ᠮᠠᠨ ᠤ ᠬᠤᠰᠢᠭᠤ ᠥᠥᠰᠢᠨᠵᠤᠤ ᠭᠠᠴᠠᠭᠠᠨ ᠤ ᠠᠮᠢ ᠠᠬᠤᠶ ᠶᠢᠨ ᠣᠷᠳᠣᠨ ᠤ ᠵᠢᠷᠤᠭ ᠲᠥᠯᠥᠪᠯᠡᠭᠡᠨ ᠤ ᠲᠥᠰᠦᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/31
     ᠤᠶᠢᠷ᠎ᠠ ᠶᠢᠨ ᠡᠳᠦᠷ᠂ ᠮᠠᠨ ᠤ ᠬᠤᠰᠢᠭᠤ ᠥᠥᠰᠢᠨᠵᠤᠤ ᠭᠠᠴᠠᠭᠠᠨ ᠤ ᠠᠮᠢ ᠠᠬᠤᠶ ᠶᠢᠨ ᠣᠷᠳᠣᠨ ᠤ ᠵᠢᠷᠤᠭ ᠲᠥᠯᠥᠪᠯᠡᠭᠡᠨ ᠤ ᠲᠥᠰᠦᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠦ᠂ ᠮᠧᠩ ᠼᠤᠤ ᠪᠦᠯᠦᠭᠯᠡᠯ ᠤᠨ ᠶᠡᠷᠦᠩᠬᠡᠶ ᠳᠠᠭᠠᠭᠠᠮᠠᠯ ᠹᠦ᠋ ᠴᠢᠶᠠᠩ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠵᠸᠤ ᠱᠤᠸᠠᠢ᠂ ᠯᠸᠢ ᠬᠠᠰ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ᠂ ᠥᠥᠰᠢᠨᠵᠤᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ ᠮᠧᠩ ᠼᠤᠤ ᠪᠦᠯᠦᠭᠯᠡᠯ ᠤᠨ ᠲᠥᠷᠥᠯ ᠵᠥᠢᠯ ᠤᠨ ᠬᠠᠷᠢᠭᠤᠴᠠᠯᠭᠠᠲᠠᠨ ᠠᠴᠠ ᠲᠥᠷᠥᠯ ᠵᠦᠢᠯ ᠤᠨ ᠠᠭᠤᠯᠭ᠎ᠠ ᠪᠠ ᠵᠢᠷᠤᠭ ᠲᠥᠯᠥᠪᠯᠡᠭᠡ ᠶᠢᠨ ᠲᠥᠰᠦᠯ ᠢᠶᠠᠨ ᠬᠠᠷᠢᠭᠤ ᠮᠡᠳᠡᠭᠦᠯᠵᠦ ᠬᠤᠷᠠᠯ ᠳᠤ ᠣᠷᠣᠯᠴᠠᠭᠰᠠᠳ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃
     ᠡᠷᠳᠡᠨᠢᠪᠢᠯᠢᠭ ᠶᠠᠷᠢᠶᠠᠨ ᠳᠠᠭᠠᠨ᠂ ᠬᠤᠶᠠᠷ ᠲᠠᠯ᠎ᠠ ᠪᠠᠷ ᠢᠶᠠᠨ ᠬᠠᠮᠵᠢᠯᠴᠠᠭ᠎ᠠ ᠪᠠᠨ ᠴᠢᠩᠭᠠᠳᠬᠠᠨ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠲᠤᠷᠠᠯᠴᠠᠭ᠎ᠠ ᠶᠢᠨ ᠰᠢᠨ᠎ᠡ ᠵᠠᠭᠪᠤᠷ ᠢ ᠰᠦᠪᠡᠭᠴᠢᠯᠡᠵᠤ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢ ᠰᠤᠷᠤᠯᠴᠠᠨ ᠲᠤᠲᠠᠭᠳᠠᠯ ᠢᠶᠠᠨ ᠨᠥᠭᠦᠪᠤᠷᠢᠯᠠᠭᠦ ᠶᠢ ᠪᠡᠶᠡᠯᠡᠭᠦᠯᠵᠦ ᠥᠥᠰᠢᠨᠵᠤᠤ ᠭᠠᠴᠠᠭᠠᠨ ᠤ ᠠᠮᠢ ᠠᠬᠤᠢ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠭᠢᠭᠤᠯᠬᠤ ᠶᠢ ᠭᠥᠰᠡᠵᠤ ᠪᠠᠶᠢᠨ᠎ᠠ ᠭᠡᠵᠡᠢ᠃ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠣᠷᠳᠣᠨ ᠤ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ ᠮᠤᠤᠠᠤᠰᠤ ᠶᠢᠨ ᠡᠯᠡᠰᠦ ᠶᠢ ᠵᠠᠰᠠᠭᠰᠠᠨ ᠦᠯᠢᠭᠡᠷ ᠬᠡᠪ ᠪᠣᠯᠤᠨ ᠥᠥᠰᠢᠨ ᠤ ᠭᠥᠪᠡᠭᠦᠳ ᠦᠬᠢᠳ ᠤᠨ 60 ᠭᠠᠷᠤᠶ ᠵᠢᠯ ᠤᠨ ᠲᠤᠷᠰᠢᠬᠢ ᠡᠯᠡᠰᠦ ᠶᠢ ᠵᠠᠰᠠᠭᠰᠠᠨ ᠥᠩᠭᠡᠷᠡᠯᠲᠡ ᠶᠢ ᠭᠥᠢᠴᠡᠳ ᠢᠯᠠᠷᠠᠭᠦᠯᠤᠨ ︽ᠮᠠᠯᠵᠢᠬᠤ ᠳ᠋ᠠᠵᠠᠶ︾ ᠶᠢᠨ ᠰᠢᠨ᠎ᠡ ᠴᠠᠭ ᠦᠶ᠎ᠡ ᠶᠢᠨ ᠵᠤᠷᠢᠭ ᠰᠠᠨᠠᠭᠠᠨ ᠤ ᠠᠭᠤᠯᠤᠭᠳᠠᠬᠤᠨ ᠢ ᠠᠭᠤᠳᠠᠯᠵᠤ ᠡᠷᠭᠢᠨ ᠲᠣᠭᠤᠷᠢᠨ ᠤ ᠭᠠᠵᠠᠷ ᠣᠷᠣᠨ ᠤ ᠡᠯᠠᠰᠤ  ᠶᠢ ᠵᠠᠰᠠᠬᠤ ᠲᠤᠷᠰᠢᠯᠭ᠎ᠠ ᠶᠢ ᠰᠢᠩᠭᠡᠭᠡᠨ ᠠᠪᠴᠤ ᠭᠠᠵᠠᠷ ᠣᠷᠣᠨ ᠤ ᠰᠣᠶᠣᠯ ᠤᠨ ᠣᠨᠴᠠᠯᠢᠭ ᠲᠤ ᠣᠷᠭᠠᠨᠢᠭ ᠢᠶᠠᠷ ᠠᠭᠤᠰᠤᠯᠴᠠᠭᠤᠯᠤᠨ  ᠪᠤᠷᠤᠯᠳᠠᠢ᠂ ᠶᠢᠨ ᠢᠦ᠋ᠶ ᠵᠧᠨ ᠵᠡᠷᠭᠡ ᠡᠯᠡᠰᠦ ᠶᠢ ᠵᠠᠰᠠᠭᠰᠠᠨ ᠵᠢᠱᠢᠶᠡᠴᠢ ᠪᠠᠷ ᠭᠠᠷᠳᠠᠨ ᠬᠢᠬᠦ ᠴᠡᠭ ᠪᠣᠯᠭᠠᠵᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠤᠪᠢᠷᠠᠯᠲᠠ ᠶᠢ ᠨᠠᠩ ᠰᠠᠶᠢᠨ ᠢᠯᠡᠷᠡᠭᠦᠯᠤᠨ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠤᠴᠢᠷ ᠢ ᠨᠠᠩ ᠣᠯᠠᠨ ᠶᠠᠷᠢᠵᠤ ᠮᠠᠨ ᠤ ᠬᠤᠰᠢᠭᠤᠨ ᠤ ᠦᠶ᠎ᠡ ᠦᠶ᠎ᠡ ᠶᠢᠨ ᠬᠥᠪᠡᠭᠦᠳ ᠥᠬᠢᠳ ᠤᠨ ᠵᠣᠷᠢᠭᠲᠠᠢ ᠪᠠᠷ ᠰᠢᠨ᠎ᠡ ᠶᠢ ᠡᠭᠦᠳᠤᠨ ᠰᠦᠪᠡᠭᠴᠢᠯᠡᠨ ᠦᠢᠯᠡᠳᠦᠯᠭᠡᠵᠢᠭᠦᠯᠬᠦ ᠵᠣᠷᠢᠭ ᠰᠠᠨᠠᠭ᠎ᠠ ᠶᠢ ᠢᠯᠠᠷᠠᠭᠦᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠭᠥᠭᠵᠢᠯᠳᠠ ᠶᠢᠨ ᠦᠯᠢᠬᠡᠷ ᠢ ᠰᠠᠶᠢᠲᠤᠷ ᠤᠬᠠᠭᠤᠯᠬᠤ ᠭᠡᠷᠡᠭᠳᠠᠢ᠃ ᠮᠡᠳᠡᠭᠡ ᠵᠠᠩᠭᠢᠵᠢᠯᠲᠠ᠂ ᠲᠣᠭᠠᠴᠢᠯᠠᠭᠰᠠᠨ᠂ ᠣᠶᠤᠨᠴᠢᠯᠠᠭᠰᠠᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ ᠮᠤᠤᠠᠤᠰᠤ ᠡᠯᠡᠰᠦᠷᠬᠡᠭ ᠭᠠᠵᠠᠷ ᠤᠨ ᠬᠥᠷᠥᠰᠥᠨ ᠤ ᠴᠢᠨᠠᠷ ᠂ ᠤᠷᠭᠤᠮᠠᠯ᠂ ᠤᠰᠤᠨ ᠤ ᠡᠬᠢ ᠪᠠᠶᠠᠯᠢᠭ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠳᠠ ᠶᠢᠨ ᠬᠥᠮᠥᠷᠭᠡ ᠶᠢ ᠰᠤᠳᠤᠯᠤᠨ ᠪᠠᠶᠢᠭᠤᠯᠵᠤ ᠮᠤᠤᠠᠤᠰᠤ ᠶᠢᠨ ᠡᠯᠡᠰᠦᠷᠬᠡᠭ ᠭᠠᠵᠠᠷ ᠤᠨ ᠮᠠᠯ ᠲᠠᠷᠢᠶᠠᠯᠠᠩ ᠠᠵᠤ ᠠᠬᠤᠶ ᠶᠢᠨ ᠠᠵᠤ ᠥᠢᠯᠡᠰ ᠤᠨ ᠬᠥᠭᠵᠢᠯᠲᠡ ᠪᠠ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠳᠠ ᠳᠤ ᠨᠠᠩ ᠰᠠᠶᠢᠨ ᠥᠢᠯᠠᠴᠢᠯᠠᠭᠦ ᠭᠡᠷᠡᠭᠳᠠᠢ︔ ᠭᠡᠷ ᠤᠨ ᠳᠣᠲᠣᠷᠠᠬᠢ ᠭᠠᠳᠠᠨᠠᠬᠢ ᠵᠢᠷᠤᠭ ᠲᠥᠯᠥᠪᠯᠡᠭᠡ ᠶᠢ ᠬᠠᠷᠢᠯᠴᠠᠨ ᠠᠭᠤᠰᠤᠯᠴᠠᠭᠤᠯᠤᠨ᠂ ᠲᠣᠭᠤᠷᠢᠨ ᠰᠤᠷᠤᠯᠴᠠᠬᠤ ᠪᠠ ᠠᠮᠢ ᠠᠬᠤᠢ ᠶᠢ ᠣᠶᠢᠯᠠᠭᠠᠬᠤ ᠶᠢ ᠬᠠᠷᠢᠯᠴᠠᠨ ᠤᠶᠠᠯᠳᠤᠭᠤᠯᠬᠤ ᠂ ᠠᠮᠢ ᠠᠬᠤᠢ ᠶᠢᠨ ᠰᠤᠷᠭᠠᠨ ᠬᠥᠮᠦᠵᠢᠯ ᠬᠢᠭᠡᠳ ᠣᠨᠴᠠᠯᠢᠭᠲᠤ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠠᠭᠦᠯᠭᠦ ᠶᠢ ᠤᠶᠠᠯᠳᠤᠭᠤᠯᠬᠤ ᠰᠡᠳᠬᠢᠴᠡ ᠪᠠᠷ ᠵᠢᠭᠠᠨ ᠰᠤᠷᠭᠠᠬᠤ ᠠᠭᠤᠯᠭ᠎ᠠ ᠪᠠᠨ ᠪᠠᠶᠠᠯᠢᠭᠵᠢᠭᠤᠯᠵᠤ ᠭᠠᠴᠠᠭ᠎ᠠ ᠲᠣᠰᠬᠤᠨ ᠤ ᠵᠣᠯ ᠵᠢᠷᠭᠠᠯ ᠤᠨ ᠭᠡᠮᠵᠢᠶ᠎ᠠ ᠶᠢ ᠳᠡᠭᠡᠭᠰᠢᠯᠡᠭᠦᠯᠦᠨ ᠠᠮᠢ ᠠᠬᠤᠶ ᠬᠢᠭᠡᠳ ᠠᠷᠠᠳ ᠢ ᠪᠠᠶᠠᠵᠢᠭᠤᠯᠤᠨ ᠬᠠᠮᠲᠤᠪᠠᠷ ᠠᠰᠢᠭ ᠬᠦᠷᠲᠡᠬᠦ ᠶᠢ ᠪᠠᠶᠠᠯᠠᠭᠦᠯᠭᠦ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠦᠵᠡᠯ ᠰᠠᠨᠠᠭ᠎ᠠ ᠪᠠᠨ ᠨᠢᠭᠡᠳᠬᠡᠵᠤ ᠠᠵᠠ ᠲᠣᠬᠢᠶᠠᠯ ᠢ ᠠᠮᠵᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠭᠢᠭᠤᠯᠤᠨ ᠮᠤᠤᠠᠤᠰᠤ ᠶᠢᠨ ᠡᠯᠡᠰᠤ ᠶᠢ ᠵᠠᠰᠠᠭᠰᠠᠨ ᠵᠣᠷᠢᠭ ᠰᠠᠨᠠᠭ᠎ᠠ ᠶᠢ ᠨᠠᠩ ᠰᠠᠶᠢᠨ ᠪᠠᠳᠠᠷᠠᠭᠤᠯᠵᠤ ᠮᠠᠨ ᠤ ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ︾ ᠰᠢᠨ᠎ᠡ ︽ᠣᠶᠤᠨ ᠰᠠᠨᠠᠭᠠᠨ ᠤ ᠬᠥᠳᠡᠯᠭᠡᠭᠦᠷ︾ ᠪᠤᠯᠭᠠᠬᠤ ᠭᠡᠷᠡᠭᠳᠠᠢ ᠭᠡᠵᠡᠢ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号