ᠲᠠᠯ᠎ᠠ ᠨᠤᠳᠤᠭ ᠲᠤ ᠷᠤᠺ ᠲᠠᠭᠤᠨ ᠤ ᠴᠤᠭᠯᠠᠭᠠᠨ ᠪᠤᠯᠤᠯ᠎ᠠ
ᠨᠡᠶᠢᠲᠡᠯᠡᠭᠰᠡᠨ ᠴᠠᠭ᠄
2020/8/31
     ᠣᠶᠢᠷ᠎ᠠ ᠳᠤ᠂ ᠮᠠᠨ ᠤ ᠬᠤᠰᠢᠭᠤᠨ ᠤ ᠴᠠᠭᠠᠨ ᠰᠦᠯᠳᠡ ᠠᠮᠢ ᠠᠬᠤᠢ ᠨᠡᠭᠦᠳᠡᠯ ᠮᠠᠯᠵᠢᠯ ᠤᠨ ᠵᠢᠭᠤᠯᠴᠢᠯᠠᠯ ᠎ ᠤᠨ ᠤᠷᠤᠨ ᠳᠤ ︽ᠲᠠᠯ᠎ᠠ ᠨᠤᠳᠤᠭ ᠤᠨ ᠷᠤᠺ ᠲᠠᠭᠤᠨ ᠤ ᠴᠤᠭᠯᠠᠭᠠᠨ︾ ᠪᠤᠯᠤᠭᠰᠠᠨ ᠪᠠᠶᠢᠨ᠎ᠠ᠃      ᠲᠤᠰ ᠤᠳᠠᠭᠠᠨ ᠤ ︽ᠲᠠᠯ᠎ᠠ ᠨᠤᠳᠤᠭ ᠤᠨ ᠷᠤᠺ ᠲᠠᠭᠤᠨ ᠤ ᠴᠤᠭᠯᠠᠭᠠᠨ︾᠎ ᠳᠤ ︽ᠬᠦᠭᠰᠢᠨ ᠮᠤᠳᠣ︾᠂ ︽ᠴᠠᠭᠠᠨ ᠱᠤᠩᠭᠤᠷ︾ ᠵᠡᠷᠭᠡ ᠬᠠᠮᠳᠤᠯᠢᠭ ᠤᠨ ᠷᠤᠺ ᠲᠠᠭᠤᠨ ᠠᠴᠠ ᠭᠠᠳᠠᠨ᠎ᠠ ᠨᠡᠷᠡᠳᠤ ᠲᠠᠭᠤᠴᠢᠳ ᠤᠨ ᠲᠠᠯ᠎ᠠ ᠨᠤᠳᠤᠭ ᠤᠨ ᠤᠨᠴᠠᠯᠢᠭᠳᠤ ᠲᠠᠭᠤᠤ᠂ ᠠᠷᠡᠳ ᠤᠨ ᠲᠠᠭᠤᠤ ᠶᠢ ᠲᠠᠭᠤᠯᠠᠵᠤ ᠤᠶᠠᠩᠭᠠᠳᠤ ᠰᠠᠶᠢᠬᠠᠨ ᠠᠶ᠎ᠠ ᠲᠠᠭᠤᠤ ᠪᠤᠯᠤᠨ ᠲᠤᠸᠠᠯᠠᠨ ᠭᠡᠷᠡᠯᠳᠤᠭᠦ ᠳ᠋ᠧᠩ ᠤᠨ ᠭᠡᠷᠡᠯ ᠠᠬᠤᠢ ᠲᠠᠯᠠᠪᠠᠢ ᠶᠢ ᠬᠦᠷ ᠬᠦᠭᠵᠢᠶᠠᠨ ᠢᠶᠠᠷ ᠪᠢᠯᠬᠠᠭᠤᠯᠤᠯ᠎ᠠ᠃ ᠨᠠᠩ ᠢᠯᠠᠩᠭᠤᠶ᠎ᠠ ︽ᠪᠦᠷᠳᠡ ᠴᠢᠨ᠋ᠸ᠎ᠠ ᠶᠢᠨ ᠨᠤᠳᠤᠭ︾᠂ ︽ᠵᠠᠯᠠᠭᠤ ᠨᠠᠰᠤ︾ ᠵᠡᠷᠭᠡ ᠷᠤᠺ ᠲᠠᠭᠤᠣ ᠨᠢ ᠵᠠᠯᠠᠭᠤ ᠨᠢᠭᠡ ᠦᠶ᠎ᠡ ᠶᠢᠨ ᠬᠦᠮᠦᠰ ᠤᠨ ᠪᠠᠭ᠋ᠠᠷᠬᠠᠯ ᠳᠤ ᠬᠦᠷᠴᠥ ᠬᠤᠷᠠᠭᠰᠠᠨ ᠣᠯᠠᠨ ᠢ ᠪᠠᠶᠠᠰᠬᠠᠪᠠ᠃      ᠡᠨᠡ ᠤᠳᠠᠭᠠᠨ ᠤ ︽ᠲᠠᠯ᠎ᠠ ᠨᠤᠳᠤᠭ ᠤᠨ ᠷᠤᠺ ᠲᠠᠭᠤᠨ ᠤ ᠴᠤᠭᠯᠠᠭᠠᠨ︾᠎ ᠨᠢ ᠡᠨᠡ ᠵᠢᠯ ᠤᠨ ᠬᠤᠪᠢ ᠳᠤ ᠮᠠᠨ ᠤ ᠬᠤᠰᠢᠭᠤᠨ ᠳᠤ ᠪᠤᠯᠤᠭᠰᠠᠨ ᠬᠠᠮᠤᠭ ᠤᠨ ᠠᠩᠬᠠᠨ ᠤ ᠮᠦᠷᠳᠡᠭᠡᠨ ᠬᠠᠮᠤᠭ ᠤᠨ ᠲᠤᠮᠤ ᠭᠡᠪᠴᠢᠶᠠᠨ ᠤ ᠲᠤᠭᠯᠠᠯᠳᠠ ᠪᠤᠯᠤᠭᠰᠠᠨ ᠠᠴᠠ ᠮᠠᠰᠢ ᠤᠯᠠᠨ ᠬᠦᠮᠦᠨ ᠬᠤᠷᠠᠨ ᠴᠤᠭᠯᠠᠷᠠᠵᠦ ᠰᠤᠨᠢᠷᠬᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号