ᠦᠦᠰᠢᠨ ᠬᠤᠰᠢᠭᠤ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠦᠷᠨᠢᠬᠦᠯᠦᠯ᠎ᠠ
ᠨᠡᠶᠢᠲᠡᠯᠡᠭᠰᠡᠨ ᠴᠠᠭ᠄
2020-08-03
     ᠪᠠᠭᠰᠢ ᠰᠤᠷᠤᠭᠴᠢᠳ ᠤᠨ ᠬᠠᠤᠯᠢ ᠴᠠᠭᠠᠵᠠ ᠶᠢᠨ ᠤᠢᠢᠯᠠᠭᠠᠬᠳᠠᠬᠤᠨ ᠪᠤᠯᠤᠨ ᠠᠮᠤᠷ ᠲᠦᠪᠰᠢᠨ ᠤ ᠲᠠᠨᠢᠯᠳᠠ ᠶᠢ ᠲᠡᠭᠡᠭᠰᠢᠯᠡᠬᠦᠯᠵᠦ᠂ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠬᠦᠮᠦᠵᠢᠯ ᠤᠨ ᠠᠵᠢᠯ ᠤᠨ ᠬᠦᠴᠦᠯᠡᠴᠡ ᠶᠢ ᠴᠢᠩᠭᠠᠳᠬᠠᠨ᠂ ᠡᠷᠡᠬᠦᠯ ᠮᠡᠨᠳᠦ ᠡᠶ᠎ᠡ ᠵᠤᠬᠢᠴᠠᠯᠳᠤ ᠰᠤᠷᠤᠯᠴᠠᠬᠤ ᠤᠷᠴᠢᠨ ᠲᠤᠭᠤᠷᠢᠨ ᠢ ᠪᠦᠷᠢᠯᠳᠦᠬᠦᠯᠬᠦ ᠶᠢᠨ ᠲᠦᠯᠦᠬᠡ ᠤᠢᠢᠷ᠎ᠠ ᠶᠢᠨ ᠡᠳᠦᠷ ᠦᠦᠰᠢᠨ ᠬᠤᠰᠢᠭᠤᠨ ᠤ ᠭᠠᠵᠢᠭᠤ ᠨᠤᠮᠯᠠᠯ ᠢ ᠡᠰᠡᠷᠬᠦᠴᠡᠬᠦ ᠨᠡᠶᠢᠬᠡᠮᠯᠢᠭ ᠨᠢ ᠬᠤᠰᠢᠭᠤ ᠲᠤᠲᠤᠭᠠᠳᠤ ᠶᠢ ᠬᠠᠮᠠᠭᠠᠯᠠᠬᠤ ᠲᠤᠪᠴᠢᠶ᠎ᠠ ᠲᠠᠢ ᠬᠠᠮᠳᠤᠷᠠᠨ ᠦᠦᠰᠢᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠶᠢᠨ ᠰᠡᠷᠡᠮᠵᠢ ᠶᠢᠨ ᠬᠦᠮᠦᠵᠢᠯ ᠤᠨ ᠠᠵᠢᠯᠯᠠᠭ᠎ᠠ ᠦᠷᠨᠢᠬᠦᠯᠦᠯ᠎ᠡ᠃
      ᠲᠤᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ ᠬᠢᠴᠢᠶᠠᠯ ᠤᠨ ᠭᠠᠳᠠᠨᠠᠬᠢ ᠬᠦᠳᠡᠯᠬᠡᠬᠡᠨ ᠲᠡᠭᠡᠷ᠎ᠡ ᠰᠡᠶᠢᠨ ᠲᠤᠷᠠᠴᠤᠳ ᠠᠴᠠ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠶᠢᠨ ᠲᠠᠶᠢᠯᠤᠮᠵᠢ ᠬᠢᠬᠦ᠂ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠶᠢᠨ ᠮᠠᠲᠧᠷᠢᠶᠠᠯ ᠲᠠᠷᠬᠠᠭᠠᠬᠤ᠂ ᠭᠠᠵᠢᠭᠤ ᠨᠤᠮᠯᠠᠯ ᠤᠨ ᠮᠦᠨ ᠴᠢᠨᠠᠷ᠂ ᠬᠦᠷᠢᠶ᠎ᠠ ᠬᠡᠪᠴᠢᠶ᠎ᠠ ᠵᠡᠷᠬᠡ ᠲᠠᠯ᠎ᠠ ᠶᠢᠨ ᠤᠬᠠᠭᠤᠯᠭ᠎ᠠ ᠶᠢᠨ ᠰᠡᠷᠡᠮᠵᠢ ᠶᠢᠨ ᠬᠦᠮᠦᠵᠢᠯ ᠢ ᠦᠷᠨᠢᠬᠦᠯᠵᠦ᠂ 6 ᠬᠡᠰᠡᠭ ᠮᠤᠩᠭᠤᠯ ᠬᠡᠯᠡᠨ ᠤ ᠲᠡᠯᠬᠡᠨ ᠦᠵᠡᠬᠦᠯᠬᠡ ᠶᠢᠨ ᠰᠢᠷᠡᠭᠡ ᠪᠠᠶᠢᠷᠢᠯᠠᠭᠤᠯᠤᠨ᠂ ᠲᠡᠮᠳᠡᠭᠯᠡᠯ ᠤᠨ ᠲᠡᠪᠳᠡᠷ᠂ ᠪᠢᠷ ᠵᠡᠷᠬᠡ ᠤᠯᠠᠨ ᠲᠦᠷᠦᠯ ᠤᠨ ᠭᠠᠵᠢᠭᠤ ᠨᠤᠮᠯᠠᠯ ᠢ ᠡᠰᠡᠷᠬᠦᠴᠡᠬᠦ ᠤᠬᠠᠭᠤᠯᠭ᠎ᠠ ᠶᠢᠨ ᠪᠤᠳᠠᠰ ᠢ 500 ᠭᠠᠷᠤᠢ ᠬᠤᠪᠢ ᠲᠠᠷᠬᠠᠭᠠᠭᠰᠠᠨ ᠪᠠᠶᠢᠨ᠎ᠠ᠃  
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号