ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠵᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠤᠭᠲᠠᠵᠤ ᠤᠳᠤᠬᠠᠨ ᠤ ᠠᠵᠦ ᠠᠬᠤᠢ ᠶᠢᠨ ᠪᠠᠶᠢᠳᠠᠯ ᠪᠤᠯᠤᠨ ᠠᠵᠦ ᠠᠬᠤᠢ ᠶᠢᠨ ᠠᠵᠢᠯ ᠢ ᠵᠠᠳᠠᠯᠤᠨ ᠰᠤᠳᠤᠯᠵᠠᠢ
ᠨᠡᠶᠢᠲᠡᠯᠡᠭᠰᠡᠨ ᠴᠠᠭ᠄
2020-08-04
     ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠤᠷ ᠬᠤᠷᠠᠯ ᠬᠤᠷᠠᠯᠳᠤᠭᠤᠯᠵᠤ᠂ ᠡᠨᠡ ᠵᠢᠯ ᠤᠨ 10 ᠰᠠᠷ᠎ᠠ ᠳᠤ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠂ ᠭᠤᠤᠯ ᠵᠥᠪᠯᠡᠬᠦ ᠵᠦᠢᠯ ᠨᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠲᠥᠪ ᠬᠤᠷᠢᠶᠠᠨ ᠳᠤ ᠠᠵᠢᠯ ᠢᠶᠠᠨ ᠮᠡᠳᠡᠭᠦᠯᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠳᠤᠭᠳᠠᠭᠠᠬᠤ ᠪᠠ 2035 ᠣᠨ ᠤ ᠠᠯᠤᠰ ᠤᠨ ᠬᠠᠷᠠᠯᠲᠠ ᠶᠢᠨ ᠲᠤᠬᠠᠶ ᠰᠠᠨᠠᠭᠤᠯᠭ᠎ᠠ ᠶᠢ ᠰᠤᠳᠤᠯᠤᠨ᠎ᠠ᠃ ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠠᠢ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠮᠥᠨ᠃ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠤᠨ ᠬᠤᠭᠤᠴᠠᠭᠠᠨ ᠳᠤ ᠣᠷᠣᠰᠢᠨ᠎ᠠ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠪᠤᠯᠵᠤ ᠬᠤᠪᠢᠷᠠᠬᠤ ᠶᠤᠮ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠳᠤᠬᠢᠶᠠᠯᠳᠤᠭᠠᠳᠤᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠡᠩᠬᠡ ᠲᠠᠶᠢᠪᠤᠩ ᠬᠢᠭᠡᠳ ᠬᠥᠭᠵᠢᠯᠲᠡ ᠮᠥᠨ ᠬᠦ ᠴᠠᠭ ᠦᠶ᠎ᠡ ᠶᠢᠨ ᠭᠤᠤᠯ ᠰᠡᠳᠦᠪ ᠪᠣᠯᠬᠤ ᠶᠢᠨ ᠬᠠᠮᠲᠤ ᠤᠯᠠᠨ ᠤᠯᠤᠰ ᠤᠨ ᠣᠷᠴᠢᠨ ᠶᠠᠪᠤᠬᠤ ᠲᠤᠳᠤᠮ ᠪᠤᠳᠤᠯᠢᠶᠠᠨᠲᠠᠶ ᠪᠣᠯᠵᠤ᠂ ᠲᠣᠭᠲᠠᠭᠤᠨ ᠪᠤᠰᠤ ᠪᠠ ᠳᠤᠭᠳᠠᠪᠤᠷᠢ ᠦᠭᠡᠢ ᠴᠢᠨᠠᠷ ᠢᠯᠡᠳᠲᠡ ᠨᠡᠮᠡᠭᠳᠡᠪᠡ᠃ ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠬᠥᠭᠵᠢᠯᠲᠡ ᠳᠤ ᠤᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠪᠠᠶᠢᠬᠤ ᠶᠢᠨ ᠬᠠᠮᠳᠤ ᠬᠥᠭᠵᠢᠯᠲᠡ ᠲᠡᠩᠴᠡᠭᠦᠷᠢ ᠦᠭᠡᠢ ᠭᠦᠶ᠋ᠴᠡᠳ ᠪᠤᠰᠤ ᠠᠰᠠᠭᠤᠳᠠᠯ ᠮᠥᠨ ᠬᠦ ᠲᠤᠪᠤᠶᠢᠮ᠎ᠠ ᠤᠷᠤᠰᠢᠨ᠎ᠠ᠃ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠬᠥᠭᠵᠢᠯᠲᠡ ᠬᠤᠪᠢᠷᠠᠯᠲᠠ ᠶᠢᠨ ᠠᠪᠴᠢᠷᠠᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠪᠤᠢ ᠪᠤᠯᠭᠠᠬᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠵᠠ ᠲᠣᠬᠢᠶᠠᠯ ᠢ ᠡᠵᠡᠮᠳᠡᠨ᠂ ᠥᠷᠢᠰᠥᠯᠳᠦᠭᠡᠨ ᠢ ᠠᠷᠭᠠᠴᠠᠭᠠᠵᠤ᠂ ᠬᠤᠤᠷ ᠬᠦᠨᠦᠭᠡᠯ ᠠᠴᠠ ᠵᠠᠶᠢᠯᠠᠵᠤ᠂ ᠡᠷᠡᠮᠡᠬᠡᠶᠢᠯᠡᠨ ᠤᠷᠤᠭᠰᠢᠯᠠᠬᠤ ᠬᠡᠷᠡᠭᠳᠠᠢ ᠭᠡᠵᠤ ᠦᠵᠡᠪᠡ᠃      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠵᠤ ᠠᠬᠤᠶ ᠯᠠᠪᠳᠠᠭᠤᠨ ᠢᠶᠠᠷ ᠬᠤᠯᠠ ᠠᠶᠠᠯᠠᠬᠤ᠂ ᠨᠡᠶᠢᠭᠡᠮ ᠠᠮᠦᠷ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠶᠢ ᠪᠡᠶᠡᠯᠡᠭᠦᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠳᠡ ᠲᠠᠢ ᠪᠤᠯᠭᠠᠵᠤ᠂ ᠲᠦᠷᠦᠭᠦᠨ ᠤ ᠠᠯᠬᠤᠮ ᠢᠶᠠᠨ ᠰᠠᠶᠢᠳᠤᠷ ᠠᠯᠬᠤᠬᠤ ᠬᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠶ᠃ ᠡᠷᠬᠡᠪᠰᠢ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠠᠷᠠᠳ ᠲᠦᠮᠡᠨ ᠢ ᠲᠦᠰᠢᠭᠯᠡᠨ ᠬᠦᠭᠵᠢᠭᠦᠯᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠬᠠᠮᠲᠤ ᠪᠠᠷ ᠡᠳ᠋ᠯᠡᠭᠦ ᠶᠢ ᠢᠮᠠᠭᠲᠠ ᠪᠠᠷᠢᠮᠳᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠭᠡᠷᠡᠭᠳᠠᠢ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠨᠡᠩ ᠴᠢᠨᠠᠷ ᠰᠠᠶᠢᠲᠠᠶ᠂ ᠨᠡᠩ ᠪᠦᠲᠦᠮᠵᠢᠲᠡᠶ᠂ ᠨᠡᠩ ᠲᠦᠪ ᠭᠤᠤᠯᠴᠢ᠂ ᠨᠡᠩ ᠲᠠᠭᠠᠭᠠᠮᠠᠭᠠᠢ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠡᠷᠬᠡᠪᠰᠢ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠤᠷᠢᠳᠠᠴᠢ ᠴᠢᠨᠠᠷᠲᠠᠶ ᠪᠣᠳᠣᠯᠬᠢᠯᠠᠬᠤ᠂ ᠪᠦᠬᠦ ᠲᠠᠯ᠎ᠠ ᠶᠢᠨ ᠴᠢᠨᠠᠷᠲᠠᠶ ᠲᠦᠯᠦᠪᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠬᠤ᠂ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠬᠤ ᠶᠢ ᠴᠢᠩᠭᠠᠳᠬᠠᠵᠤ᠂ ᠬᠥᠭᠵᠢᠯᠲᠡ ᠶᠢᠨ ᠬᠡᠪᠴᠢᠶ᠎ᠡ᠂ ᠬᠤᠷᠳᠤᠴᠠ᠂ ᠶᠠᠰᠤ ᠴᠢᠨᠠᠷ᠂ ᠪᠦᠲᠦᠴᠡ᠂ ᠦᠷ᠎ᠡ ᠠᠰᠢᠭ ᠪᠠ ᠠᠮᠤᠷ ᠲᠦᠪᠰᠢᠨ ᠤ ᠨᠢᠭᠡᠳᠦᠯ ᠢ ᠪᠡᠶᠡᠯᠡᠭᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠠ᠂ ᠪᠢᠳᠡ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠪᠠᠷ ᠠᠷᠭᠠᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠬᠦ ᠠᠵᠢᠯ ᠳᠤ ᠴᠢᠬᠤᠯᠠ ᠶᠡᠭᠡ ᠦᠷ᠎ᠡ ᠪᠦᠲᠦᠭᠡᠯ ᠤᠯᠪᠠ᠃ ᠠᠵᠤ ᠠᠬᠤᠶ ᠲᠣᠭᠲᠠᠭᠤᠨ ᠢᠶᠠᠷ ᠰᠡᠷᠭᠦᠨ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠᠶᠢᠳᠠᠯ ᠰᠠᠷ᠎ᠠ ᠳᠠᠷᠠᠭᠠᠯᠠᠨ ᠰᠠᠶᠢᠵᠢᠷᠠᠵᠤ᠂ ᠬᠤᠶᠠᠳᠤᠭᠠᠷ ᠤᠯᠠᠷᠢᠯ ᠤᠨ ᠠᠵᠤ ᠠᠬᠤᠢ ᠶᠢᠨ ᠨᠡᠮᠡᠭᠳᠡᠯ ᠵᠢᠱᠢᠯᠲᠡ ᠠᠴᠠ ᠢᠯᠡᠳᠲᠡ ᠰᠠᠶᠢᠨ ᠪᠠᠶᠢᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠶ ᠠᠬᠢᠪᠠ᠂ ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠤ ᠦᠢᠯᠡᠰ ᠤᠨ ᠲᠣᠭᠠᠴᠢᠯᠠᠭᠰᠠᠨ᠂ ᠣᠶᠤᠨᠴᠢᠯᠠᠭᠰᠠᠨ ᠬᠡᠯᠪᠡᠷᠢ ᠶᠢᠨ ᠬᠤᠪᠢᠷᠠᠯᠳᠠ ᠢᠯᠡᠳᠲᠡ ᠲᠦᠷᠭᠡᠳᠤᠨ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠠᠷᠠᠳ‌‍ᠤᠨ ᠠᠮᠢᠳᠤᠷᠠᠯ ᠬᠦᠴᠦᠲᠤ ᠪᠠᠲᠤᠯᠠᠭ᠎ᠠ ᠲᠠᠢ ᠪᠣᠯᠪᠠ᠃ ᠡᠨᠡ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠪᠤᠯ ᠵᠥᠪ ᠣᠨᠣᠪᠴᠢᠲᠠᠶ᠂ ᠨᠠᠮ ᠤᠨ ᠤᠳᠤᠷᠢᠳᠤᠯᠭ᠎ᠠ ᠪᠣᠯ ᠪᠠᠳᠤ ᠴᠢᠩᠭ᠎ᠠ ᠬᠦᠴᠦᠨ ᠲᠠᠢ᠂ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠪᠣᠯ ᠮᠠᠰᠢ ᠴᠢᠩᠭ᠎ᠠ᠂ ᠳᠤᠮᠳᠠᠳᠤ ᠤᠯᠤᠰ ᠤᠨ ᠠᠷᠠᠳ ᠲᠦᠮᠡᠨ ᠪᠣᠯ ᠠᠭᠤᠤ ᠶᠡᠭᠡ ᠡᠭᠦᠳᠦᠨ ᠪᠦᠲᠦᠭᠡᠬᠦ ᠬᠦᠴᠦᠨ ᠲᠠᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠬᠡᠳᠡᠭ ᠢ ᠭᠦᠢᠴᠡᠳ ᠬᠠᠷᠠᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ ᠣᠳᠣᠬᠠᠨ ᠤ ᠠᠵᠤ ᠠᠬᠤᠢ ᠶᠢᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ ᠪᠠᠶᠢᠵᠤ᠂ ᠲᠣᠭᠲᠠᠭᠤᠨ ᠪᠤᠰᠤ ᠪᠠ ᠲᠣᠭᠲᠠᠪᠤᠷᠢ ᠦᠭᠡᠢ ᠴᠢᠨᠠᠷ ᠢᠶᠠᠷ ᠨᠡᠯᠢᠶᠡᠳ ᠶᠡᠭᠡ ᠪᠠᠶᠢᠵᠤ᠂ ᠮᠠᠨ ᠤ ᠲᠤᠯᠭᠠᠷᠠᠵᠤ ᠪᠠᠶᠢᠭ᠎ᠠ ᠮᠠᠰᠢ ᠣᠯᠠᠨ ᠠᠰᠠᠭᠤᠳᠠᠯ ᠪᠦᠷ ᠳᠤᠮᠳᠠ ᠤᠷᠲᠤ ᠬᠤᠭᠤᠴᠠᠭᠠᠨ ᠤ ᠬᠢ ᠪᠠᠶᠢᠵᠤ᠂ ᠡᠷᠬᠡᠪᠰᠢ ᠤᠳᠠᠭᠠᠨ ᠳᠠᠭᠠᠭᠠᠮᠠᠭᠠᠶ ᠳᠠᠶᠢᠨ ᠬᠢᠬᠦ ᠬᠠᠷᠠᠭᠠᠰᠦ ᠠᠴᠠ ᠲᠡᠬᠦᠨ ᠢ ᠲᠠᠨᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠬᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠯᠴᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠳᠤᠮᠳᠠ ᠤᠷᠲᠤ ᠬᠤᠭᠤᠴᠠᠭᠠᠨ ᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠲᠦᠴᠡ ᠶᠢᠨ ᠲᠣᠬᠢᠷᠠᠭᠤᠯᠤᠯᠲᠠ ᠬᠢᠬᠦ ᠪᠠᠶᠢᠯᠳᠤᠬᠤ ᠪᠣᠳᠣᠯᠭ᠎ᠠ ᠶᠢᠨ ᠴᠢᠭᠯᠡᠯ ᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ‌‍ᠤᠨ ᠰᠢᠨ᠎ᠠ ᠡᠬᠦᠳᠦᠯᠳᠡ ᠳᠤ ᠨᠡᠩ ᠢᠯᠡᠭᠦᠤ ᠲᠦᠰᠢᠭᠯᠡᠵᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠦᠶᠡᠯᠡᠯ ᠠᠯᠤᠰᠯᠠᠬᠰᠠᠨ ᠲᠥᠯᠥᠪᠯᠡᠭᠡ ᠪᠠ ᠲᠣᠬᠢᠷᠠᠭᠤᠯᠭ᠎ᠠ ᠶᠢ ᠲᠡᠭᠦᠯᠳᠡᠷᠵᠢᠭᠦᠯᠤᠨ᠂ ᠨᠡᠮᠡᠭᠳᠡᠯ ᠢ ᠳᠤᠭᠳᠠᠪᠤᠷᠢᠵᠢᠭᠤᠯᠬᠤ ᠪᠠ ᠠᠶᠤᠯ ᠲᠦᠭᠰᠢᠭᠦᠷᠢ‌‍ᠶᠢ ᠰᠡᠷᠭᠡᠶᠢᠯᠡᠬᠦ ᠶᠢ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠭᠲᠠᠭᠤᠨ ᠤ ᠲᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠡᠩ ᠰᠠᠶᠢᠲᠤᠷ ᠨᠢᠭᠡᠳᠦᠯᠲᠡᠶ ᠲᠥᠯᠥᠪᠵᠢᠬᠦᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠲᠤ ᠡᠵᠡᠮᠳᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠶᠡᠭᠡ ᠪᠠᠷ ᠬᠠᠮᠠᠭᠠᠯᠠᠨ ᠬᠥᠭᠵᠢᠭᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠡᠶᠢᠭᠡᠮ ᠲᠣᠭᠲᠠᠭᠤᠨ ᠪᠠᠶᠢᠬᠤ ᠶᠡᠭᠡ ᠲᠠᠯ᠎ᠠ ᠶᠢ ᠬᠠᠮᠠᠭᠠᠯᠠᠨ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ‌‍ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ᠂ ᠬᠤᠷᠸ᠎ᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠨᠡᠩ ᠢᠳᠡᠪᠬᠢᠲᠡᠶ ᠪᠥᠭᠡᠳ ᠲᠤᠰᠠᠳᠠᠢ ᠪᠠᠶᠢᠬᠤ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠴᠢᠬᠤᠯᠠᠴᠢᠯᠠᠬᠤ ᠬᠡᠷᠡᠭᠲᠡᠶ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠠᠲᠤᠯᠠᠵᠤ᠂ ᠶᠠᠰᠤ ᠴᠢᠨᠠᠷ ᠪᠠ ᠦᠷ᠎ᠡ ᠠᠰᠢᠭ ᠢ ᠴᠢᠬᠤᠯᠠᠴᠢᠯᠠᠬᠤ ᠬᠡᠷᠡᠭᠲᠡᠢ᠃ ᠵᠣᠭᠤᠰᠣᠨ‌‍ᠤ ᠲᠦᠷᠦ ᠶᠢᠨ ᠪᠤᠳᠤᠯᠭ᠎ᠠ ᠳᠤ ᠨᠡᠩ ᠠᠮᠢᠳᠤᠯᠢᠭ ᠮᠦᠷᠳᠡᠬᠡᠨ ᠵᠤᠬᠢᠰᠳᠠᠢ᠂ ᠨᠠᠷᠢᠯᠢᠭ ᠤᠨᠤᠴᠠᠳᠠᠢ ᠪᠠᠶᠢᠬᠤ ᠪᠠᠷ ᠤᠲᠤᠷᠢᠳᠤᠮᠵᠢ ᠪᠣᠯᠭᠠᠬᠤ ᠬᠡᠷᠡᠭᠲᠡᠶ᠃ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ ᠪᠣᠯᠤᠨ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ ᠵᠣᠬᠢᠰᠲᠠᠶ ᠪᠠᠷ ᠨᠡᠮᠡᠭᠳᠡᠬᠦ ᠶᠢ ᠪᠠᠲᠤᠯᠠᠵᠤ᠂ ᠶᠡᠷᠦᠩᠬᠡᠶᠢᠯᠡᠭᠰᠡᠨ ᠪᠡᠯᠡ ᠬᠤᠷᠠᠮᠳᠤᠭᠤᠯᠭ᠎ᠠ ᠶᠢᠨ ᠥᠪᠡᠷ ᠤᠨ ᠦᠷᠲᠡᠭ ᠢ ᠢᠯᠡᠳᠲᠡ ᠪᠠᠭᠤᠷᠠᠭᠤᠯᠬᠤ ᠬᠡᠷᠡᠭᠲᠡᠶ᠃ ᠰᠢᠨ᠎ᠡ ᠪᠠᠷ ᠨᠡᠮᠡᠭᠳᠡᠬᠦ ᠪᠡᠯᠡ ᠬᠤᠷᠠᠮᠳᠤᠭᠤᠯᠭ᠎ᠠ ᠭᠤᠤᠯᠳᠠᠭᠤ ᠦᠢᠯᠡᠳᠬᠦ ᠦᠢᠯᠡᠰ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠲᠡᠶᠢᠰᠢ ᠰᠢᠯᠵᠢᠬᠦ ᠶᠢ ᠪᠠᠳᠤᠯᠠᠬᠤ ᠬᠡᠷᠡᠭᠲᠡᠶ᠃ ᠬᠤᠷᠸ᠎ᠠ ᠠᠵᠤ ᠠᠬᠤᠶ ᠶᠢᠨ ᠲᠦᠷᠦ‌‍ᠶᠢᠨ ᠪᠤᠳᠤᠯᠭ᠎ᠠ ᠳᠤ ᠵᠤᠬᠢᠴᠠᠭᠤᠯᠵᠤ ᠬᠠᠮᠵᠢᠯᠴᠠᠬᠤ ᠶᠢ ᠴᠢᠩᠭᠠᠳᠬᠠᠨ᠂ ᠡᠳ᠋ ᠤᠨ ᠵᠠᠰᠠᠭ᠂ ᠵᠣᠭᠤᠰᠣᠨ ᠤ ᠲᠦᠷᠦ ᠶᠢᠨ ᠪᠤᠳᠤᠯᠭ᠎ᠠ ᠶᠢ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠵᠡᠷᠭᠡ ᠲᠦᠷᠦ ᠶᠢᠨ ᠪᠤᠳᠤᠯᠭ᠎ᠠ ᠯᠤᠭ᠎ᠠ ᠬᠤᠷᠠᠮᠠᠯ ᠨᠦᠯᠦᠭᠡ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠲᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠲᠡᠬᠦ ᠲᠣᠭᠲᠠᠴᠠ ᠶᠢ ᠪᠦᠷᠢᠠᠰᠢᠭᠦᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ‌‍ᠢᠶ᠋ᠠᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠳᠠ ᠶᠢ ᠠᠬᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠪᠠᠨ ᠦᠷᠭᠦᠯᠵᠢᠯᠡᠨ ᠥᠷᠭᠡᠳᠬᠡᠵᠦ᠂ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠠ ᠲᠠᠪᠠᠵᠦ᠂ ᠡᠴᠦᠰ ᠤᠨ ᠬᠡᠷᠡᠭᠯᠡᠭᠡ ᠶᠢ ᠥᠷᠭᠡᠳᠬᠡᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠬᠦ‌‍ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠠᠯᠤᠰ ᠬᠤᠯᠠ ᠶᠢ ᠪᠣᠳᠣᠯᠬᠢᠯᠠᠨ᠂ ᠪᠦᠲᠦᠮᠵᠢᠲᠡᠶ ᠪᠡᠯᠡ ᠣᠷᠣᠭᠤᠯᠤᠯᠲᠠ‌‍ᠶᠢ ᠢᠳᠡᠪᠬᠢᠲᠡᠶ ᠥᠷᠭᠡᠳᠬᠡᠵᠦ᠂ ᠨᠡᠶᠢᠭᠡᠮ ᠤᠨ ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠶ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠦᠷᠦᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠬᠦ ᠬᠡᠷᠡᠭᠲᠡᠶ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠᠷ ᠪᠡᠯᠡ ᠣᠷᠣᠭᠤᠯᠤᠯᠲᠠ ᠪᠠ ᠬᠡᠷᠡᠭᠯᠡᠭᠡᠨ ᠤ ᠬᠡᠷᠡᠭᠴᠡᠭᠡ ᠶᠢ ᠳᠠᠶᠢᠴᠢᠯᠠᠵᠤ᠂ ᠬᠤᠲᠠ ᠶᠢᠨ ᠰᠦᠷᠦᠭᠵᠢᠯ᠂ ᠶᠡᠭᠡ ᠬᠤᠲᠠ‌‍ᠶᠢᠨ ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠬᠦ ᠪᠠ ᠲᠠᠪᠠᠭᠤᠯᠢᠭ ᠢ ᠪᠤᠢ ᠪᠤᠯᠭᠠᠬᠤ ᠶᠢ ᠨᠡᠩ ᠴᠢᠬᠤᠯᠠᠴᠢᠯᠠᠬᠤ ᠬᠡᠷᠡᠭᠲᠡᠶ᠃ ᠲᠠᠷᠢᠶᠠᠯᠠᠩ ᠤᠨ ᠰᠠᠭᠤᠷᠢ ᠪᠣᠯᠬᠤ ᠪᠠᠶᠢᠷᠢ ᠰᠠᠭᠤᠷᠢ ᠶᠢ ᠪᠦᠬᠦ ᠬᠦᠴᠦᠨ ᠢᠶᠠᠷ ᠪᠠᠬᠢᠵᠢᠭᠦᠯᠬᠦ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠶᠢ ᠨᠠᠩ ᠬᠦᠴᠦᠳᠠᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠰᠠᠶᠢᠲᠤᠷ ᠬᠡᠷᠡᠭᠵᠢᠭᠦᠯᠵᠦ᠂ ᠨᠡᠭᠡᠭᠡᠯᠳᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠦᠷᠦᠩᠭᠡ ᠶᠢᠨ ᠵᠠᠬ᠎ᠠ ᠳᠡᠯᠭᠡᠭᠦᠷ ᠤᠨ ᠦᠨᠳᠦᠰᠦᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠦᠨᠡᠲᠦ ᠲᠡᠮᠳᠡᠭᠲᠦ‌‍ᠶᠢᠨ ᠬᠦᠷᠢᠶᠡᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠤᠷᠤᠨ ᠰᠠᠭᠤᠴᠠ‌‍ᠶᠢ ᠰᠠᠭᠤᠬᠤ ᠳᠤ ᠵᠤᠷᠢᠭᠤᠯᠤᠭᠰᠠᠨ᠂ ᠬᠠᠷᠢᠨ ᠰᠠᠷᠢᠭᠠᠯᠠᠬᠤ ᠳᠤ ᠵᠤᠷᠢᠭᠤᠯᠤᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠢ ᠪᠠᠳᠤᠯᠠᠬᠤ ᠠᠵᠢᠯ ᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠠᠴᠠ ᠵᠠᠯᠠᠭᠤᠴᠤᠳ ᠤᠨ ᠠᠵᠢᠯ ᠣᠯᠭᠤᠯᠳᠠ ᠳᠤ ᠤᠴᠠᠷᠠᠭᠤᠯᠬᠤ ᠨᠥᠯᠥᠭᠡ ᠶᠢ ᠪᠠᠭᠠᠰᠬᠠᠨ᠂ ᠭᠠᠳᠠᠭᠰᠢ ᠭᠠᠷᠬᠤ ᠬᠦᠯᠦᠰᠦᠨ ᠲᠠᠷᠢᠶᠠᠴᠢᠨ ᠳᠤ ᠠᠵᠢᠯ ᠤᠯᠭᠤᠬᠤ ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠨᠤᠲᠤᠭ ᠲᠠᠭᠠᠨ ᠪᠤᠴᠠᠭᠰᠠᠨ ᠬᠦᠯᠦᠰᠤᠨ ᠲᠠᠷᠢᠶᠠᠴᠢᠨ ᠤ ᠦᠢᠷ᠎ᠡ ᠬᠠᠪᠢ ᠳᠠᠭᠠᠨ ᠠᠵᠢᠯ ᠤᠯᠬᠤ ᠶᠢ ᠬᠦᠲᠦᠯᠦᠨ ᠵᠢᠯᠤᠭᠤᠳᠬᠤ ᠭᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠤᠳᠤ‌‍ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠬᠡᠮᠥ᠋ᠷᠡᠨ᠂ ᠬᠠᠳᠤᠨ ᠭᠤᠤᠯ ᠤᠨ ᠠᠮᠢ ᠠᠬᠤᠶ ᠶᠢ ᠬᠠᠮᠠᠭᠠᠯᠠᠬᠤ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠤ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠵᠤᠭᠰᠤᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠭᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠡᠷᠴᠢᠮᠳᠠᠢ ᠵᠣᠬᠢᠶᠠᠨ ᠪᠠᠶᠢᠭᠤᠯᠵᠤ᠂ ᠡᠮᠦᠨᠡᠲᠦ ᠪᠠ ᠤᠮᠠᠷᠠᠲᠤ ᠤᠷᠤᠨ ᠤ ᠭᠤᠤᠯ ᠮᠥᠷᠡᠨ ᠤ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠭᠠᠮᠰᠢᠭ ᠤᠨ ᠳᠠᠷᠠᠭᠠᠬᠢ ᠲᠠᠬᠢᠨ ᠪᠦᠳᠦᠭᠡᠨ ᠪᠠᠶᠢᠭᠤᠯᠬᠤ ᠠᠵᠢᠯ ᠢ ᠨᠠᠷᠢᠨ ᠨᠢᠮᠪᠠᠶ ᠤᠬᠠᠭᠠᠯᠠᠨ ᠲᠦᠰᠦᠪᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠭᠡᠷᠡᠭᠲᠡᠢ ᠭᠡᠵᠦ ᠱᠠᠭᠠᠷᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号