ᠰᠢ ᠶᠢᠨ ᠫᠢᠩ ᠲᠥᠪ ᠤᠨ ᠳᠤᠯᠤᠳᠤᠭᠠᠷ ᠤᠳᠠᠭᠠᠨ ᠤ ᠲᠦᠪᠡᠳ ᠤᠨ ᠠᠵᠢᠯ ᠤᠨ ᠲᠤᠬᠠᠢ ᠶᠠᠷᠢᠯᠴᠠᠬᠤ ᠬᠤᠷᠠᠯ ᠳᠡᠭᠡᠷ᠎ᠡ ᠰᠢᠨ᠎ᠡ ᠴᠠᠭ ᠥᠶ᠎ᠡ ᠶᠢᠨ ᠨᠠᠮ ᠤᠨ ᠲᠦᠪᠡᠳ ᠢ ᠵᠠᠰᠠᠬᠤ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ ᠪᠦᠯᠭᠦᠮᠳᠡᠯ ᠲᠠᠢ ᠪᠠᠶᠠᠨ ᠴᠢᠨᠡᠭᠡᠯᠢᠭ ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠳᠤ ᠤᠳᠤᠬᠢᠴᠢᠯᠠᠭᠰᠠᠨ ᠰᠢᠨ᠎ᠡ ᠲᠦᠪᠡᠳ ᠢ ᠪᠦᠳᠦᠭᠡᠨ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/8/31
         8 ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠲᠥᠪ ᠤᠨ ᠳᠣᠯᠣᠳᠤᠭᠠᠷ ᠤᠳᠠᠭᠠᠨ ᠤ ᠲᠥᠪᠡᠳ ᠤᠨ ᠠᠵᠢᠯ ᠤᠨ ᠲᠤᠬᠠᠶ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠠ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 29 ᠤ ᠴᠠᠬᠢᠯᠭᠠᠨ ᠮᠡᠳᠡᠭᠡ ᠲᠥᠪ ᠤᠨ ᠳᠣᠯᠣᠳᠤᠭᠠᠷ ᠤᠳᠠᠭᠠᠨ ᠤ ᠲᠥᠪᠡᠳ ᠤᠨ ᠠᠵᠢᠯ ᠤᠨ ᠲᠤᠬᠠᠶ ᠶᠠᠷᠢᠯᠴᠠᠬᠤ ᠬᠤᠷᠠᠯ 8 ᠰᠠᠷ᠎ᠠ ᠶᠢᠨ 28 ᠠᠴᠠ 29 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠡᠷᠬᠡᠪᠰᠢ ᠰᠢᠨ᠎ᠡ ᠴᠠᠭ ᠦᠶ᠎ᠡ ᠶᠢᠨ ᠨᠠᠮ‌‍ᠤᠨ ᠲᠥᠪᠡᠳ ᠢ ᠵᠠᠰᠠᠬᠤ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ‌‍ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠪᠠ ᠥᠨᠢ ᠤᠳᠠᠭᠠᠨ ᠠᠮᠤᠷ ᠲᠤᠬᠳᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠰᠠᠶᠢᠨ ᠰᠠᠶᠢᠬᠠᠨ ᠪᠠᠶᠢᠬᠤ ᠶᠢ ᠪᠠᠲᠤᠯᠠᠵᠤ᠂ ᠬᠢᠯᠢ ᠶᠢᠨ ᠬᠠᠮᠠᠭᠠᠯᠠᠯᠲᠠ ᠶᠢᠨ ᠪᠠᠬᠢᠵᠢᠯ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠲᠥᠪᠡᠳ ᠢ ᠴᠢᠷᠮᠠᠶᠢᠨ ᠪᠦᠳᠦᠬᠡᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠯᠢ ᠺᠧ ᠴᠢᠶᠠᠩ ᠬᠤᠷᠠᠯ ᠢ ᠡᠷᠭᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠰᠢ ᠶᠢᠨ ᠫᠢᠩ ᠶᠠᠷᠢᠶᠠᠨ ᠳᠠᠭᠠᠨ᠂ ᠲᠥᠪ ᠤᠨ ᠵᠢᠷᠭᠤᠳᠤᠭᠠᠷ ᠤᠳᠠᠭᠠᠨ ᠤ ᠲᠥᠪᠡᠳ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠤ ᠬᠦᠴᠦᠲᠡᠶ ᠳᠡᠮᠵᠢᠯᠭᠡ ᠳᠣᠤᠷ᠎ᠠ᠂ ᠲᠥᠪᠡᠳ ᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠪᠦᠯᠬᠦᠮᠳᠡᠨ ᠨᠢᠭᠡᠳᠴᠦ᠂ ᠬᠠᠲᠠᠭᠤᠵᠢᠯᠲᠠᠶ ᠲᠡᠮᠡᠴᠡᠵᠤ᠂ ᠤᠷᠲᠤ ᠬᠤᠭᠤᠴᠠᠭ᠎ᠠ ᠪᠠᠷ ᠰᠢᠢᠳᠪᠦᠷᠢᠯᠡᠶ᠎ᠡ ᠭᠡᠵᠦ ᠪᠣᠳᠣᠭᠰᠠᠨ ᠪᠣᠯᠪᠠᠴᠤ  ᠰᠢᠢᠳᠪᠦᠷᠢᠯᠡᠵᠤ ᠴᠢᠳᠠᠬᠰᠠᠨ ᠦᠬᠡᠢ ᠮᠠᠰᠢ ᠣᠯᠠᠨ ᠬᠦᠴᠢᠷ ᠠᠰᠠᠭᠤᠳᠠᠯ ᠢ ᠰᠢᠢᠳᠪᠦᠷᠢᠯᠡᠵᠤ᠂ ᠥᠩᠭᠡᠷᠡᠭᠰᠡᠨ ᠳᠤ ᠪᠦᠲᠦᠭᠡᠶ᠎ᠡ ᠭᠡᠵᠦ ᠪᠣᠳᠣᠭᠰᠠᠨ ᠪᠣᠯᠪᠠᠴᠤ ᠪᠦᠲᠦᠭᠡᠭᠡ ᠦᠭᠡᠶ ᠣᠯᠠᠨ ᠶᠡᠭᠡ ᠶᠠᠪᠤᠳᠠᠯ ᠢ ᠪᠦᠲᠦᠭᠡᠵᠤ᠂ ᠡᠯ᠎ᠡ ᠵᠦᠢᠯ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠵᠤ᠂ ᠲᠡᠦᠬᠡᠲᠦ ᠴᠢᠨᠠᠷᠲᠠᠢ ᠠᠮᠵᠢᠯᠲᠠ ᠣᠯᠪᠠ᠃ ᠲᠥᠪᠡᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯ ᠪᠦᠷᠢᠮᠦᠰᠦᠨ ᠵᠥᠪ ᠶᠤᠮ᠂ ᠲᠥᠪᠡᠳ ᠤᠨ ᠦᠷᠭᠦᠯᠵᠢᠯᠡᠨ ᠲᠣᠭᠲᠠᠭᠤᠨ ᠪᠠᠶᠢᠬᠤ ᠪᠠ ᠲᠦᠷᠭᠡᠨ ᠬᠥᠭᠵᠢᠯᠳᠡ ᠶᠢ ᠪᠡᠶᠡᠯᠡᠭᠦᠯᠦᠭᠰᠡᠨ ᠨᠢ ᠨᠠᠮ ᠪᠠ ᠲᠦᠷᠦ ᠶᠢᠨ ᠠᠵᠢᠯ ᠤᠨ ᠶᠡᠭᠡ ᠲᠠᠯ᠎ᠠ‌‍ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠮᠥᠨ ᠭᠡᠳᠡᠭ ᠢ ᠦᠢᠯᠡᠳᠦᠯᠬᠡ ᠬᠦᠢᠴᠡᠳ ᠭᠡᠷᠡᠴᠢᠯᠡᠵᠡᠢ ᠬᠡᠵᠥ ᠵᠢᠭᠠᠵᠥ ᠭᠠᠷᠭᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠤᠨ᠎ᠡ ᠠᠴᠠ ᠴᠠᠰᠤᠲᠤ ᠥᠨᠳᠦᠷᠯᠢᠭ ᠲᠤ ᠲᠡᠮᠡᠴᠡᠵᠦ ᠪᠠᠶᠢᠭ᠎ᠠ ᠥᠷᠭᠡᠨ ᠣᠯᠠᠨ ᠨᠥᠬᠦᠳ᠂ ᠣᠨᠴᠠᠭᠠᠶᠢᠯᠠᠨ ᠡᠮᠦᠨ᠎ᠡ ᠹᠷᠣᠨᠲ ᠲᠤ ᠠᠵᠢᠯᠯᠠᠵᠤ᠂ ᠡᠮᠦᠨ᠎ᠡ ᠹᠷᠣᠨᠲ ᠲᠤ ᠦᠢᠯᠡᠴᠢᠯᠡᠵᠦ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ      ᠰᠢ ᠶᠢᠨ ᠫᠢᠩ᠂ ᠨᠠᠮ ᠤᠨ ᠲᠥᠪ ᠬᠤᠷᠢᠶ᠎ᠠ ᠲᠥᠪᠡᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠂ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠭᠠᠰᠢ ᠤᠷᠢᠳ ᠬᠤᠵᠢᠳ 6 ᠤᠳᠠᠭ᠎ᠠ ᠲᠥᠪᠡᠳ ᠤᠨ ᠠᠵᠢᠯ ᠤᠨ ᠳᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠤᠳᠠᠭ᠎ᠠ ᠪᠦᠷᠢ ᠴᠥᠮ ᠪᠣᠳᠠᠲᠤ ᠪᠠᠶᠢᠳᠠᠯ ᠢ ᠦᠨᠳᠦᠰᠦᠯᠡᠨ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠬᠢᠵᠡᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪᠡᠳ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠳᠤ ᠭᠦᠨᠵᠡᠭᠡᠶ ᠬᠤᠪᠢᠷᠠᠯᠲᠠ ᠭᠠᠷᠴᠤ᠂ ᠪᠢᠳᠡ ᠲᠥᠪᠡᠳ ᠤᠨ ᠠᠵᠢᠯ ᠤᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠲᠥᠪᠡᠳ ᠢ ᠵᠠᠰᠠᠵᠤ ᠲᠥᠪᠡᠳ ᠢ ᠲᠣᠭᠲᠠᠪᠤᠷᠢᠵᠢᠭᠤᠯᠤᠨ ᠲᠥᠪᠡᠳ ᠢ ᠮᠠᠨᠳᠤᠭᠤᠯᠤᠭᠰᠠᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠤᠳᠤᠯᠭ᠎ᠠ ᠶᠢ ᠪᠦᠷᠢᠯᠳᠦᠭᠦᠯᠪᠡ᠃ ᠲᠥᠪᠡᠳ ᠤᠨ ᠠᠵᠢᠯ ᠢ ᠰᠠᠶᠢᠲᠤᠷ ᠬᠢᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠵᠤ᠂ ᠤᠯᠤᠰ ᠢ ᠵᠠᠰᠠᠬᠤ ᠳᠤ ᠡᠷᠬᠡᠪᠰᠢ ᠬᠢᠯᠢ ᠬᠢᠵᠠᠭᠠᠷ ᠣᠷᠣᠨ ᠢ ᠵᠠᠰᠠᠬᠤ᠂ ᠬᠢᠯᠢ ᠬᠢᠵᠠᠭᠠᠷ ᠤᠷᠤᠨ ᠢ ᠵᠠᠰᠠᠬᠤ ᠳᠤ ᠤᠷᠢᠳ ᠢᠶᠠᠷ ᠲᠥᠪᠡᠳ ᠢ ᠲᠣᠭᠲᠠᠭᠤᠨ ᠪᠠᠶᠢᠯᠭᠠᠬᠤ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠥ᠂ ᠡᠷᠬᠡᠪᠰᠢ ᠡᠬᠡ ᠣᠷᠣᠨ ᠤ ᠨᠢᠭᠡᠳᠦᠯ ᠢ ᠬᠠᠮᠠᠭᠠᠯᠠᠬᠤ ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠠᠪᠤᠳᠠᠯ ᠢ ᠲᠥᠪᠡᠳ ᠤᠨ ᠠᠵᠢᠯ ᠤᠨ ᠠᠩᠬᠠᠷᠤᠯ ᠤᠨ ᠴᠡᠭ ᠪᠠ ᠬᠦᠴᠦᠯᠡᠬᠦ ᠴᠡᠭ ᠪᠣᠯᠭᠠᠵᠤ᠂ ᠡᠷᠬᠡᠪᠰᠢ ᠬᠠᠤᠯᠢ ᠶᠣᠰᠣᠭᠠᠷ ᠲᠥᠪᠡᠳ ᠢ ᠵᠠᠰᠠᠬᠤ᠂ ᠠᠷᠠᠳ ᠢ ᠪᠠᠶᠠᠵᠢᠭᠤᠯᠤᠨ ᠲᠥᠪᠡᠳ ᠢ ᠬᠥᠭᠵᠢᠭᠦᠯᠬᠦ᠂ ᠤᠷᠲᠤ ᠬᠤᠭᠤᠴᠠᠭ᠎ᠠ‌‍ᠪᠠᠷ ᠲᠥᠪᠡᠳ ᠢ ᠪᠦᠳᠦᠭᠡᠡ ᠪᠠᠶᠢᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠰᠠᠭᠤᠷᠢ ᠶᠢ ᠪᠠᠬᠢᠵᠢᠭᠦᠯᠬᠦ ᠴᠢᠬᠤᠯᠠ ᠵᠠᠷᠴᠢᠮ ᠢ ᠪᠠᠷᠢᠮᠲᠠᠯᠠᠵᠤ᠂ ᠡᠷᠬᠡᠪᠰᠢ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠡᠷᠬᠡᠪᠰᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠰᠦᠯᠲᠡ ᠪᠠ ᠲᠡᠭᠦᠰᠬᠡᠯ ᠪᠣᠯᠭᠠᠵᠤ᠂ ᠡᠷᠬᠡᠪᠰᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠥ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠡᠷᠬᠡᠪᠰᠢ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠷᠬᠡᠪᠰᠢ ᠨᠠᠮ ᠤᠨ ᠪᠠᠶᠢᠭᠤᠯᠤᠯᠲᠠ ᠢᠯᠠᠩᠭᠤᠶ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠤᠳᠤᠯᠭ᠎ᠠ ᠪᠣᠯ ᠲᠥᠪᠡᠳ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃      ᠰᠢ ᠶᠢᠨ ᠫᠢᠩ᠂ ᠲᠥᠪᠡᠳ ᠤᠨ ᠠᠵᠢᠯ ᠡᠷᠬᠡᠪᠰᠢ ᠡᠬᠡ ᠤᠯᠤᠰ ᠤᠨ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠠᠷ ᠭᠤᠣᠯᠳᠠᠯᠭ᠎ᠠ ᠪᠠ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠯᠠᠨ ᠲᠦᠮᠡᠨ ᠢ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠢ ᠥᠷᠭᠡᠨ ᠢᠶᠠᠷ ᠳᠠᠶᠢᠴᠢᠯᠠᠨ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠳᠤ ᠣᠷᠣᠯᠴᠠᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠪᠤᠯᠤᠳ ᠬᠡᠷᠡᠮ ᠳᠡᠮᠤᠷ ᠬᠠᠨ᠎ᠠ ᠶᠢ ᠪᠤᠢ ᠪᠣᠯᠭᠠᠬᠤ ᠬᠡᠷᠡᠭᠲᠡᠶ᠃ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠤᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠲᠥᠪᠡᠳ ᠤᠨ ᠣᠷᠣᠨ ᠨᠤᠲᠤᠭ ᠪᠣᠯᠤᠨ ᠡᠬᠡ ᠣᠷᠣᠨ ᠤ ᠬᠠᠷᠢᠴᠠᠭᠠᠨ ᠤ ᠲᠡᠤᠬᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠬᠤ ᠬᠡᠷᠡᠭᠳᠡᠢ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠬᠤᠯᠠᠴᠢᠯᠠᠨ ᠴᠢᠩᠭᠠᠳᠬᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠪᠠᠨ ᠬᠠᠶᠢᠷᠠᠯᠠᠬᠤ ᠦᠵᠡᠯ ᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠤᠨ ᠭᠦᠨ ᠳᠤ ᠬᠠᠳᠠᠩᠰᠢᠭᠤᠯᠬᠤ ᠬᠡᠷᠡᠭᠳᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠠᠨᠢᠯᠳᠡ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠲᠥᠪᠡᠳ ᠤᠨ ᠡᠷᠲᠡᠨ ᠠᠴᠠ ᠠᠪᠤᠭᠠᠳ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡᠨ ᠪᠣᠳᠠᠲᠤ ᠬᠡᠷᠡᠭ ᠢ ᠠᠭᠤᠳᠠᠯᠤᠨ ᠡᠮᠬᠢᠳᠬᠡᠵᠦ᠂ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠬᠠᠨᠳᠤᠰᠢ ᠪᠠ ᠢᠷᠡᠭᠡᠳᠦᠶ ᠶᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠳᠡᠢ᠃ ᠲᠥᠪᠡᠳ ᠤᠨ ᠪᠤᠳ᠋ᠳ᠋ᠾᠠ ᠶᠢᠨ ᠱᠠᠰᠢᠨ ᠢ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠲᠥᠪᠡᠳ ᠤᠨ ᠪᠤᠳ᠋ᠳ᠋ᠾᠠ ᠶᠢᠨ ᠱᠠᠰᠢᠨ ᠢ ᠳᠤᠮᠳᠠᠳᠤ ᠤᠯᠤᠰᠴᠢᠯᠠᠬᠤ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠬᠥᠭᠵᠢᠯᠲᠡ ᠶᠢᠨ ᠲᠡᠩᠴᠡᠭᠦᠷᠢ ᠦᠭᠡᠶ ᠬᠦᠢᠴᠡᠳ ᠦᠭᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠭᠠᠷᠳᠠᠴᠡ ᠪᠣᠯᠭᠠᠠ᠂ ᠡᠯᠧᠮᠧᠨ᠋ᠲ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ᠳᠦᠷᠢᠮ ᠲᠣᠭᠲᠠᠴᠠ ᠪᠠᠷ ᠪᠠᠲᠤᠯᠠᠭ᠎ᠠ ᠪᠣᠯᠭᠠᠵᠤ᠂ ᠨᠢᠭᠡᠳᠦᠯᠲᠡᠢ ᠲᠥᠯᠥᠪᠵᠢᠭᠦᠯᠵᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠨᠠᠩ ᠶᠡᠭᠡ ᠬᠦᠴᠦ ᠣᠷᠣᠭᠤᠯᠵᠤ᠂ ᠨᠠᠩ ᠣᠯᠠᠨ ᠠᠷᠭ᠎ᠠ ᠪᠣᠳᠣᠵᠤ᠂ ᠳᠠᠷᠠᠭᠠᠴᠢ ᠶᠢᠨ ᠨᠠᠩ ᠣᠯᠠᠨ ᠬᠠᠪᠰᠤᠷᠤᠯᠭ᠎ᠠ ᠳᠡᠮᠵᠢᠯᠭᠡ ᠶᠢ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠢᠯᠠᠩᠭᠤᠶ᠎ᠠ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠠᠮ ᠬᠠᠷᠢᠯᠴᠠᠭᠠᠨ ᠤ ᠲᠥᠬᠦᠭᠡᠷᠦᠮᠵᠢ᠂ ᠡᠪᠡᠳᠴᠢᠨ ᠦᠵᠡᠭᠦᠯᠵᠦ ᠰᠤᠷᠭᠠᠭᠤᠯᠢ ᠳᠤ ᠣᠷᠣᠬᠤ᠂ ᠨᠠᠰᠤᠵᠢᠯ ᠤᠨ ᠠᠰᠠᠷᠠᠮᠵᠢ ᠨᠡᠶᠢᠭᠡᠮ ᠤᠨ ᠪᠠᠲᠤᠯᠠᠪᠤᠷᠢ ᠵᠡᠷᠭᠡ ᠶᠢ ᠪᠦᠬᠦᠨ ᠢ ᠪᠦᠷᠬᠦᠬᠦᠯᠬᠦ ᠬᠡᠷᠡᠭᠲᠡᠢ᠃ ᠰᠧᠴᠤᠸᠠᠨ ᠲᠥᠪᠡᠳ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠲᠣᠭᠤᠷᠢᠨ ᠳᠤ᠂ ᠨᠢᠭᠡ ᠪᠦᠯᠦᠭ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠶ᠋ᠯᠡᠴᠢᠯᠡᠭᠡᠨ ᠤ ᠲᠥᠬᠦᠭᠡᠷᠦᠮᠵᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠨᠡᠩ ᠤᠯᠠᠨ ᠪᠦᠯᠬᠦᠮᠳᠡᠯ ᠤᠨ ᠱᠤᠭᠤᠮ᠂ ᠵᠣᠯ ᠵᠢᠷᠭᠠᠯ ᠤᠨ ᠵᠠᠮ ᠢ ᠪᠠᠶᠢᠭᠤᠯᠬᠤ ᠬᠡᠷᠡᠭᠳᠠᠢ᠃ ᠠᠵᠢᠯ ᠣᠯᠭᠤᠯᠲᠠ ᠶᠢ ᠲᠡᠳᠬᠦᠨ ᠳᠡᠮᠵᠢᠬᠦ ᠴᠢᠳᠠᠪᠤᠷᠢ ᠶᠢ ᠪᠤᠶᠢᠵᠢᠭᠤᠯᠵᠤ᠂ ᠨᠡᠩ ᠤᠯᠠᠨ ᠠᠵᠢᠯ ᠣᠯᠭᠤᠯᠲᠠ ᠶᠢᠨ ᠵᠠᠪᠰᠢᠶᠠᠨ ᠬᠠᠩᠭᠠᠵᠤ᠂ ᠤᠯᠠᠨ ᠠᠷᠭ᠎ᠠ ᠵᠠᠮ ᠤᠨ ᠵᠠᠬ᠎ᠠ ᠳᠡᠯᠭᠡᠭᠦᠷ ᠢᠶᠠᠷ ᠠᠵᠢᠯ ᠣᠯᠭᠤᠬᠤ ᠶᠢ ᠠᠬᠢᠭᠤᠯᠬᠤ ᠬᠡᠷᠡᠭᠲᠡᠶ᠃ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠠᠷᠢᠶᠠᠯᠠᠩ ᠡᠮᠴᠢ ᠵᠡᠷᠭᠡ ᠲᠠᠯ᠎ᠠ ᠳᠤ ᠳᠤᠲᠠᠭᠳᠠᠵᠤ ᠪᠠᠢᠶ᠋ᠭ᠎ᠠ ᠴᠢᠳᠠᠪᠤᠷᠢᠲᠠᠨ ᠢ ᠨᠠᠩ ᠣᠯᠠᠨ ᠬᠥᠮᠦᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠢᠷᠡᠭᠡᠳᠦᠶ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠭᠤᠤᠯᠳᠠᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠢᠨᠵᠢᠯᠡᠬᠦ ᠤᠬᠠᠭᠠᠨᠴᠢ ᠪᠠᠷ ᠰᠢᠨᠵᠢᠯᠡᠭᠡᠨ ᠢ ᠲᠣᠬᠢᠷᠠᠭᠤᠯᠵᠤ᠂ ᠳᠡᠰ ᠳᠠᠪᠬᠤᠷᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠬᠡᠯᠪᠡᠷᠢ ᠶᠢᠨ ᠪᠤᠳᠠᠳᠤ ᠬᠡᠷᠡᠭᠯᠡᠭᠡᠨ ᠤ ᠴᠢᠳᠠᠪᠤᠷᠢᠲᠠᠨ ᠢ ᠨᠠᠩ ᠣᠯᠠᠨ ᠬᠥᠮᠦᠵᠢᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ      ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢ ᠰᠠᠶᠢᠲᠤᠷ ᠬᠠᠮᠠᠭᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠳᠤ ᠦᠵᠡᠭᠦᠯᠬᠦ ᠬᠠᠮᠤᠭ ᠤᠨ ᠶᠡᠭᠡ ᠬᠤᠪᠢ ᠨᠡᠮᠡᠷᠢ ᠪᠣᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠲᠡᠤᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ᠂ ᠳᠡᠯᠡᠬᠡᠶ ᠳ᠋ᠠᠬᠢᠨ ᠳᠤ ᠬᠠᠷᠢᠭᠤᠴᠠᠬᠤ ᠣᠪᠣᠷ ᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠥᠨᠳᠦᠷᠯᠢᠭ ᠤᠨ ᠡᠪᠡᠰᠦ ᠮᠣᠳᠣ᠂ ᠮᠢᠩᠭ᠎ᠠ ᠲᠦᠮᠡᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠢ ᠪᠦᠬᠦ ᠤᠯᠤᠰ ᠴᠢᠨᠠᠭᠰᠢᠯᠠᠪᠠᠯ ᠤᠯᠠᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠥᠨᠳᠦᠷᠯᠢᠭ ᠭᠠᠵᠠᠷ ᠪᠣᠯᠭᠠᠨ ᠪᠦᠳᠦᠭᠡᠨ ᠪᠠᠶᠢᠭᠤᠯᠬᠤ ᠬᠡᠷᠡᠭᠳᠠᠢ᠃ ᠬᠥᠬᠡᠨᠠᠭᠤᠷ ᠲᠥᠪᠡᠳ ᠤᠨ ᠥᠨᠳᠦᠷᠯᠢᠭ ᠤᠨ ᠰᠢᠨᠵᠢᠯᠡᠬᠦ ᠤᠬᠠᠭᠠᠨ ᠤ ᠪᠠᠶᠢᠴᠠᠭᠠᠯᠳᠠ ᠶᠢᠨ ᠠᠵᠢᠯ ᠢ ᠭᠦᠨᠵᠡᠭᠡᠶ ᠠᠬᠢᠭᠤᠯᠵᠤ᠂ ᠣᠷᠴᠢᠨ ᠲᠣᠭᠤᠷᠢᠨ ᠤ ᠬᠤᠪᠢᠷᠠᠯᠲᠠ ᠶᠢᠨ ᠵᠢᠮ᠎ᠡ ᠶᠣᠰᠣ ᠶᠢ ᠢᠯᠡᠷᠡᠭᠦᠯᠵᠦ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠪᠣᠯᠤᠨ ᠬᠥᠮᠦᠨ ᠲᠥᠷᠥᠯᠬᠢᠲᠡᠨ ᠤ ᠠᠵᠢᠯᠯᠠᠭ᠎ᠠ‌‍ᠶᠢᠨ ᠬᠥᠬᠡᠨᠠᠭᠤᠷ ᠲᠥᠪᠡᠳ ᠤᠨ ᠥᠨᠳᠦᠷᠯᠢᠭ ᠲᠤ ᠦᠵᠡᠭᠦᠯᠬᠦ ᠨᠥᠯᠥᠭᠡ ᠶᠢ ᠣᠨᠣᠪᠴᠢᠲᠠᠶ ᠡᠵᠡᠮᠰᠢᠵᠦ᠂ ᠬᠠᠮᠠᠭᠠᠯᠠᠬᠤ᠂ ᠰᠡᠷᠭᠦᠭᠡᠬᠦ᠂ ᠵᠠᠰᠠᠬᠤ ᠰᠢᠰᠲ᠋ᠧᠮᠳᠤ ᠲᠥᠰᠦᠯ ᠪᠠ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠶ᠃ ᠨᠥᠬᠦᠪᠥᠷᠢᠯᠡᠬᠦ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠨᠠᠩ ᠰᠠᠶᠢᠲᠤᠷ ᠳᠠᠶᠢᠴᠢᠯᠠᠵᠤ᠂ ᠰᠠᠶᠢᠨ ᠰᠠᠶᠢᠬᠠᠨ ᠠᠮᠢ ᠠᠬᠤᠶ ᠶᠢ ᠬᠠᠮᠲᠤ ᠪᠠᠷ ᠪᠦᠲᠦᠭᠡᠨ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ᠂ ᠰᠠᠶᠢᠨ ᠰᠠᠶᠢᠬᠠᠨ ᠡᠷᠭᠢᠯᠳᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠬᠡᠷᠡᠭᠳᠠᠢ᠃ ᠬᠢᠯᠢ ᠬᠢᠵᠠᠭᠠᠷ ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠭᠠᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠠᠪᠴᠤ᠂ ᠬᠢᠯᠢ ᠶᠢᠨ ᠣᠯᠠᠨ ᠲᠦᠮᠡᠨ ᠢ ᠬᠠᠪᠰᠤᠷᠤᠨ ᠦᠶ᠋ᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠰᠠᠶᠢᠵᠢᠷᠠᠭᠤᠯᠵᠤ᠂ ᠰᠠᠨᠠᠭᠠᠨ ᠤ ᠵᠣᠪᠠᠨᠢᠯ ᠢ ᠨᠢ ᠰᠢᠶ᠋ᠳᠪᠦᠷᠢᠯᠡᠵᠤ ᠦᠭᠬᠦ ᠬᠡᠷᠡᠭᠲᠡᠶ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠰᠠᠯᠬᠢ ᠳᠠᠪᠠᠯᠭᠠᠨ ᠤ ᠰᠢᠯᠭᠠᠯᠲᠠ ᠶᠢ ᠲᠠᠭᠠᠭᠠᠬᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠭ᠋ᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠲᠤ ᠴᠢᠩᠭ᠎ᠠ ᠤᠯᠤᠰ ᠲᠥᠷᠥ ᠶᠢᠨ ᠬᠦᠴᠦᠨ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ‌‍ᠤᠨ ᠭᠡᠰᠢᠭᠦᠨ᠂ ᠺᠠᠳ᠋ᠷ ᠤᠨ ᠲᠠᠷᠢᠬᠢ ᠲᠣᠯᠣᠭᠠᠶ ᠶᠢ ᠵᠡᠪᠰᠡᠭᠯᠡᠬᠦ ᠶᠢ ᠪᠠᠷᠢᠮᠲᠠᠯᠠᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ᠂ ᠺᠠᠳ᠋ᠷᠴᠤᠳ ᠤᠨ ᠴᠢᠬᠤᠯᠠ ᠶᠡᠭᠡ ᠲᠡᠮᠡᠴᠡᠯ ᠢ ᠠᠷᠭᠠᠴᠠᠭᠠᠬᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠤᠢ ᠪᠤᠯᠭᠠᠬᠤ ᠬᠡᠷᠡᠭᠳᠠᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠥᠷᠭᠡᠨ ᠣᠯᠠᠨ ᠺᠠᠳ᠋ᠷᠴᠤᠳ ᠢᠯᠠᠩᠭᠤᠶ᠎ᠠ ᠲᠥᠪᠡᠳ ᠤᠨ ᠺᠠᠳ᠋ᠷᠴᠤᠳ ︽ᠤᠤᠭᠠᠯ ᠲᠥᠪᠡᠳ ᠤᠨ ᠵᠤᠷᠢᠭ ᠰᠠᠨᠠᠭ᠎ᠠ︾ ᠶᠢ ᠪᠠᠳᠠᠷᠠᠭᠤᠯᠵᠤ᠂ ᠬᠦᠴᠢᠯᠲᠥ᠋ᠷᠥᠭᠴᠢ ᠳᠤᠲᠠᠭᠳᠠᠪᠠᠴᠦ ᠵᠣᠷᠢᠭ ᠰᠠᠨᠠᠭ᠎ᠠ ᠳᠤᠲᠠᠭᠳᠠᠬᠤ ᠦᠭᠡᠢ᠂ ᠬᠠᠲᠠᠭᠤ ᠪᠡᠷᠬᠡᠰᠢᠶᠡᠯ ᠲᠠᠢ ᠪᠠᠶᠢᠭᠰᠠᠠ ᠴᠦ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠡᠷᠭᠦᠭᠳᠡᠴᠡ ᠦᠨᠳᠦᠷ ᠪᠤᠯᠪᠠᠴᠤ ᠤᠶᠤᠨ ᠰᠠᠨᠠᠭ᠎ᠠ ᠨᠡᠩ ᠥᠨᠳᠥᠷ ᠪᠠᠶᠢᠵᠤ᠂ ᠠᠵᠢᠯ ᠤᠨ ᠳᠤᠮᠳᠠ ᠪᠠᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠤᠢᠭᠡᠢ ᠨᠡᠮᠡᠭᠳᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠣᠪᠣᠷ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠲᠥᠪᠡᠳ ᠤᠨ ᠺᠠᠳ᠋ᠷ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ ᠴᠠᠯᠢᠩ ᠬᠦᠯᠦᠰᠦ᠂ ᠣᠷᠣᠨ ᠰᠠᠭᠤᠴᠠ᠂ ᠡᠮᠨᠡᠯᠭᠡ᠂ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠣᠷᠣᠬᠤ᠂ ᠠᠮᠠᠷᠠᠯᠲᠠ ᠠᠪᠤᠭᠰᠠᠳ ᠢ ᠲᠥᠪᠬᠢᠨᠡᠭᠦᠯᠬᠦ ᠵᠡᠷᠭᠡ ᠡᠯ᠎ᠡ ᠲᠠᠯ᠎ᠠ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠲᠡᠭᠦᠯᠳᠡᠷᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠤ ᠰᠡᠳᠭᠢᠯ ᠰᠠᠨᠠᠭᠠᠨ ᠤ ᠵᠣᠪᠠᠭᠤᠷᠢ ᠶᠢ ᠰᠠᠶᠢᠲᠤᠷ ᠰᠢᠢᠳᠪᠦᠷᠢᠯᠡᠬᠦ ᠬᠡᠷᠡᠭᠳᠠᠢ᠃ ᠡᠷᠡᠭᠦᠯ ᠮᠡᠨᠳᠦ ᠶᠢᠨ ᠪᠠᠲᠤᠯᠠᠭ᠎ᠠ ᠶᠢᠨ ᠠᠵᠢᠯ ᠢ ᠴᠢᠬᠤᠯᠠᠴᠢᠯᠠᠵᠤ᠂ ᠡᠷᠭᠦᠭᠳᠡᠴᠡ ᠦᠨᠳᠦᠷ ᠭᠠᠵᠠᠷ ᠣᠷᠣᠨ ᠤ ᠡᠮ ᠡᠮᠨᠡᠯᠭᠡ ᠡᠷᠡᠭᠦᠯᠵᠢᠯ ᠤᠨ ᠰᠢᠨ᠎ᠡ ᠲᠥᠬᠦᠭᠡᠷᠦᠮᠵᠢ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠶᠢᠨ ᠬᠠᠮᠲᠤ ᠳᠡᠯᠭᠡᠷᠡᠭᠦᠯᠵᠦ᠂ ᠲᠡᠳᠡᠨ ᠤ ᠡᠷᠡᠭᠦᠯ ᠮᠡᠨᠳᠦ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ︽ᠲᠦᠪ ᠠᠴᠠ ᠲᠦᠪᠡᠳ ᠢ ᠲᠡᠮᠵᠢᠵᠦ᠂ ᠪᠦᠬᠦ ᠤᠯᠤᠰ ᠢᠶᠠᠷ ᠢᠶᠠᠨ ᠲᠦᠪᠡᠳ ᠢ ᠲᠤᠰᠠᠯᠠᠬᠤ ᠪᠤᠯ ᠨᠠᠮ ᠤᠨ ᠲᠦᠪ ᠬᠤᠷᠢᠶᠠᠠ ᠤ ᠢᠮᠠᠭᠲᠠ ᠶᠢᠨ ᠲᠦᠷᠦ ᠶᠢᠨ ᠪᠤᠲᠤᠯᠭ᠎ᠠ ᠮᠦᠨ᠂ ᠡᠷᠭᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠵᠦ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠲᠦᠪᠡᠳ ᠢ ᠲᠡᠮᠵᠢᠬᠦ ᠠᠵᠢᠯ ᠤᠨ ᠰᠢᠨ᠎ᠠ ᠪᠠᠶᠢᠲᠠᠯ ᠢ ᠨᠡᠭᠡᠭᠡᠬᠦ ᠬᠡᠷᠡᠭᠲᠡᠢ᠃ ᠰᠧᠴᠤᠸᠠᠠ᠂ ᠶᠦᠨᠨᠠᠠ᠂ ᠭᠠᠨᠰᠦ᠂ ᠬᠦᠬᠡᠨᠠᠭᠤᠷ ᠲᠦᠷᠪᠡᠡ ᠮᠤᠵᠢ ᠶᠢᠨ ᠨᠠᠮ ᠤᠨ ᠬᠤᠷᠢᠶ᠎ᠠ ᠲᠦᠪᠡᠳ ᠲᠤ ᠬᠤᠯᠪᠤᠭᠲᠠᠬᠤ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠲᠠᠭᠠᠭᠠᠴᠢᠯᠠᠠ ᠡᠬᠦᠷᠭᠡᠯᠡᠵᠦ᠂ ᠲᠦᠪᠡᠳ ᠤᠨ ᠦᠪᠡᠷᠲᠡᠭᠡᠡ ᠵᠠᠰᠠᠬᠤ ᠤᠷᠤᠨ ᠯᠤᠭ᠎ᠠ ᠶᠢᠨ ᠵᠤᠬᠢᠴᠠᠭᠤᠯᠤᠯᠲᠠ ᠬᠠᠮᠵᠢᠯᠴᠠᠭ᠎ᠠ ᠪᠠᠨ ᠴᠢᠩᠭᠠᠳᠬᠠᠬᠤ ᠭᠡᠷᠡᠭᠲᠡᠢ᠃ ᠲᠦᠪ ᠠᠴᠠ ᠲᠦᠷᠪᠡᠡ ᠮᠤᠵᠢ ᠶᠢᠨ ᠲᠦᠪᠡᠳ ᠲᠤ ᠬᠤᠯᠪᠤᠭᠲᠠᠬᠤ ᠠᠵᠢᠯ ᠢ ᠲᠡᠮᠵᠢᠬᠦ ᠡᠷᠴᠢᠮ ᠢᠶᠠᠨ ᠦᠷᠬᠦᠯᠵᠢᠯᠠᠠ ᠴᠢᠩᠭᠠᠷᠠᠭᠤᠯᠵᠦ᠂ ᠲᠦᠪᠡᠳ ᠤᠨ ᠵᠸᠤ ᠰᠢᠶᠠᠠ ᠳᠤ ᠬᠤᠯᠪᠤᠭᠲᠠᠬᠤ ᠰᠠᠭᠤᠷᠢ ᠲᠦᠬᠦᠭᠡᠷᠦᠮᠵᠢ ᠪᠠᠨ ᠰᠠᠶᠢᠵᠢᠷᠠᠭᠤᠯᠬᠤ᠂ ᠠᠮᠢ ᠠᠬᠤᠢ ᠶᠢᠨ ᠬᠠᠮᠠᠭᠠᠯᠠᠯᠲᠠ ᠪᠠᠨ ᠴᠢᠩᠭᠠᠳᠬᠠᠬᠤ᠂ ᠠᠷᠠᠳ ᠤᠨ ᠠᠮᠢᠲᠤᠷᠠᠯ ᠢ ᠪᠠᠲᠤᠯᠠᠠ ᠰᠠᠶᠢᠵᠢᠷᠠᠭᠤᠯᠬᠤ᠂ ᠤᠨᠴᠠᠯᠢᠠᠠᠲᠦ ᠠᠵᠦ ᠦᠢᠯᠡᠰ ᠢ ᠬᠦᠭᠵᠢᠭᠦᠯᠬᠦ ᠶᠢ ᠬᠠᠪᠰᠤᠷᠴᠤ᠂ ᠤᠯᠠᠠ ᠲᠦᠮᠠᠠ ᠳᠤ ᠨᠡᠩ ᠰᠠᠶᠢᠨ ᠰᠠᠶᠢᠬᠠᠠ ᠠᠮᠢᠲᠤᠷᠠᠯ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠲᠦᠪ ᠤᠨ ᠵᠢᠷᠭᠤᠲᠤᠭᠠᠷ ᠤᠲᠠᠭ᠎ᠠ ᠶᠢᠨ ᠲᠦᠪᠡᠳ ᠤᠨ ᠠᠵᠢᠯ ᠤᠨ ᠲᠤᠬᠠᠢ ᠶᠠᠷᠢᠯᠴᠠᠬᠤ ᠬᠤᠷᠠᠯ ᠠᠴᠠ ᠨᠠᠭᠠᠰᠢᠬᠢ ᠠᠵᠢᠯ ᠤᠨ ᠠᠮᠵᠢᠯᠲᠠ ᠪᠤᠯᠤᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠠᠠ᠂ ᠤᠲᠤᠬᠠᠠ ᠤ ᠲᠦᠪᠡᠳ ᠤᠨ ᠠᠵᠢᠯ ᠳᠤ ᠲᠤᠯᠭᠠᠷᠠᠵᠦ ᠪᠠᠶᠢᠭ᠎ᠠ ᠪᠠᠶᠢᠲᠠᠯ ᠳᠤ ᠬᠦᠨᠵᠡᠭᠡᠢ ᠵᠠᠲᠠᠯᠤᠯᠲᠠ ᠬᠢᠵᠦ᠂ ᠰᠢᠨ᠎ᠠ ᠴᠠᠭ ᠦᠶ᠎ᠠ ᠶᠢᠨ ᠨᠠᠮ ᠤᠨ ᠲᠦᠪᠡᠳ ᠢ ᠵᠠᠰᠠᠬᠤ ᠠᠷᠭ᠎ᠠ ᠪᠤᠲᠤᠯᠭ᠎ᠠ ᠪᠤᠯᠤᠨ ᠲᠦᠪᠡᠳ ᠤᠨ ᠠᠵᠢᠯ ᠢ ᠰᠠᠶᠢᠨ ᠬᠢᠬᠦ ᠵᠢᠯᠤᠭᠤᠳᠬᠤ ᠦᠵᠡᠯ ᠰᠠᠨᠠᠭ᠎ᠠ ᠶᠢ ᠲᠤᠲᠤᠷᠬᠠᠢᠢᠯᠠᠠ ᠦᠭᠦᠯᠡᠵᠦ᠂ ᠤᠲᠤᠬᠠᠠ‌‍ᠤ ᠪᠠ ᠬᠤᠶᠢᠰᠢᠲᠠ ᠶᠢᠨ ᠨᠢᠭᠡ ᠭᠡᠰᠡᠭ ᠬᠤᠭᠤᠴᠠᠭᠠᠠ ᠤ ᠲᠦᠪᠡᠳ ᠤᠨ ᠠᠵᠢᠯ ᠤᠨ ᠬᠠᠷᠠᠯᠲᠠ ᠡᠬᠦᠷᠭᠡ᠂ ᠴᠢᠭᠯᠡᠯᠲᠡ ᠲᠦᠷᠦ ᠶᠢᠨ ᠪᠤᠲᠤᠯᠭ᠎ᠠ᠂ ᠠᠷᠭ᠎ᠠ ᠪᠤᠲᠤᠯᠭ᠎ᠠ ᠠᠷᠭ᠎ᠠ ᠬᠡᠮᠵᠢᠶ᠎ᠠ ᠶᠢ ᠲᠤᠲᠤᠷᠬᠠᠢᠢᠯᠠᠬᠤ ᠶᠢᠨ ᠲᠠᠭᠠᠤ ᠰᠧᠴᠤᠸᠠᠠ᠂ ᠶᠦᠠᠨᠠᠠ᠂ ᠭᠠᠨᠰᠦ᠂ ᠬᠦᠬᠡᠨᠠᠭᠤᠷ ᠮᠤᠵᠢ ᠶᠢᠨ ᠲᠦᠪᠡᠳ ᠲᠤ ᠬᠤᠯᠪᠤᠭᠲᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠲᠤᠩ ᠪᠤᠲᠠᠲᠠᠢ ᠤᠯᠤᠰ ᠲᠦᠷᠦᠴᠢ ᠴᠢᠨᠠᠷ᠂ ᠦᠵᠡᠯ ᠰᠠᠨᠠᠭᠠᠲᠦ ᠴᠢᠨᠠᠷ᠂ ᠤᠨᠤᠯ ᠤᠨ ᠴᠢᠨᠠᠷ ᠲᠠᠢ᠂ ᠰᠢᠨ᠎ᠠ ᠴᠠᠭ ᠦᠶ᠎ᠠ ᠶᠢᠨ ᠲᠦᠪᠡᠳ ᠤᠨ ᠠᠵᠢᠯ‌ᠢ ᠵᠢᠭᠠᠠ ᠵᠢᠯᠤᠭᠤᠳᠬᠤ ᠬᠦᠲᠦᠯᠪᠦᠷᠢ ᠶᠢᠨ ᠴᠢᠨᠠᠷ ᠲᠠᠢ ᠲᠤᠯᠭᠤᠷ ᠪᠢᠴᠢᠭ ᠮᠦᠨ᠃ ᠤᠯᠠᠠ ᠢᠶᠠᠷ ᠢᠶᠠᠨ ᠨᠠᠷᠢᠨ ᠬᠢᠨᠠᠮᠭᠠᠠᠢ ᠰᠤᠷᠤᠯᠴᠠᠠ ᠤᠢᠢᠯᠠᠭᠠᠵᠦ᠂ ᠠᠵᠢᠯ ᠤᠨ ᠪᠤᠲᠠᠲᠤ ᠪᠠᠶᠢᠲᠠᠯ ᠲᠠᠢ ᠪᠠᠨ ᠤᠶᠠᠯᠲᠤᠭᠤᠯᠤᠨ ᠬᠦᠨᠵᠡᠭᠡᠢ ᠪᠤᠲᠤᠯᠬᠢᠯᠠᠵᠦ᠂ ᠦᠵᠡᠯ ᠰᠠᠨᠠᠭ᠎ᠠ ᠪᠠᠨ ᠴᠢᠨᠠᠭᠰᠢᠲᠠ ᠨᠢᠭᠡᠳᠭᠡᠵᠦ᠂ ᠲᠠᠨᠢᠯᠲᠠ ᠪᠠᠨ ᠬᠦᠨᠵᠡᠭᠡᠶᠢᠷᠡᠭᠦᠯᠦᠨ᠂ ᠨᠠᠶᠢᠲᠠᠪᠤᠷᠢᠵᠢᠭᠤᠯᠬᠤ ᠠᠷᠭ᠎ᠠ ᠬᠡᠮᠵᠢᠶ᠎ᠠ ᠶᠢ ᠰᠤᠲᠤᠯᠤᠨ ᠲᠤᠭᠤᠰᠢᠯᠠᠭᠤᠯᠬᠤ ᠭᠡᠷᠡᠭᠲᠡᠢ᠃ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠡ ᠬᠦ ᠨᠠᠮ ᠤᠨ ᠲᠦᠪ ᠬᠤᠷᠢᠶᠠᠠ ᠤ ᠲᠦᠪᠡᠳ ᠤᠨ ᠠᠵᠢᠯ ᠤᠨ ᠲᠤᠬᠠᠢ ᠪᠠᠶᠢᠯᠲᠤᠬᠤ ᠪᠤᠲᠤᠯᠭ᠎ᠠ ᠪᠠᠶᠢᠷᠢᠯᠠᠭᠤᠯᠤᠯᠲᠠ ᠲᠡᠭᠡᠷ᠎ᠠ ᠨᠢᠭᠡᠲᠦᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠠ᠂ ︽ᠲᠦᠷᠪᠡᠡ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠡ ᠢᠲᠡᠭᠡᠯ︾ ᠢᠶᠠᠨ ᠪᠠᠲᠤᠳᠬᠠᠠ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠯ᠎ᠠ ᠵᠦᠢᠯ ᠤᠨ ᠡᠬᠦᠷᠭᠡ ᠶᠢ ᠨᠠᠶᠢᠲᠠᠪᠤᠷᠢᠵᠢᠭᠤᠯᠬᠤ ᠶᠢ ᠪᠦᠬᠦ ᠬᠦᠴᠤᠨ‌‍ᠢᠶ᠋ᠠᠷ ᠢᠶᠠᠨ ᠰᠠᠶᠢᠨ ᠠᠳᠬᠤᠵᠦ᠂ ᠰᠢᠨ᠎ᠠ ᠴᠠᠭ ᠦᠶ᠎ᠠ ᠶᠢᠨ ᠲᠦᠪᠡᠳ ᠤᠨ ᠤᠷᠲᠤ ᠬᠤᠭᠤᠴᠠᠭ᠎ᠠ ᠪᠠᠷ ᠠᠮᠤᠷ ᠲᠤᠭᠲᠠᠭᠤᠨ ᠪᠠᠶᠢᠬᠤ ᠪᠠ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠸᠠᠩ ᠶᠠᠩ ᠳ᠋ᠦᠩᠨᠡᠯᠳᠡ ᠶᠢᠨ ᠶᠠᠷᠢᠶᠠᠨ ᠳᠠᠭᠠᠨ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠠᠭ ᠢ ᠦᠵᠡᠡ ᠪᠠᠶᠢᠲᠠᠯ ᠢ ᠰᠢᠨᠵᠢᠵᠦ᠂ ᠪᠦᠬᠦ ᠲᠠᠯ᠎ᠠ ᠶᠢ ᠡᠵᠡᠮᠲᠡᠡ᠂ ᠦᠵᠡᠯ ᠰᠠᠨᠠᠭ᠎ᠠ ᠨᠢ ᠬᠦᠨ᠂ ᠠᠭᠤᠯᠭ᠎ᠠ ᠨᠢ ᠪᠠᠶᠠᠯᠢᠭ᠂ ᠲᠤᠩ ᠴᠢᠩᠭ᠎ᠠ ᠤᠨᠤᠯ ᠤᠨ ᠴᠢᠨᠠᠷ᠂ ᠵᠢᠭᠠᠠ ᠵᠢᠯᠤᠭᠤᠳᠬᠤ ᠴᠢᠨᠠᠷ᠂ ᠴᠢᠭᠯᠡᠭᠦᠯᠦᠯᠲᠦ ᠴᠢᠨᠠᠷ ᠲᠠᠢ᠂ ᠮᠠᠷᠺᠰ ᠤᠨ ᠦᠵᠡᠯ ᠤᠨ ᠭᠡᠷᠡᠯ ᠬᠢᠯᠪᠠᠭ᠎ᠠ ᠰᠠᠴᠤᠷᠠᠭᠰᠠᠠ ᠬᠦᠲᠦᠯᠪᠦᠷᠢ ᠶᠢᠨ ᠴᠢᠨᠠᠷ ᠲᠠᠢ ᠲᠤᠯᠭᠤᠷ ᠪᠢᠴᠢᠭ ᠮᠦᠨ᠂ ᠰᠢᠨ᠎ᠠ ᠴᠠᠭ ᠦᠶ᠎ᠠ ᠳᠤ ᠲᠦᠪᠡᠳ ᠤᠨ ᠠᠵᠢᠯ ᠢ ᠰᠠᠶᠢᠳᠤᠷ ᠬᠢᠬᠦ ᠳᠤ ᠦᠨᠲᠦᠰᠦᠨ ᠵᠢᠷᠤᠮᠯᠠᠯ ᠬᠠᠩᠭᠠᠵᠠᠢ᠃ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠦ ᠨᠡᠪᠲᠡᠷᠡᠲᠡᠯ᠎ᠠ ᠤᠢᠢᠯᠠᠭᠠᠬᠤ ᠶᠢ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ᠂ ᠭᠤᠤᠯ ᠠᠭᠤᠯᠭ᠎ᠠ ᠪᠤᠯᠤᠨ ᠵᠤᠷᠢᠭ ᠰᠠᠨᠠᠭ᠎ᠠ ᠶᠢᠨ ᠮᠦᠨ ᠴᠢᠨᠠᠷ ᠢ ᠨᠢ ᠡᠵᠡᠮᠲᠡᠵᠦ᠂ ᠠᠵᠢᠯ ᠢᠶᠠᠨ ᠠᠬᠢᠭᠤᠯᠬᠤ ᠬᠦᠴᠦᠷᠭᠡᠭ ᠶᠡᠭᠡ ᠬᠦᠲᠡᠯᠭᠡᠬᠦ ᠬᠦᠴᠤᠨ ᠪᠤᠯᠭᠠᠬᠤ ᠭᠡᠷᠡᠭᠲᠡᠢ᠃ ᠰᠢᠨ᠎ᠠ ᠴᠠᠭ ᠦᠶ᠎ᠠ ᠶᠢᠨ ᠨᠠᠮ ᠤᠨ ᠲᠦᠪᠡᠳ ᠢ ᠵᠠᠰᠠᠬᠤ ᠠᠷᠭ᠎ᠠ ᠪᠤᠲᠤᠯᠭ᠎ᠠ ᠶᠢ ᠪᠦᠷᠢᠠ ᠲᠡᠭᠦᠯᠲᠡᠷ ᠤᠢᠢᠯᠠᠭᠠᠵᠦ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠡᠨᠡ ᠬᠦ ᠠᠷᠭ᠎ᠠ ᠪᠤᠲᠤᠯᠭ᠎ᠠ ᠪᠤᠯ ᠲᠦᠪᠡᠳ ᠤᠨ ᠠᠵᠢᠯ ᠢ ᠰᠠᠶᠢᠲᠤᠷ ᠬᠢᠬᠦ ᠶᠢᠨ ᠬᠦᠲᠦᠯᠪᠦᠷᠢ ᠪᠠ ᠰᠦᠭ ᠰᠦᠨᠡᠰᠦ ᠮᠦᠨ ᠭᠡᠲᠡᠭ ᠢ ᠬᠦᠨᠵᠡᠭᠡᠢ ᠲᠠᠨᠢᠵᠦ ᠂ ᠡᠯ᠎ᠠ ᠵᠦᠢᠯ ᠤᠨ ᠠᠵᠢᠯ ᠳᠤ ᠪᠦᠷ ᠡᠭᠦᠨ ᠢᠶᠠᠷ ᠵᠦᠭᠯᠡᠭᠦᠷ ᠪᠠ ᠪᠠᠷᠢᠮᠵᠢᠶ᠎ᠠ ᠪᠤᠯᠭᠠᠵᠦ᠂ ᠪᠤᠲᠠᠲᠤ ᠪᠠᠶᠢᠲᠠᠯ ᠲᠠᠢ ᠪᠠᠨ ᠤᠶᠠᠯᠲᠤᠭᠤᠯᠤᠨ ᠨᠠᠷᠢᠨ ᠬᠢᠨᠠᠮᠠᠭᠠᠢ ᠨᠠᠶᠢᠲᠠᠪᠤᠷᠢᠵᠢᠭᠤᠯᠬᠤ ᠭᠡᠷᠡᠭᠲᠡᠢ᠃ ᠲᠦᠪᠡᠳ ᠤᠨ ᠠᠵᠢᠯ ᠤᠨ ᠰᠢᠨ᠎ᠠ ᠪᠠᠶᠢᠲᠠᠯ ᠰᠢᠨ᠎ᠠ ᠡᠬᠦᠷᠭᠡ ᠶᠢ ᠵᠦᠪ ᠤᠨᠤᠪᠴᠢᠲᠠᠢ ᠡᠵᠡᠮᠲᠡᠵᠦ᠂ ᠤᠷᠲᠤ ᠬᠤᠭᠤᠴᠠᠭᠠᠠ ᠤ ᠠᠷᠭ᠎ᠠ ᠪᠤᠲᠤᠯᠭ᠎ᠠ ᠶᠢ ᠡᠷᠢᠯᠬᠢᠯᠠᠵᠦ᠂ ᠦᠨᠲᠦᠰᠦ ᠪᠠᠨ ᠪᠠᠬᠢᠵᠢᠭᠦᠯᠬᠦ ᠠᠵᠢᠯᠯᠠᠭ᠎ᠠ ᠠᠪᠴᠤ᠂ ᠤᠷᠲᠤ ᠬᠤᠭᠤᠴᠠᠭ᠎ᠠ ᠪᠠᠷ ᠠᠮᠤᠷ ᠲᠤᠭᠲᠠᠭᠤᠨ ᠪᠠᠶᠢᠬᠤ ᠶᠢ ᠨᠦᠯᠦᠭᠡᠯᠡᠬᠦ ᠬᠦᠨ ᠲᠠᠪᠬᠤᠷᠭ᠎ᠠ ᠶᠢᠨ ᠵᠦᠷᠢᠴᠡᠯ ᠪᠠ ᠠᠰᠠᠭᠤᠲᠠᠯ ᠢ ᠢᠯᠡᠭᠦᠬᠡᠡ ᠰᠢᠢᠳᠪᠦᠷᠢᠯᠠᠬᠦ ᠬᠡᠷᠡᠭᠲᠡᠢ᠃ ᠬᠤᠯᠪᠤᠭᠲᠠᠯ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠢᠨ ᠬᠤᠷᠠᠯ ᠤᠨ ᠵᠤᠷᠢᠭ ᠰᠠᠨᠠᠭ᠎ᠠ ᠶᠢ ᠨᠠᠶᠢᠲᠠᠪᠤᠷᠢᠵᠢᠭᠤᠯᠬᠤ ᠭᠡᠷᠡᠭᠵᠢᠭᠦᠯᠬᠦ ᠰᠠᠨᠠᠯ ᠢ ᠱᠠᠯᠠᠪᠲᠠᠠ ᠲᠤᠭᠲᠠᠭᠠᠠ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠬᠤᠷᠠᠯ ᠠᠴᠠ ᠲᠤᠭᠲᠠᠭᠠᠭᠰᠠᠠ ᠡᠬᠦᠷᠭᠡ ᠪᠠᠶᠢᠷᠢᠯᠠᠭᠤᠯᠤᠯᠲᠠ ᠶᠢ ᠨᠢᠭᠡ ᠨᠢᠭᠡ ᠵᠤᠷᠪᠤᠰ ᠢᠶᠠᠷ ᠨᠢᠮᠪᠠᠢ ᠵᠠᠲᠠᠯᠵᠦ᠂ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠤᠲᠠᠲᠠᠢ ᠠᠵᠢᠯ ᠤᠨ ᠲᠤᠬᠢᠷᠠᠭᠤᠯᠤᠯᠲᠠ ᠪᠤᠯᠭᠠᠠ ᠬᠤᠪᠢᠷᠠᠭᠤᠯᠬᠤ ᠭᠡᠷᠡᠭᠲᠡᠢ᠃ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠪᠠᠨ ᠪᠤᠲᠠᠲᠠᠢ ᠨᠠᠶᠢᠲᠠᠪᠤᠷᠢᠵᠢᠭᠤᠯᠵᠦ᠂ ᠨᠢᠭᠲᠠ ᠵᠤᠬᠢᠴᠠᠭᠤᠯᠤᠨ ᠬᠠᠮᠵᠢᠯᠴᠠᠵᠦ ᠱᠠᠯᠠᠪᠲᠠᠭᠤᠯᠤᠨ ᠱᠠᠭᠠᠷᠲᠠᠵᠦ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ᠂ ᠨᠤᠶᠠᠠᠴᠢ ᠰᠤᠷᠲᠠᠯ ᠢ ᠴᠢᠷᠮᠠᠶᠢᠨ ᠰᠡᠷᠭᠡᠶᠢᠯᠡᠵᠦ᠂ ᠨᠠᠮ ᠤᠨ ᠲᠦᠪ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠨᠠᠶᠢᠲᠠᠪᠤᠷᠢᠵᠢᠭᠤᠯᠬᠤ ᠶᠢ ᠪᠠᠲᠤᠯᠠᠬᠤ ᠭᠡᠷᠡᠭᠲᠡᠢ᠃ ᠪᠠᠶᠠᠯᠢᠭ ᠠᠭᠤᠯᠭ᠎ᠠ ᠲᠠᠢ ᠤᠬᠠᠭᠤᠯᠬᠤ ᠲᠠᠶᠢᠯᠪᠤᠷᠢᠯᠠᠬᠤ ᠠᠵᠢᠯ ᠢ ᠵᠤᠬᠢᠶᠠᠠ ᠪᠠᠶᠢᠭᠤᠯᠤᠨ ᠦᠷᠨᠢᠭᠦᠯᠵᠦ᠂ ᠬᠤᠷᠠᠯ ᠤᠨ ᠵᠤᠷᠢᠭ ᠰᠠᠨᠠᠭ᠎ᠠ ᠶᠢ ᠬᠦᠮᠦᠰ ᠤᠨ ᠰᠡᠳᠭᠢᠯ ᠳᠤ ᠬᠦᠨ ᠬᠠᠲᠠᠩᠰᠢᠯᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃      ᠪᠡᠭᠡᠵᠢᠩ ᠳᠤ ᠪᠠᠶᠢᠭ᠎ᠠ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶᠠᠠ ᠤ ᠬᠤᠯᠪᠤᠭᠲᠠᠯ ᠪᠦᠬᠦᠢ ᠤᠲᠤᠷᠢᠳᠬᠤ ᠨᠦᠬᠦᠳ᠂ ᠲᠦᠷᠦ ᠶᠢᠨ ᠶᠠᠪᠤᠲᠠᠯ ᠤᠨ ᠭᠡᠰᠢᠭᠦᠨ᠂ ᠠᠷᠠᠳ ᠤᠨ ᠲᠡᠭᠡᠲᠦ ᠰᠢᠭᠦᠬᠦ ᠬᠤᠷᠢᠶᠠᠠ ᠤ ᠲᠠᠷᠤᠭ᠎ᠠ᠂ ᠠᠷᠠᠳ ᠤᠨ ᠲᠡᠭᠡᠲᠦ ᠪᠠᠶᠢᠴᠠᠭᠠᠬᠤ ᠬᠤᠷᠢᠶᠠᠠ ᠤ ᠪᠠᠶᠢᠴᠠᠭᠠᠬᠤ ᠲᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠡ ᠤ ᠬᠤᠯᠪᠤᠭᠲᠠᠯ ᠪᠦᠬᠦᠢ ᠨᠦᠬᠦᠳ ᠬᠤᠷᠠᠯ ᠳᠤ ᠤᠷᠤᠯᠴᠠᠵᠠᠢ᠃      ᠲᠦᠪᠡᠳ ᠤᠨ ᠦᠪᠡᠷᠲᠡᠭᠡᠡ ᠵᠠᠰᠠᠬᠤ ᠤᠷᠤᠨ ᠤ ᠨᠠᠮ ᠵᠠᠰᠠᠭ ᠤᠨ ᠬᠠᠷᠢᠭᠤᠴᠠᠯᠭᠠᠲᠠᠠ ᠨᠦᠬᠦᠳ ᠪᠠ ᠡᠯ᠎ᠠ ᠲᠤᠰᠬᠠᠢ ᠤᠷᠤᠨ ᠬᠤᠲᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠠ ᠨᠦᠬᠦᠳ᠂ ᠰᠧᠴᠤᠸᠠᠠ᠂ ᠶᠦᠨᠨᠠᠠ᠂ ᠭᠠᠨᠰᠦ᠂ ᠬᠦᠬᠡᠨᠠᠭᠤᠷ ᠮᠤᠵᠢ ᠶᠢᠨ ᠨᠠᠮ ᠵᠠᠰᠠᠭ ᠤᠨ ᠬᠠᠷᠢᠭᠤᠴᠠᠯᠭᠠᠲᠠᠠ ᠨᠦᠬᠦᠳ ᠪᠤᠯᠤᠨ ᠲᠦᠪᠡᠳ ᠦᠨᠲᠦᠰᠦᠲᠠᠠ ᠤ ᠦᠪᠡᠷᠲᠡᠭᠡᠡ ᠵᠠᠰᠠᠬᠤ ᠵᠸᠤ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠠ ᠨᠦᠬᠦᠳ᠂ ᠪᠤᠰᠤᠳ ᠡᠯ᠎ᠠ ᠮᠤᠵᠢ ᠦᠪᠡᠷᠳᠡᠭᠡᠨ ᠵᠠᠰᠠᠬᠤ ᠤᠷᠤᠨ ᠬᠤᠲᠠ ᠶᠢᠨ ᠬᠠᠷᠢᠭᠤᠴᠠᠯᠭᠠᠲᠠᠠ ᠨᠦᠬᠦᠳ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ᠂ ᠬᠤᠯᠪᠤᠭᠲᠠᠯ ᠪᠦᠬᠦᠢ ᠠᠷᠠᠳ ᠤᠨ ᠪᠦᠯᠬᠦᠮ᠂ ᠮᠦᠩᠭᠦᠨ ᠬᠦᠢᠯᠭᠡᠭᠡ ᠶᠢᠨ ᠪᠠᠶᠢᠭᠤᠯᠤᠮᠵᠢ᠂ ᠤᠯᠤᠰ ᠤᠨ ᠦᠮᠴᠢᠯᠡᠯᠲᠦ ᠠᠵᠦ ᠠᠬᠤᠢᠢᠯᠠᠯ ᠤᠨ ᠬᠠᠷᠢᠭᠤᠴᠠᠯᠭᠠᠲᠠᠠ ᠨᠦᠬᠦᠳ᠂ ᠴᠡᠷᠢᠭ ᠠᠩᠭᠢ ᠶᠢᠨ ᠬᠤᠯᠪᠤᠭᠲᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠠ ᠨᠦᠬᠦᠳ ᠬᠤᠷᠠᠯ ᠳᠤ ᠤᠷᠤᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号