ᠠᠷᠪᠠᠨ ᠭᠤᠷᠪᠠᠳᠤᠭᠠᠷ ᠤᠳᠠᠭᠠᠨ ᠤ ᠤᠷᠳᠤᠰ ᠮᠤᠩᠭᠤᠯᠴᠤᠳ ᠤᠨ ᠶᠤᠰᠤ ᠰᠤᠷᠳᠠᠬᠤᠨ ᠵᠠᠩ ᠤᠶᠢᠯᠡ ᠶᠢᠨ ᠵᠢᠭᠤᠯᠴᠢᠯᠠᠯ ᠤᠨ  ᠴᠤᠭᠯᠠᠭᠠᠨ ᠵᠢᠴᠢ ᠠᠷᠪᠠᠨ ᠲᠦᠷᠪᠡᠳᠤᠭᠡᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠶᠠᠪᠤᠭᠳᠠᠯ᠎ᠠ
ᠨᠡᠶᠢᠲᠡᠯᠡᠭᠰᠡᠨ ᠴᠠᠭ᠄
2020/8/31
     8 ᠰᠠᠷ᠎ᠠ ᠶᠢᠨ 21 ᠤ ᠡᠳᠤᠷ᠂ ᠴᠠᠭᠠᠨ ᠰᠦᠯᠳᠡ ᠠᠮᠢ ᠠᠬᠤᠢ ᠨᠡᠭᠦᠳᠡᠯ ᠮᠠᠯᠵᠢᠯ ᠤᠨ ᠵᠢᠭᠤᠯᠴᠢᠯᠠᠯ ᠤᠨ ᠤᠷᠤᠨ ᠳᠤ ᠠᠷᠪᠠᠨ ᠭᠤᠷᠪᠠᠳᠤᠭᠠᠷ ᠤᠳᠠᠭᠠᠨ ᠤ ᠤᠷᠳᠤᠰ ᠮᠤᠩᠭᠤᠯᠴᠤᠳ ᠤᠨ ᠶᠤᠰᠤ ᠰᠤᠷᠳᠠᠬᠤᠨ ᠵᠠᠩ ᠤᠶᠢᠯᠡ  ᠶᠢᠨ ᠵᠢᠭᠤᠯᠴᠢᠯᠠᠯ ᠤᠨ ᠴᠤᠭᠯᠠᠭᠠᠨ ᠵᠢᠴᠢ ᠠᠷᠪᠠᠨ ᠲᠦᠷᠪᠡᠳᠤᠭᠡᠷ ᠬᠤᠭᠤᠴᠠᠭᠠᠨ ᠤ ᠴᠠᠭᠠᠨ ᠰᠦᠯᠳᠡ ᠶᠢᠨ ᠨᠠᠭᠠᠳᠤᠮ ᠤᠨ ᠡᠬᠢᠯᠡᠯᠳᠡ ᠶᠢᠨ ᠶᠤᠰᠤᠯᠠᠯ ᠶᠠᠪᠤᠭᠳᠠᠵᠤ ᠨᠠᠠᠭᠳᠤᠮᠴᠢᠨ ᠲᠦᠮᠡᠨ ᠢᠶᠠᠨ ᠪᠠᠶᠠᠰᠬᠠᠯ᠎ᠠ᠃ ᠬᠤᠰᠢᠭᠤ ᠨᠠᠮ  ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠬᠤᠰᠢᠭᠤ ᠲᠠᠷᠤᠭ᠎ᠠ ᠵᠤᠤ ᠹᠧᠢ ᠯᠤ᠋᠂ ᠬᠤᠰᠢᠭᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠢᠴᠢ ᠬᠤᠰᠢᠭᠤ ᠲᠦᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠰᠢᠶᠠᠨ  ᠤ ᠲᠠᠰ ᠤᠨ ᠭᠡᠰᠡᠭ ᠤᠳᠤᠷᠢᠳᠤᠯᠭ᠎ᠠ ᠨᠡᠷ ᠡᠬᠢᠯᠡᠯᠳᠡ ᠶᠢᠨ ᠶᠤᠰᠤᠯᠠᠯ ᠳᠤ ᠤᠷᠤᠯᠴᠠᠵᠤ ᠡᠷᠳᠡᠨᠢᠪᠢᠯᠢᠭ ᠠᠴᠠ ᠨᠠᠭᠠᠳᠤᠮ ᠡᠬᠢᠯᠡᠭᠦ ᠶᠢ ᠵᠡᠷᠯᠠᠭᠰᠠᠨ ᠪᠠᠶᠢᠨ᠎ᠠ᠃
     ᠵᠤᠤ ᠹᠸᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠪᠠᠶᠠᠷ ᠤᠨ ᠦᠭᠡ ᠶᠠᠷᠢᠬᠤ ᠳᠠᠭᠠᠨ ᠤᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠲᠡᠤᠬᠡ ᠰᠣᠶᠣᠯ᠂ ᠪᠣᠬᠢᠷᠲᠤᠯ ᠦᠭᠡᠶ ᠠᠮᠢ ᠠᠬᠤᠶ᠂ ᠠᠷᠠᠳ ᠤᠨ ᠵᠠᠩ ᠦᠢᠯᠡ᠂ ᠬᠤᠪᠢᠰᠬᠠᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ ᠵᠠᠰᠠᠭ ᠤᠨ ᠣᠷᠳᠣᠨ ᠢᠶᠠᠷ ᠭᠤᠤᠯᠯᠠᠭᠤᠯᠬᠤ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠ ᠴᠢᠳᠠᠮᠵᠢ ᠶᠢᠨ ᠲᠥᠬᠦᠷᠵᠢᠭᠦᠯᠦᠯᠲᠡ ᠶᠢ ᠬᠦᠴᠦᠯᠡᠨ ᠲᠡᠭᠦᠯᠳᠡᠷᠵᠢᠭᠦᠯᠵᠦ ᠰᠣᠳᠣᠨ ᠵᠢᠭᠤᠯᠴᠢᠯᠠᠯ ᠤᠨ ᠵᠠᠮ ᠱᠤᠭᠤᠮ ᠶᠢ ᠲᠥᠰᠦᠪᠯᠡᠨ ︽ᠡᠯᠡᠰᠤ ᠮᠠᠩᠬᠠᠨ ᠤ ᠲᠠᠷᠬᠠᠨ ᠤᠷᠤᠨ ᠣᠷᠣᠨ ᠨᠤᠮᠢᠨ ᠲᠠᠩᠰᠤᠭ ᠦᠤᠰᠢᠨ︾ ᠵᠢᠭᠤᠯᠴᠢᠯᠠᠯ ᠤᠨ ᠨᠡᠷᠡᠲᠦ ᠲᠡᠮᠳᠡᠭ ᠢ ᠤᠬᠠᠭᠤᠯᠤᠨ ᠲᠠᠨᠢᠯᠴᠠᠭᠤᠯᠵᠤ 2019 ᠣᠨ ᠳᠤ 131.9 ᠲᠦᠮᠡᠨ ᠬᠥᠮᠦᠨ ᠤᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠤᠴᠢᠯᠠᠵᠦ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 43 ᠳ᠋ᠦᠩᠰᠢᠭᠤᠷ ᠲᠥᠭᠦᠷᠢᠭ ᠢ ᠳᠠᠪᠠᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ︽ᠲᠦᠷᠭᠡᠨ ᠵᠠᠮ︾ ᠳᠤ ᠤᠷᠤᠵᠠᠢ ᠭᠡᠪᠡ᠃
     ᠵᠤᠤ ᠹᠸᠢ ᠯᠦ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠨᠠᠭᠠᠳᠤᠮ ᠤᠨ ᠬᠤᠷᠠᠯ ᠪᠣᠯ ᠮᠠᠨ ᠤ ᠬᠤᠰᠢᠭᠤᠨ ᠤ ᠤᠯᠠᠨ ᠵᠢᠯ ᠥᠷᠭᠦᠯᠵᠢᠯᠡᠭᠰᠠᠨ᠂ ᠢᠯᠡ ᠲᠣᠳᠣ ᠦᠨᠳᠦᠰᠦᠲᠡᠨ ᠤ ᠣᠨᠴᠠᠯᠢᠭ ᠲᠠᠢ ᠤᠯᠠᠮᠵᠢᠯᠠᠯᠲᠤ ᠦᠪᠡᠳᠡᠭᠰᠢ ᠴᠤᠭᠯᠠᠭᠠᠨ ᠪᠣᠯᠬᠤ ᠪᠥᠭᠡᠳ ᠲᠡᠦᠬᠡ ᠪᠠ ᠰᠣᠶᠣᠯ ᠤᠨ ᠬᠤᠷᠠᠮᠳᠤᠯ ᠤᠨ ᠤᠬᠢ ᠪᠦᠲᠦᠭᠡᠯ ᠪᠣᠯᠤᠨ᠎ᠠ᠃ ᠡᠨᠡ ᠨᠢ ᠦᠦᠰᠢᠨᠴᠤᠳ ᠲᠤ ᠯᠡ ᠪᠠᠶᠢᠳᠠᠭ ᠬᠠᠯᠠᠭᠤᠨ ᠰᠡᠳᠬᠢᠯ᠂ ᠣᠮᠤᠭ ᠵᠣᠷᠢᠭ ᠪᠠ ᠰᠠᠶᠢᠨ ᠰᠠᠶᠢᠬᠠᠨ ᠠᠮᠢᠳᠤᠷᠠᠯ  ᠤᠨ ᠲᠤᠬᠠᠢ ᠬᠦᠰᠡᠯ ᠡᠷᠡᠮᠡᠯᠵᠡᠯ ᠢ ᠢᠯᠡᠷᠡᠭᠦᠯᠵᠡᠢ᠃ ᠲᠤᠰ ᠤᠳᠠᠭᠠᠨ ᠤ ᠶᠡᠭᠡ ᠬᠤᠷᠠᠯ ᠳᠤ ᠡᠷ᠎ᠡ ᠶᠢᠨ ᠭᠤᠷᠪᠠᠨ ᠨᠠᠭᠠᠳᠤᠮ᠂ ᠮᠤᠩᠭᠤᠯ ᠰᠢᠳᠡᠷ᠎ᠡ᠂ ᠤᠷᠠᠨ ᠰᠠᠶᠢᠬᠠᠨ ᠤ ᠲᠤᠭᠯᠠᠯᠳᠡ᠂ ᠠᠮᠲᠠᠲᠤ ᠢᠳᠡᠭᠡᠨ ᠤ ᠦᠨᠡᠯᠡᠯᠲᠡ᠂ ᠡᠳ᠋ ᠪᠣᠳᠠᠰ ᠤᠨ ᠰᠣᠯᠢᠯᠴᠠᠭ᠎ᠠ ᠵᠡᠷᠭᠡ ᠣᠯᠠᠨ  ᠲᠥᠷᠤᠯ ᠤᠨ ᠠᠭᠤᠯᠭ᠎ᠠ ᠶᠢ ᠲᠣᠬᠢᠷᠠᠭᠤᠯᠵᠠᠶ᠃ ᠡᠨᠡ ᠨᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ ᠰᠢᠯᠢᠳᠡᠭ ᠤᠯᠠᠮᠵᠢᠯᠠᠯᠲᠤ ᠦᠨᠳᠦᠰᠦᠲᠡᠨ ᠤ ᠰᠣᠶᠣᠯ ᠢ ᠪᠠᠳᠠᠷᠠᠭᠤᠯᠤᠨ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠵᠠᠩᠰᠢᠯ ᠢ ᠢᠯᠡᠷᠡᠭᠦᠯᠵᠦ ᠰᠣᠶᠣᠯ ᠢᠷᠭᠡᠨᠰᠢᠯ ᠪᠣᠳᠠᠰ ᠤᠨ ᠰᠣᠯᠢᠯᠴᠠᠭ᠎ᠠ ᠶᠢ ᠠᠬᠢᠭᠤᠯᠤᠨ ᠦᠢᠯᠡᠴᠢᠯᠡᠭᠡᠨ ᠤ ᠦᠢᠯᠡᠰ ᠤᠨ ᠭᠡᠷᠡᠭᠯᠡᠭᠡ ᠶᠢ ᠳᠠᠶᠢᠴᠢᠯᠠᠵᠦ ᠦᠦᠰᠢᠨ ᠵᠢᠭᠤᠯᠴᠢᠯᠠᠯ ᠤᠨ ᠨᠡᠷᠡᠲᠦ ᠲᠡᠮᠳᠡᠭᠲᠤ ᠶᠢ ᠭᠠᠳᠠᠭᠠᠳᠤ ᠳᠤ ᠤᠬᠠᠭᠤᠯᠤᠨ ᠲᠠᠨᠢᠯᠴᠠᠭᠤᠯᠵᠠᠢ ᠭᠡᠰᠡᠨ ᠪᠠᠶᠢᠨ᠎ᠠ᠃
    ᠡᠬᠢᠯᠡᠯᠳᠡ ᠶᠢᠨ ᠶᠤᠰᠤᠯᠠᠯ ᠲᠡᠭᠡᠷ᠎ᠡ ᠢᠷᠠᠭᠤ ᠰᠣᠨᠣᠰᠪᠤᠷᠢᠲᠠᠶ ᠬᠤᠤᠰᠯᠠᠯ ᠳᠠᠭᠤᠤ᠂ ᠬᠠᠷᠠᠭ᠎ᠠ ᠪᠠᠶᠠᠰᠬᠠᠭᠰᠠᠨ ᠤᠷᠠᠨ ᠪᠦᠵᠢᠭ ᠠᠴᠠ ᠭᠠᠳᠠᠨ᠎ᠠ ᠠᠯᠳᠠᠷᠳᠤ ᠲᠠᠭᠤᠴᠢᠨ ᠵᠢᠩᠬᠤᠸᠠᠷ ᠪᠤᠯᠤᠨ ᠬᠦᠤ ᠪᠠᠭᠠᠳᠤᠷ ᠬᠤᠶᠠᠭᠤᠯᠠ ᠶᠢᠨ ᠲᠠᠭᠤᠯᠠᠭᠰᠠᠨ ︽ᠰᠢᠷᠬᠤᠰᠤ︾ ᠭᠡᠭᠦ ᠲᠠᠭᠤᠤ ᠨᠢ ᠡᠬᠢᠯᠡᠯᠲᠡ ᠶᠢᠨ ᠶᠤᠰᠤᠯᠠᠯ ᠢ ᠣᠷᠭᠢᠯ ᠳᠤ ᠨᠢ ᠬᠦᠷᠭᠡᠭᠰᠡᠨ ᠪᠠᠶᠢᠨ᠎ᠠ᠃      ᠨᠠᠭᠠᠳᠤᠮ ᠤᠨ ᠨᠢᠭᠡᠨ ᠤᠨᠴᠠᠯᠢᠭ ᠪᠤᠯᠬᠤ ᠰᠢᠷᠠᠭᠰᠠᠨ ᠦᠬᠡᠷ ᠤᠨ ᠮᠢᠬ᠎ᠠ ᠶᠢ ᠠᠮᠲᠠᠯᠠᠬᠤ ᠠᠵᠢᠯᠯᠠᠭ᠎ᠠ ᠨᠢ ᠬᠤᠯᠠ ᠤᠶᠢᠷ᠎ᠠ ᠠᠴᠠ ᠢᠷᠡᠭᠰᠡᠨ ᠨᠠᠭᠠᠳᠤᠮᠴᠢᠨ ᠲᠦᠮᠡᠨ ᠤ ᠠᠩᠬᠠᠷᠤᠯ ᠢ ᠲᠠᠳᠠᠵᠤ ᠠᠩᠬᠢᠯᠤᠮ᠎ᠠ ᠦᠨᠦᠷ ᠲᠠᠢ ᠰᠢᠷᠠᠭᠰᠠᠨ ᠮᠢᠬ᠎ᠠ ᠶᠢ ᠠᠮᠰᠠᠭᠤᠯᠤᠭᠰᠠᠨ ᠨᠢ  ᠮᠤᠩᠭᠤᠯ ᠨᠤᠳᠤᠭ ᠤᠨ ᠵᠤᠴᠢᠨᠰᠠᠭ ᠵᠠᠩ ᠢ ᠬᠠᠷᠠᠭᠤᠯᠤᠭᠰᠠᠨ ᠪᠠᠶᠢᠨ᠎ᠠ
     ᠪᠡᠶ᠎ᠡ ᠲᠠᠮᠢᠷ ᠤᠨ ᠨᠠᠭᠠᠳᠤᠮ ᠳᠡᠭᠡᠷ᠎ᠡ ᠪᠦᠬᠦ ᠣᠷᠣᠨ ᠤ ᠡᠯ᠎ᠡ ᠠᠶᠢᠮᠠᠭ ᠬᠤᠳᠠ ᠠᠴᠠ ᠢᠷᠡᠭᠰᠡᠨ ᠬᠠᠷᠪᠤᠭᠠᠴᠢᠨ ᠂ ᠪᠦᠭᠡᠴᠢᠨ᠂ ᠰᠢᠳᠡᠷᠴᠢᠨ ᠨᠠᠭᠠᠳᠤᠮ ᠳᠤ ᠦᠩᠭᠡ ᠨᠠᠮᠡᠷᠢᠯᠡᠨ ᠤᠢ ᠤᠬᠠᠭᠠᠨ ᠬᠦᠴᠦ ᠰᠢᠨᠳᠠᠰᠤ ᠪᠠᠨ ᠰᠤᠷᠢᠭᠰᠠᠨ ᠪᠠᠶᠢᠨ᠎ᠠ᠃ ᠨᠠᠯᠠᠭᠠᠷ ᠨᠠᠮᠤᠷ ᠤᠨ ᠲᠡᠷᠢᠭᠦᠨ ᠰᠠᠷ᠎ᠠ ᠪᠠᠷ ᠴᠠᠭᠠᠨ ᠰᠦᠯᠳᠡ ᠶᠢᠨ ᠠᠭᠤᠳᠠᠮ ᠲᠠᠯ᠎ᠠ ᠳᠤ ᠵᠠᠭᠤ ᠲᠠᠪᠢ ᠭᠠᠷᠤᠢ ᠬᠠᠷᠪᠤᠭᠠᠴᠢᠳ ᠲᠠᠪᠠᠯ ᠲᠡᠷᠯᠢᠭ ᠢᠶᠠᠷ ᠭᠤᠶᠤᠯᠠᠨ ᠤᠯᠠᠮᠵᠢᠯᠠᠯᠳᠤ ᠡᠪᠡᠷ ᠨᠤᠮᠤ ᠶᠢᠨ ᠤᠷᠤᠯᠳᠤᠭᠠᠨ ᠳᠤ ᠬᠢᠨᠠᠮᠠᠭᠠᠢ ᠮᠦᠷᠦᠶᠢᠴᠡᠨ ᠤᠯᠠᠨ ᠨᠠᠭᠠᠳᠤᠮᠴᠢᠳ ᠢ ᠪᠠᠶᠠᠰᠬᠠᠯ᠎ᠠ᠃ ᠰᠤᠷ ᠬᠠᠷᠪᠤᠯᠳᠠ ᠶᠢᠨ ᠤᠷᠤᠯᠳᠤᠭᠠᠨ ᠠᠴᠠ ᠭᠠᠳᠠᠨ᠎ᠠ ᠦᠣᠰᠢᠨ ᠤᠰᠤᠨ ᠵᠢᠷᠤᠭ᠎ᠠ ᠮᠤᠷᠢᠨ ᠤ ᠤᠷᠤᠯᠳᠤᠭᠠᠨ᠂ 128 ᠬᠦᠴᠦᠳᠤ ᠪᠥᠭᠡ ᠶᠢᠨ ᠪᠠᠷᠢᠯᠳᠤᠭᠠᠨ᠂ 64 ᠤᠷᠳᠤᠰ ᠪᠦᠭᠡ ᠶᠢᠨ ᠪᠠᠷᠢᠯᠳᠤᠭᠠᠨ ᠢ ᠶᠠᠪᠣᠭᠳᠠᠭᠤᠯᠵᠣ ᠰᠢᠯᠢ ᠶᠢᠨ ᠭᠤᠤᠯ᠂ ᠤᠯᠠᠭᠠᠨᠬᠠᠳᠠ᠂ ᠠᠯᠠᠱᠠ ᠵᠡᠷᠭᠡ ᠠᠶᠢᠮᠠᠭ ᠬᠤᠳᠠ ᠪᠤᠯᠤᠨ ᠤᠷᠳᠤᠰ ᠤᠨ ᠡᠯ᠎ᠡ ᠬᠤᠰᠢᠭᠤ ᠲᠤᠭᠤᠷᠢᠭ ᠠᠴᠠ ᠢᠷᠡᠭᠰᠡᠨ ᠤᠷᠤᠯᠴᠠᠭᠴᠢ ᠨᠠᠭᠠᠳᠤᠮ ᠳᠤ ᠰᠤᠷᠢᠶ᠎ᠡ ᠪᠤᠯᠪᠠᠰᠤᠷᠠᠯ᠂ ᠤᠷᠠᠨ ᠲᠠᠮ᠂ ᠠᠪᠬᠠᠯᠵᠢ ᠰᠠᠮᠪᠠᠭ᠎ᠠ ᠪᠠᠨ ᠰᠢᠯᠭᠠᠭᠰᠠᠨ ᠪᠠᠶᠢᠨ᠎ᠠ᠃
     ᠡᠨᠡ ᠤᠳᠠᠭᠠᠨ ᠤ ᠨᠠᠭᠠᠳᠤᠮ ᠤᠨ ᠪᠠᠰᠠ ᠨᠢᠭᠡᠨ ᠤᠨᠴᠠᠯᠢᠭ ᠪᠤᠯᠤᠭᠰᠠᠨ ᠮᠤᠩᠭᠤᠯ ᠰᠢᠳᠡᠷ᠎ᠡ ᠶᠢᠨ ᠤᠷᠤᠯᠳᠤᠭᠠᠨ ᠳᠤ  ᠤᠷᠳᠤᠰ ᠬᠤᠳᠠ ᠶᠢᠨ ᠮᠠᠩᠯᠠᠢ ᠰᠢᠳᠡᠷᠴᠢᠳ ᠢ ᠪᠠᠭᠳᠠᠭᠠᠭᠰᠠᠨ 70 ᠭᠠᠷᠤᠢ ᠰᠢᠳᠡᠷᠴᠢᠨ ᠤᠷᠤᠯᠴᠠᠵᠤ ᠲᠤᠯᠤᠭᠠᠨ ᠨᠠᠰᠤᠳᠠᠢ ᠭᠡᠤᠭᠡᠳ ᠠᠴᠠ ᠲᠠᠯᠠ ᠶᠢᠨ ᠲᠠᠪᠠᠭ᠎ᠠ ᠶᠢ ᠲᠠᠪᠠᠭᠰᠠᠨ ᠠᠬᠠᠮᠠᠳ ᠰᠢᠳᠡᠷᠴᠢᠳ ᠪᠠᠶᠢᠵᠤ ᠤᠶᠤᠨ ᠤᠬᠠᠭᠠᠨ ᠢᠶᠠᠨ ᠰᠤᠷᠢᠭᠰᠠᠨ ᠪᠠᠶᠢᠨ᠎ᠠ᠃      ᠭᠤᠷᠪᠠᠨ ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ ᠤᠯᠠᠮᠵᠢᠯᠠᠯᠳᠤ ᠪᠡᠶ᠎ᠡ ᠲᠡᠮᠢᠷ ᠤᠨ ᠨᠠᠭᠠᠳᠤᠮ ᠨᠢ ᠡᠨᠡ ᠵᠢᠯ ᠤᠨ ᠬᠤᠪᠢ ᠳᠤ ᠮᠠᠨ ᠤ ᠬᠤᠰᠢᠭᠤᠨ ᠳᠤ ᠪᠤᠯᠤᠭᠰᠠᠨ ᠬᠠᠮᠤᠭ ᠤᠨ ᠠᠩᠬᠠᠨ ᠤ ᠮᠦᠷᠳᠡᠭᠡᠨ ᠬᠠᠮᠤᠭ ᠤᠨ ᠦᠷᠭᠡᠨ ᠭᠡᠪᠴᠢᠶ᠎ᠡ ᠲᠠᠢ ᠨᠠᠭᠠᠳᠤᠮ ᠪᠣᠯᠵᠤ ᠲᠠᠯ᠎ᠠ ᠨᠤᠳᠤᠭ ᠤᠨ ᠷᠤᠺ ᠲᠠᠭᠤᠨ ᠤ ᠴᠤᠭᠯᠠᠭᠠᠨ᠂ ᠪᠤᠳᠠᠰ ᠤᠨ ᠪᠤᠰᠤ ᠰᠤᠶᠤᠯ ᠤᠨ ᠦᠪ ᠤᠨ ᠲᠡᠯᠭᠡᠨ ᠦᠵᠡᠭᠦᠯᠣᠯᠭᠡ᠂ ᠪᠠᠷᠠᠭ᠎ᠠ ᠲᠠᠸᠠᠷ ᠤᠨ ᠴᠤᠭᠯᠠᠭᠠᠨ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠦᠷᠨᠢᠭᠦᠯᠵᠦ ᠨᠠᠭᠠᠳᠤᠮᠴᠢᠨ ᠤᠯᠠᠨ ᠢᠶᠠᠨ ᠪᠠᠶᠠᠰᠬᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号