠴᠠ ᠰᠣᠷᠭᠠᠭᠤᠯᠢ ᠰᠣᠶᠣᠯ ᠤᠨ ᠮᠦᠷ ᠢ ᠬᠦᠬᠡᠬᠡᠵᠦ ᠶᠠᠪᠣᠭ᠎ᠠ ᠣᠶᠣᠳᠡᠨ ᠵᠠᠯᠠᠭᠤᠰ᠂ ᠲᠣᠮᠳᠡᠳᠣ ᠰᠣᠷᠭᠠᠭᠤᠯᠢ ᠶᠢᠨ ᠰᠣᠷᠣᠭᠴᠢ ᠶᠢ ᠪᠠᠭᠳᠠᠭᠠᠬᠰᠠᠨ ᠵᠠᠭᠤ ᠭᠠᠷᠣᠢ ᠬᠦᠮᠣᠨ ᠣᠷᠣᠯᠴᠠᠵᠤ ᠦᠣᠰᠢᠨ ᠬᠤᠰᠢᠭᠤᠨ ᠤ ᠬᠠᠳᠬᠤᠮᠠᠯ ᠤᠨ ᠦᠪᠯᠡᠨ ᠣᠯᠠᠮᠵᠢᠯᠠᠭᠴᠢ ᠨᠠᠷ‌ᠢ ᠣᠷᠢᠵᠤ ᠦᠷᠬᠡᠨ ᠤᠯᠠᠨ ᠣᠷᠠᠴᠤᠤᠯ ᠳᠠᠭᠠᠨ ᠣᠷᠡᠯᠠᠵᠣ ᠣᠶᠣᠬᠤ ᠶᠠᠷᠤ ᠶᠢᠨ ᠮᠡᠳᠡᠯᠭᠡ᠂ ᠬᠠᠳᠬᠤᠮᠠᠯ ᠤᠨ ᠪᠠᠯᠭᠡᠳᠡᠯ ᠵᠦᠢᠯ᠂ ᠵᠠᠩ ᠦᠢᠯᠡ᠂ ᠲᠦᠷᠣᠯ ᠵᠦᠢᠯ᠂ ᠦᠩᠬᠡ ᠪᠣᠳᠤᠭ᠂ ᠦᠯᠢᠭᠡᠷ ᠬᠡᠪ᠂ ᠣᠯᠠᠮᠵᠢᠯᠠᠯ ᠰᠢᠨᠠᠴᠢᠯᠡᠯ ᠤᠨ ᠲᠠᠯ᠎ᠠ ᠪᠠᠷ ᠮᠠᠷᠬᠡᠵᠢᠯ ᠤᠨ ᠵᠢᠯᠣᠭᠤᠳᠣᠮᠵᠢ ᠬᠢᠯ᠎ᠡ᠃ ᠤᠷᠳᠤᠰ ᠬᠤᠲᠠ ᠶᠢᠨ ᠮᠤᠩᠭᠤᠯ ᠦᠨᠳᠣᠰᠣᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠰᠤᠷᠤᠭᠴᠢ ᠠᠰᠬᠠᠨ ᠡᠨᠡ ᠤᠳᠠᠭ᠎ᠠ ᠠᠬᠠᠮᠠᠳ ᠤᠷᠠᠨ ᠬᠠᠳᠬᠤᠮᠠᠯᠴᠢᠳ ᠠᠴᠠ ᠬᠠᠳᠬᠤᠮᠠᠯ ᠤᠨ ᠤᠷᠠᠯᠠᠵᠤ ᠤᠶᠤᠬᠤ ᠮᠡᠷᠭᠡᠵᠢᠯ ᠢ ᠰᠤᠷᠴᠤ ᠵᠤᠨ ᠤ ᠴᠢᠯᠦᠬᠡᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠡᠯ᠎ᠡ᠃      ᠤᠷᠳᠤᠰ ᠬᠤᠲᠠ ᠶᠢᠨ ᠮᠤᠩᠭᠤᠯ ᠦᠨᠳᠣᠰᠣᠳᠠᠨ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠰᠤᠷᠤᠭᠴᠢ ᠠᠰᠬᠠᠨ᠄ ︽ᠪᠢ ᠠᠩᠬ᠎ᠠ ᠤᠳᠠᠭ᠎ᠠ ᠬᠠᠳᠬᠤᠬᠤ ᠳᠤ ᠠᠷᠵᠠᠶᠢᠯᠭᠠᠵᠤ ᠪᠠᠷᠵᠠᠶᠢᠯᠠᠭᠠᠵᠤ ᠬᠠᠳᠬᠤᠵᠤ ᠪᠠᠶᠢᠭᠰᠠᠨ᠂ ᠤᠳᠤ ᠨᠡᠯᠢᠶᠡᠳ ᠠᠷᠪᠢᠨ ᠵᠡᠭᠦᠪᠴᠢ᠂ ᠭᠡᠳᠡᠪᠴᠢ ᠤᠶᠤᠭᠠᠳ ᠢᠷᠡᠭᠰᠡᠨ ᠤ ᠲᠠᠷᠠᠭ᠎ᠠ ᠭᠠᠷ ᠨᠡᠯᠢᠶᠡᠳ ᠲᠡᠭᠰᠢᠷᠡᠭᠡᠳ ᠪᠠᠶᠢᠨ᠎ᠠ᠃ ᠪᠢ ᠭᠠᠷ ᠤᠷᠠᠯᠠᠯ ᠢᠶᠠᠨ ᠨᠡᠩ ᠬᠦᠨᠵᠡᠭᠡᠢ ᠰᠤᠷᠤᠯᠴᠠᠨ ᠨᠡᠩ ᠤᠯᠠᠨ ᠬᠦᠮᠦᠰ ᠲᠤ ᠮᠡᠳᠡᠷᠡᠭᠦᠯᠬᠦ ᠰᠠᠨᠠᠭᠠᠲᠠᠢ︾ ᠬᠡᠪᠡ᠃      ᠪᠣᠯᠪᠠᠰᠣᠷᠡᠯ ᠳᠡᠭᠡᠷ᠎ᠡ ᠣᠷᠠᠨ ᠬᠠᠳᠬᠤᠮᠠᠯᠴᠢᠳ ᠠᠴᠠ ᠵᠡᠭᠦᠪᠴᠢ᠂ ᠬᠡᠳᠡᠪᠴᠢ᠂ ᠮᠠᠩᠨᠠᠶᠢᠪᠴᠢ᠂ ᠮᠠᠬᠠᠢ᠂ ᠬᠦᠬᠦᠷ ᠳᠠᠯᠢᠩ ᠵᠡᠷᠬᠡ ᠦᠪᠡᠷ ᠤᠨ ᠪᠦᠳᠣᠭᠡᠯ ᠢᠶᠠᠨ ᠪᠣᠯᠪᠠᠰᠣᠷᠡᠯ ᠤᠨ ᠠᠬᠤᠢ ᠲᠠᠯᠠᠪᠠᠢ ᠳᠤ ᠠᠪᠴᠢᠷᠡᠵᠣ ᠣᠶᠣᠵᠤ ᠣᠷᠠᠯᠠᠬᠤ ᠲᠠᠯ᠎ᠠ ᠪᠠᠷ ᠬᠦᠷᠣᠯᠴᠠᠬᠦ ᠦᠭᠡᠢ ᠪᠣᠶᠣ ᠴᠢᠳᠡᠬᠤ ᠦᠬᠡᠢ ᠵᠦᠢᠯ ᠢᠶᠠᠨ ᠵᠢᠯᠣᠭᠤᠳᠣᠭᠴᠢ ᠪᠠᠭᠰᠢ ᠨᠠᠷ ᠢᠶᠠᠷ ᠵᠢᠯᠤᠭᠤᠳᠤᠯᠭ᠎ᠠ ᠬᠢᠯᠭᠡᠯ᠎ᠡ᠃ ᠡᠨᠡ ᠤᠳᠠᠭᠠᠨ ᠤ ᠪᠤᠯᠪᠠᠰᠤᠷᠠᠯ ᠨᠢ ᠤᠷᠡᠴᠣᠤᠯ ᠤᠨ ᠣᠷᠡᠯᠠᠬᠤ ᠤᠷ᠎ᠠ ᠮᠠᠷᠬᠡᠵᠢᠯ᠂ ᠠᠷᠭ᠎ᠠ ᠲᠣᠷᠰᠢᠯᠭ᠎ᠠ᠂ ᠣᠷᠳᠣᠰ ᠬᠠᠳᠬᠤᠮᠠᠯ ᠢᠶᠠᠨ ᠬᠡᠷᠬᠢᠨ ᠣᠣᠯ ᠬᠡᠪ ᠢᠶᠠᠷ ᠢᠶᠠᠨ ᠦᠪᠯᠡᠨ ᠬᠠᠳᠠᠭᠠᠯᠠᠵᠣ ᠡᠭᠦᠳᠦᠯᠳᠡ ᠰᠢᠨᠠᠴᠢᠯᠠᠯᠲᠠ ᠬᠢᠵᠣ ᠬᠦᠭᠵᠢᠬᠦᠯᠬᠦ ᠲᠠᠯ᠎ᠠ ᠪᠠᠷ ᠦᠵᠠᠯ ᠪᠣᠳᠣᠯ ᠢᠶᠠᠨ ᠰᠣᠯᠢᠯᠴᠠᠬᠤ ᠴᠢᠯᠣᠭᠡᠳᠦ ᠲᠡᠪᠴᠠᠩ ᠢ ᠬᠠᠩᠭᠠᠵᠡᠢ᠃      ᠲᠣᠰ ᠤᠳᠠᠭᠠᠨ ᠤ ᠪᠣᠯᠪᠠᠰᠣᠷᠡᠯ ᠢ ᠮᠠᠨ ᠤ ᠬᠤᠰᠢᠭᠤᠨ ᠤ ᠪᠣᠳᠡᠰ ᠤᠨ ᠪᠤᠰᠣ ᠰᠣᠶᠣᠯ ᠤᠨ ᠦᠪ ᠤᠨ ᠬᠠᠮᠠᠭᠠᠯᠠᠯᠲᠠ ᠶᠢᠨ ᠲᠦᠪ᠂ ᠠᠷᠠᠳ ᠤᠨ ᠤᠳᠬ᠎ᠠ ᠣᠷᠠᠯᠢᠭᠴᠢᠳ ᠤᠨ ᠡᠪᠯᠡᠯ᠂ ᠤᠷᠡᠨ ᠪᠦᠰᠡᠬᠦᠢ ᠬᠠᠳᠬᠤᠮᠠᠯ ᠤᠨ ᠠᠵᠢᠯᠯᠠᠬᠤ ᠦᠷᠣᠭᠡ ᠠᠴᠠ ᠵᠣᠬᠢᠶᠠᠨ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号