ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠬᠢᠯᠭᠠᠨ ᠮᠡᠳᠡᠭᠡ 8 ᠰᠠᠷ᠎ᠠ ᠶᠢᠨ 1 ᠤ | ᠡᠳᠦᠷ ᠭᠡᠪᠯᠡᠭᠳᠡᠬᠦ 15 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠦᠩᠭᠡᠢ | ᠱᠦᠵᠢ᠂ ᠤᠯᠤᠰᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ ᠤᠨ ᠴᠢᠬᠤᠯᠠ ᠵᠤᠬᠢᠶᠠᠯ ︽ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠨᠠᠮ ᠢᠶᠠᠨ ᠳᠠᠰᠤᠷᠠᠯᠳᠠ ᠦᠭᠡᠢ ᠨᠡᠩ ᠪᠠᠳᠤ ᠴᠢᠩᠭ᠎ᠠ ᠬᠦᠴᠦᠨ ᠲᠠᠢ | ᠪᠤᠯᠭᠠᠨ ᠪᠠᠶᠢᠭᠤᠯᠬᠤ ᠭᠡᠷᠡᠭᠲᠡᠢ︾ ᠶᠢ ᠨᠡᠶᠢᠳᠡᠯᠡᠪᠡ᠃ | ᠵᠤᠬᠢᠶᠠᠯ ᠳᠤ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠪᠤᠯ ᠨᠠᠮ ᠤᠨ ᠪᠠᠶᠢᠭᠤᠯᠤᠯᠳᠠ ᠶᠢᠨ ᠴᠢᠬᠤᠯᠠ | ᠰᠠᠭᠤᠷᠢ ᠮᠦᠨ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠪᠤᠯ ᠨᠠᠮ ᠤᠨ ᠤᠯᠤᠰ ᠲᠦᠷᠦ ᠶᠢᠨ | ᠱᠤᠭᠤᠮ ᠳᠤ ᠦᠢᠯᠡᠴᠢᠯᠡᠳᠡᠭ᠃ ᠮᠠᠨ ᠤ ᠨᠠᠮ ᠤᠷᠳᠤ ᠬᠤᠭᠤᠴᠠᠭ᠎ᠠ ᠪᠠᠷ ᠲᠦᠷᠦ ᠪᠠᠷᠢᠵᠥ᠂ ᠠᠮᠢᠵᠢᠷᠡᠯ ᠤᠨ | ᠬᠦᠴᠦᠨ ᠢᠶᠠᠨ ᠡᠭᠦᠷᠢᠳᠡ ᠪᠠᠳᠤᠯᠠᠨ᠂ ᠪᠦᠬᠦ ᠤᠯᠤᠰ ᠤᠨ ᠦᠨᠳᠦᠰᠤᠳᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠬᠦᠯᠥᠨ ᠲᠠᠭᠠᠭᠤᠯᠵᠥ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢᠶᠠᠷ ᠵᠠᠮᠨᠠᠨ | ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠬᠠᠮᠤᠭ ᠤᠨ ᠴᠢᠬᠤᠯᠠ ᠨᠢ | ᠨᠠᠮ ᠢᠶᠠᠨ ᠨᠡᠩ ᠪᠠᠲᠦ ᠴᠢᠩᠭ᠎ᠠ ᠬᠦᠴᠦᠨ ᠲᠠᠢ ᠪᠤᠯᠭᠠᠨ ᠪᠠᠶᠢᠭᠤᠯᠬᠤ ᠳᠤ ᠪᠠᠶᠢᠨ᠎ᠠ᠃ ᠨᠠᠮ ᠤᠨ ᠤᠳᠤᠷᠢᠳᠤᠯᠭ᠎ᠠ ᠶᠢ | ᠡᠷᠡᠰ ᠭᠤᠶᠢᠪᠢᠰᠢ ᠦᠬᠡᠢ ᠪᠠᠷ ᠪᠠᠷᠢᠮᠳᠠᠯᠠᠨ ᠲᠡᠬᠦᠯᠳᠡᠷᠵᠢᠬᠦᠯᠵᠥ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ | ᠶᠡᠭᠡ ᠢᠨᠵᠧᠨᠧᠷᠢᠩ ᠢ ᠦᠷᠬᠦᠯᠵᠢᠯᠡᠨ ᠠᠬᠢᠭᠤᠯᠵᠥ᠂ ᠨᠠᠮ ᠢᠶᠠᠨ ᠲᠠᠰᠤᠷᠠᠯᠳᠡ ᠦᠭᠡᠢ ᠨᠡᠩ ᠪᠡᠳᠤ ᠴᠢᠩᠭ᠎ᠠ | ᠬᠦᠴᠦᠨ ᠲᠠᠢ ᠪᠤᠯᠭᠠᠨ ᠪᠠᠶᠢᠭᠤᠯᠪᠠᠯ᠂ ᠪᠢᠳᠠ ᠶᠠᠮᠠᠷᠪᠠ ᠰᠠᠯᠬᠢ ᠳᠠᠪᠠᠯᠭᠠᠨ ᠢ ᠴᠦ ᠪᠦᠷ ᠠᠵᠢᠭ ᠦᠭᠡᠢ ᠪᠠᠷ | ᠲᠤᠭᠤᠯᠵᠤ ᠴᠢᠳᠠᠨ᠎ᠠ ᠭᠡᠵᠦ ᠴᠢᠬᠤᠯᠠᠴᠢᠯᠠᠪᠠ᠃ | ᠵᠤᠬᠢᠶᠠᠯ ᠳᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠲᠠᠷᠠᠭ᠎ᠠ᠂ ᠪᠢᠳᠡ ᠲᠡᠤᠬᠡ ᠶᠢᠨ ᠲᠤᠷᠰᠢᠯᠭ᠎ᠠ | ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢᠬᠢ ᠪᠦᠬᠦ ᠲᠡᠯ᠎ᠡ ᠪᠠᠷ ᠨᠠᠮ ᠢ ᠴᠢᠩᠭ᠎ᠠ | ᠵᠠᠰᠠᠭᠰᠠᠠ ᠠᠮᠵᠢᠯᠲᠠ ᠲᠠᠢ ᠲᠤᠷᠰᠢᠯᠭ᠎ᠠ ᠪᠠᠨ ᠳ᠋ᠦᠩᠨᠡᠭᠰᠡᠡ ᠰᠠᠭᠤᠷᠢᠨ ᠲᠡᠬᠡᠷ᠎ᠡ᠂ ᠰᠢᠨ᠎ᠡ ᠴᠠᠭ ᠦᠶ᠎ᠡ ᠶᠢᠨ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠤᠭᠤᠮ ᠳᠤ ᠬᠤᠷᠢᠶᠠᠩᠭᠤᠢᠢᠯᠠᠯ ᠬᠢᠵᠠᠢ᠃ ᠦᠢᠯᠡᠳᠦᠯᠭᠡ ᠭᠡᠷᠡᠴᠢᠯᠡᠭᠰᠡᠨ ᠢᠶᠠᠷ᠂ | ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠨᠢ ᠨᠠᠮ ᠤᠨ ᠵᠤᠬᠢᠶᠠᠨ | ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠬᠤ ᠳᠤ ᠰᠢᠨᠵᠢᠯᠡᠬᠦ ᠤᠬᠠᠭᠠᠨᠴᠢ ᠵᠢᠷᠤᠮᠯᠠᠯ ᠬᠠᠩᠭᠠᠵᠥ᠂ ᠨᠠᠮ ᠤᠨ | ᠡᠬᠦᠳᠦᠨ ᠪᠦᠳᠦᠬᠡᠬᠦ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢ ᠴᠢᠩᠭᠠᠷᠠᠭᠤᠯᠬᠤ ᠳᠤ ᠴᠢᠬᠤᠯᠠ | ᠪᠠᠳᠤᠯᠠᠭ᠎ᠠ ᠬᠠᠩᠭᠠᠪᠠ᠃ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠤᠨ ᠰᠢᠨᠵᠢᠯᠡᠬᠦ | ᠤᠬᠠᠭᠠᠨᠴᠢ ᠠᠭᠤᠯᠤᠭᠳᠠᠬᠤᠨ ᠪᠤᠯᠤᠨ ᠦᠢᠯᠡᠳᠦᠯᠬᠡ ᠶᠢᠨ ᠱᠠᠭᠠᠷᠳᠠᠯᠭ᠎ᠠ ᠶᠢ ᠵᠦᠪ ᠤᠢᠢᠯᠠᠭᠠᠵᠥ᠂ ᠬᠠᠷᠠᠯᠳᠡ ᠪᠠᠷ | ᠤᠳᠤᠷᠢᠳᠤᠮᠵᠢ ᠪᠤᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ | ᠪᠤᠯᠭᠠᠬᠤ ᠶᠢ ᠨᠢᠭᠡᠳᠭᠡᠬᠦ ᠶᠢ ᠪᠠᠷᠢᠮᠳᠠᠯᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠳᠦᠰᠦᠨ ᠱᠠᠭᠠᠷᠳᠠᠯᠭ᠎ᠠ ᠶᠢ | ᠵᠦᠪ ᠡᠵᠡᠮᠳᠡᠬᠦ ᠬᠡᠷᠡᠭᠳᠡᠢ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠲᠡᠭᠦᠯᠳᠡᠷᠵᠢᠭᠦᠯᠬᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠬᠦ ᠶᠢ ᠰᠠᠶᠢᠳᠤᠷ ᠠᠳᠬᠤᠬᠤ ᠬᠡᠷᠡᠭᠳᠠᠢ᠃ ᠵᠦᠪ ᠤᠯᠤᠰ | ᠲᠦᠷᠦ ᠶᠢᠨ ᠱᠤᠭᠤᠮ ᠨᠢ ᠵᠦᠪ ᠵᠤᠬᠢᠶᠠᠨ ᠪᠠᠶᠢᠭᠤᠯᠤᠯᠳᠠ ᠶᠢᠨ ᠱᠤᠭᠤᠮ ᠢ ᠲᠤᠭᠳᠠᠭᠠᠵᠦ᠂ ᠵᠦᠪ ᠵᠤᠬᠢᠶᠠᠨ | ᠪᠠᠶᠢᠭᠤᠯᠤᠯᠳᠠ ᠶᠢᠨ ᠱᠤᠭᠤᠮ ᠨᠢ ᠵᠦᠪ ᠤᠯᠤᠰ ᠲᠦᠷᠦ ᠶᠢᠨ ᠱᠤᠭᠤᠮ ᠳᠤ ᠦᠢᠯᠡᠴᠢᠯᠡᠨ ᠪᠠᠳᠤᠯᠠᠭ᠎ᠠ ᠬᠠᠩᠭᠠᠳᠠᠭ᠃ | ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠬᠤ ᠶᠢᠨ ᠦᠨᠳᠦᠰᠦᠨ ᠵᠤᠷᠢᠯᠭ᠎ᠠ ᠪᠤᠯ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠶᠢᠨ | ᠲᠦᠯᠦᠭᠡ ᠶᠤᠮ ᠭᠡᠵᠦ ᠵᠢᠭᠠᠵᠦ ᠭᠠᠷᠭᠠᠪᠠ᠃ | ᠵᠤᠬᠢᠶᠠᠯ ᠳᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠪᠦᠬᠦ ᠨᠠᠮ ᠢ ᠵᠡᠪᠰᠡᠭᠯᠡᠬᠦ ᠶᠢ ᠰᠠᠶᠢᠳᠤᠷ | ᠠᠳᠬᠤᠬᠤ ᠬᠡᠷᠡᠭᠳᠠᠢ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠬᠤ ᠳᠤ ︽ | ᠲᠦᠷᠢ ᠶᠢ ᠱᠤᠭᠤᠬᠤ︾ ᠪᠠᠷ ᠪᠠᠷᠠᠬᠤ ᠦᠭᠡᠢ ᠨᠡᠩ ᠴᠦ ︽ᠰᠦᠭ ᠰᠦᠨᠡᠰᠦ ᠶᠢ ᠴᠤᠬᠴᠠᠯᠠᠬᠤ︾ ᠭᠡᠷᠡᠭᠲᠡᠢ᠃ | ᠮᠠᠷᠺᠰ ᠤᠨ ᠦᠵᠡᠯ᠂ ᠢᠯᠠᠩᠭᠤᠶ᠎ᠡ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠯ᠎ᠡ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠭᠡᠰᠢᠬᠦᠨ ᠺᠠᠳ᠋ᠷ᠂ ᠢᠯᠠᠩᠭᠤᠶ᠎ᠡ ᠤᠳᠤᠷᠢᠳᠬᠤ ᠺᠠᠳ᠋ᠷᠴᠤᠳ ᠲᠤ | ᠮᠡᠷᠺᠰ ᠤᠨ ᠦᠵᠡᠯ ᠤᠨ ᠤᠨᠤᠯ ᠤᠨ ᠵᠡᠪᠰᠡᠭ ᠢ ᠡᠵᠡᠮᠰᠢᠬᠦᠯᠵᠤ᠂ ᠮᠠᠷᠺᠰ ᠤᠨ ᠦᠵᠡᠯ ᠤᠨ ᠤᠨᠤᠯ ᠤᠨ ᠲᠦᠪᠰᠢᠨ ᠪᠠ | ᠭᠡᠷᠡᠭᠯᠡᠬᠦ ᠴᠢᠳᠠᠪᠤᠷᠢ ᠶᠢ ᠲᠡᠭᠡᠭᠰᠢᠯᠡᠬᠦᠯᠤᠨ᠂ ᠬᠠᠮᠳᠤ ᠪᠠᠷ ᠢᠶᠠᠨ ᠨᠠᠮ ᠤᠨ ᠰᠢᠨ᠎ᠡ ᠶᠢ ᠡᠬᠦᠳᠬᠦ ᠤᠨᠤᠯ ᠢ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠠᠬᠢᠭᠤᠯᠬᠤ | ᠦᠢᠯᠡᠳᠦᠯᠭᠡ ᠶᠢᠨ ᠬᠦᠴᠤᠨ ᠪᠤᠯᠭᠠᠨ ᠬᠤᠪᠢᠷᠠᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠵᠤᠬᠢᠶᠠᠯ ᠳᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠤᠨ ᠴᠤᠬᠴᠠᠯᠠᠯᠳᠠ ᠶᠢ ᠰᠠᠶᠢᠳᠤᠷ | ᠠᠳᠬᠤᠬᠤ ᠭᠡᠷᠡᠭᠳᠠᠢ᠃ ᠮᠠᠨ ᠤ ᠨᠠᠮ ᠨᠢ ᠨᠠᠮ ᠤᠨ ᠲᠦᠪ ᠤᠨ ᠵᠤᠬᠢᠶᠠᠨ ᠪᠠᠶᠢᠭᠤᠯᠤᠯᠳᠠ᠂ ᠤᠷᠤᠨ ᠨᠤᠳᠤᠭ ᠤᠨ | ᠵᠤᠬᠢᠶᠠᠨ ᠪᠠᠶᠢᠭᠤᠯᠤᠯᠳᠠ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢ ᠪᠠᠭᠳᠠᠭᠠᠬᠰᠡᠨ ᠨᠢᠬᠳᠠ ᠴᠢᠩᠭ᠎ᠠ | ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠠᠶᠢᠭᠤᠯᠪᠠ᠃ ᠡᠨᠡ ᠪᠤᠯ ᠲᠡᠯᠡᠭᠡᠢ ᠲᠡᠭᠡᠷᠡᠬᠢ ᠪᠤᠰᠤᠳ ᠶᠠᠮᠠᠷᠪᠠ | ᠲᠦᠷᠦ ᠶᠢᠨ ᠨᠠᠮ ᠳᠤ ᠪᠠᠶᠢᠳᠠᠭ ᠦᠭᠡᠢ ᠬᠦᠴᠦᠷᠭᠡᠭ ᠶᠡᠭᠡ ᠲᠠᠪᠠᠭᠤᠯᠢᠭ ᠪᠤᠯᠤᠨ᠎ᠡ᠃ ᠨᠠᠮ ᠤᠨ ᠲᠦᠪ ᠤᠨ ᠵᠤᠬᠢᠶᠠᠨ | ᠪᠠᠶᠢᠭᠤᠯᠤᠯᠳᠠ᠂ ᠤᠷᠤᠨ ᠨᠤᠳᠤᠭ ᠤᠨ ᠵᠤᠬᠢᠶᠠᠨ ᠪᠠᠶᠢᠭᠤᠯᠤᠯᠳᠠ᠂ ᠦᠨᠳᠤᠰᠤᠨ ᠱᠠᠳᠤᠨ ᠤ ᠵᠤᠬᠢᠶᠠᠨ | ᠪᠠᠶᠢᠭᠤᠯᠤᠯᠳᠠ ᠴᠦᠮ ᠪᠠᠳᠤ ᠴᠢᠩᠭ᠎ᠠ ᠬᠦᠴᠤᠨ ᠲᠠᠢ ᠶᠤᠮ᠂ ᠦᠢᠯᠡᠳᠦᠯ ᠢᠶᠠᠨ ᠬᠦᠢᠴᠡᠳ ᠪᠠᠳᠠᠷᠠᠭᠤᠯᠪᠡᠯ ᠨᠠᠮ ᠤᠨ | ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠤᠨ ᠲᠠᠪᠠᠭᠤᠯᠢᠭ ᠪᠠ ᠰᠦᠷ ᠬᠦᠴᠤᠨ ᠢ ᠰᠠᠶᠢ ᠬᠦᠢᠴᠡᠳ ᠢᠯᠡᠷᠡᠭᠦᠯᠵᠤ | ᠴᠢᠳᠠᠨ᠎ᠡ᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢ ᠤᠯᠤᠰ ᠲᠦᠷᠦ ᠶᠢ ᠡᠷᠬᠢᠮᠯᠡᠭᠰᠡᠨ᠂ ᠰᠠᠬᠢᠯᠭ᠎ᠠ ᠪᠠᠳᠤ ᠶᠢ | ᠰᠠᠬᠢᠬᠰᠠᠨ᠂ ᠬᠠᠷᠢᠭᠤᠴᠠᠯᠭ᠎ᠠ ᠡᠬᠦᠷᠭᠡᠯᠡᠭᠰᠡᠨ ᠪᠦᠳᠦᠮᠵᠢᠳᠠᠢ ᠵᠢᠱᠢᠶᠠᠴᠢ ᠪᠠᠶᠢᠭᠤᠯᠭ᠎ᠠ ᠪᠤᠯᠭᠠᠨ ᠪᠠᠶᠢᠭᠤᠯᠵᠤ᠂ ᠤᠷᠤᠨ | ᠨᠤᠳᠤᠭ ᠤᠨ ᠨᠠᠮ ᠤᠨ ᠬᠤᠷᠢᠶ᠎ᠡ ᠶᠢ ᠨᠠᠮ ᠤᠨ ᠲᠦᠪ ᠬᠤᠷᠢᠶᠠᠨ ᠤ ᠵᠢᠯᠤᠭᠤᠳᠤᠯᠭ᠎ᠠ ᠶᠢ ᠲᠠᠭᠠᠬᠰᠠᠨ᠂ | ᠬᠠᠮᠢᠶᠡᠷᠤᠯᠳᠠ ᠨᠢ ᠴᠢᠩᠭ᠎ᠠ᠂ ᠬᠢᠨᠠᠯᠳᠠ ᠨᠢ ᠬᠦᠴᠤᠳᠠᠢ᠂ ᠤᠳᠤᠷᠢᠳᠬᠤ ᠪᠠᠭ ᠨᠢ ᠪᠦᠯᠬᠦᠮᠳᠡᠯ ᠲᠠᠢ᠂ ᠰᠤᠷᠳᠠᠯ | ᠴᠢᠭᠡᠴᠢ ᠤᠪᠤᠷ ᠲᠦᠪ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠪᠤᠯᠭᠠᠨ ᠪᠠᠶᠢᠭᠤᠯᠵᠤ᠂ ᠡᠯ᠎ᠡ ᠬᠦᠷᠢᠶᠠᠨ ᠤ | ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠠᠮ ᠤᠨ ᠤᠳᠤᠷᠢᠳᠤᠯᠭ᠎ᠠ ᠶᠢ ᠪᠠᠶᠠᠯᠡᠬᠦᠯᠬᠦ ᠪᠠᠳᠤ | ᠴᠢᠩᠭ᠎ᠠ ᠲᠠᠶᠢᠴᠢᠨ ᠪᠠᠬᠢᠯᠡᠯᠳᠠ ᠪᠤᠯᠭᠠᠨ ᠪᠠᠶᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠵᠤᠬᠢᠶᠠᠯ ᠳᠤ᠂ ᠲᠦᠷᠦ ᠪᠠᠷᠢᠬᠤ ᠭᠤᠤᠯ ᠬᠦᠴᠤᠨ ᠤ ᠡᠩᠨᠡᠭᠡ ᠪᠤᠯᠤᠨ ᠴᠢᠳᠠᠪᠤᠷᠢᠳᠠᠨ ᠤ ᠡᠩᠨᠡᠭᠡ ᠶᠢᠨ | ᠪᠠᠶᠢᠭᠤᠯᠤᠯᠳᠠᠶᠢ ᠰᠠᠶᠢᠳᠤᠷ ᠠᠳᠬᠤᠬᠤ ᠭᠡᠷᠡᠭᠳᠠᠢ᠃ ᠪᠢᠳᠠ ᠬᠤᠪᠢᠷᠠᠯᠳᠠ ᠯᠤᠭ᠎ᠠ ᠵᠤᠬᠢᠴᠠᠵᠤ᠂ ᠰᠢᠨ᠎ᠡ ᠠᠵᠠ | ᠲᠤᠬᠢᠶᠠᠯ ᠢ ᠪᠤᠢ ᠪᠤᠯᠭᠠᠨ᠂ ᠰᠢᠨ᠎ᠡ ᠪᠠᠶᠢᠳᠠᠯ ᠢ ᠡᠬᠦᠳᠴᠦ᠂ ᠰᠡᠷᠬᠦᠨ ᠮᠠᠨᠳᠤᠯᠳᠠ ᠶᠢ ᠰᠦᠪᠡᠭᠴᠢᠯᠡᠬᠦ ᠳᠤ | ᠵᠠᠩᠭᠢᠯᠠᠭ᠎ᠠ ᠨᠢ ᠨᠠᠮ ᠤᠨ ᠡᠯ᠎ᠡ ᠱᠠᠳᠤᠨ ᠤ ᠤᠳᠤᠷᠢᠳᠬᠤ ᠪᠠᠭ ᠪᠤᠯᠤᠨ ᠺᠠᠳ᠋ᠷ ᠤᠨ ᠡᠩᠨᠡᠭᠡ ᠶᠢ ᠰᠠᠶᠢᠳᠤᠷ ᠪᠠᠶᠢᠭᠤᠯᠵᠤ | ᠬᠦᠴᠤᠷᠭᠡᠭᠵᠢᠬᠦᠯᠬᠦ ᠳᠤ ᠪᠠᠶᠢᠨ᠎ᠠ᠃ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠳᠤ | ᠮᠤᠷᠠᠯ ᠴᠢᠳᠠᠪᠤᠷᠢ ᠬᠤᠤᠰᠯᠠᠬᠰᠡᠨ᠂ ᠶᠤᠰᠤ ᠰᠤᠷᠳᠠᠬᠤᠨ ᠢ ᠲᠡᠷᠢᠬᠦᠨ ᠳᠤ ᠲᠠᠯᠪᠢᠬᠤ᠂ ᠡᠷᠳᠡᠮᠳᠡᠨ ᠮᠡᠷᠭᠡᠳ ᠢ | ᠭᠡᠷᠡᠭᠯᠡᠬᠦ ᠴᠢᠭᠯᠡᠯᠳᠠ ᠶᠢ ᠲᠤᠷᠠᠳᠤᠬᠰᠡᠨ ᠨᠢ ᠲᠠᠷᠤᠢ ᠺᠠᠳ᠋ᠷ ᠢ ᠰᠢᠯᠢᠨ ᠲᠠᠪᠰᠢᠬᠦᠯᠬᠦ᠂ ᠴᠢᠳᠠᠪᠤᠷᠢᠳᠠᠨ ᠢ ᠭᠡᠷᠡᠭᠯᠡᠬᠦ ᠳᠤ | ᠶᠤᠰᠤ ᠰᠤᠷᠳᠠᠬᠤᠨ ᠢ ᠴᠢᠬᠤᠯᠠᠴᠢᠯᠠᠬᠤ ᠪᠠᠷ ᠪᠠᠷᠠᠬᠤ ᠦᠭᠡᠢ ᠡᠷᠳᠡᠮ ᠴᠢᠳᠠᠪᠤᠷᠢᠶᠢ ᠴᠤ ᠤᠮᠳᠤᠭᠠᠢᠢᠯᠠᠵᠤ ᠪᠤᠯᠬᠤ | ᠦᠭᠡᠢ ᠭᠡᠵᠤ ᠴᠢᠬᠤᠯᠠᠴᠢᠯᠠᠵᠤ ᠪᠠᠶᠢᠭ᠎ᠠ ᠶᠠᠪᠤᠳᠠᠯ ᠮᠦᠨ᠃ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ | ᠤᠯᠤᠰ ᠲᠦᠷᠦ ᠶᠢᠨ ᠪᠤᠭᠤᠮᠳᠠ᠂ ᠠᠷᠢᠭᠤᠨ ᠴᠢᠭᠡᠴᠢ ᠶᠢᠨ ᠪᠤᠭᠤᠮᠳᠠ ᠶᠢ ᠴᠢᠩᠭ᠎ᠠ ᠡᠵᠡᠮᠳᠡᠵᠤ᠂ ᠭᠡᠪ ᠪᠤᠯᠪᠠᠰᠤᠷᠠᠯ | ᠡᠷᠳᠡᠮ ᠴᠢᠳᠠᠪᠤᠷᠢ ᠶᠢᠨ ᠪᠤᠭᠤᠮᠳᠠ ᠶᠢ ᠴᠢᠩᠭ᠎ᠠ ᠠᠳᠬᠤᠬᠤ ᠭᠡᠷᠡᠭᠳᠠᠢ᠃ ᠺᠠᠳ᠋ᠷ ᠤᠨ ᠲᠦᠷᠢᠮ ᠤᠨ | ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠴᠢᠳᠠᠪᠤᠷᠢᠳᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠳᠠᠴᠠ ᠶᠢᠨ | ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠲᠡᠯᠡᠭᠡᠢ ᠳ᠋ᠠᠬᠢᠨ ᠤ ᠡᠷᠳᠡᠮᠳᠡᠨ ᠮᠠᠷᠭᠡᠳ ᠢ ᠴᠤᠬᠯᠠᠷᠠᠭᠤᠯᠤᠨ ᠭᠡᠷᠡᠭᠯᠡᠬᠦ ᠪᠠᠷ | ᠴᠢᠷᠮᠠᠶᠢᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠵᠤᠬᠢᠶᠠᠯ ᠳᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠦᠷᠢᠮ ᠤᠨ ᠪᠠᠶᠢᠭᠤᠯᠤᠯᠳᠠ ᠶᠢ ᠰᠠᠶᠢᠳᠤᠷ | ᠠᠳᠬᠤᠬᠤ ᠭᠡᠷᠡᠭᠳᠠᠢ᠃ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠡᠯ᠎ᠡ ᠱᠠᠳᠤᠨ ᠤ ᠨᠠᠮ ᠤᠨ ᠬᠤᠷᠢᠶ᠎ᠡ | ︵ᠨᠠᠮ ᠤᠨ ᠤᠳᠤᠷᠢᠳᠬᠤ ᠲᠤᠭᠤᠢᠢᠯᠠᠩ︶ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠵᠤᠬᠢᠶᠠᠨ | ᠪᠠᠶᠢᠭᠤᠯᠤᠯᠳᠠ ᠶᠢᠨ ᠬᠠᠤᠯᠢ ᠲᠤᠬᠳᠠᠭᠠᠯ ᠪᠠ ᠨᠠᠮ ᠤᠨ ᠲᠦᠪ ᠬᠤᠷᠢᠶᠠᠨ ᠤ ᠲᠤᠷᠠᠳᠤᠬᠰᠡᠨ ᠱᠠᠭᠠᠷᠳᠠᠯᠭ᠎ᠠ ᠶᠢ | ᠪᠤᠳᠠᠳᠠᠶᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠪᠠᠶᠢᠷᠢᠰᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ | ᠠᠮᠢᠳᠤᠷᠠᠯ᠂ ᠵᠤᠬᠢᠶᠠᠨ ᠪᠠᠶᠢᠭᠤᠯᠤᠯᠳᠠ ᠶᠢᠨ ᠠᠵᠢᠯᠯᠠᠭ᠎ᠠ᠂ ᠵᠤᠬᠢᠶᠠᠨ ᠪᠠᠶᠢᠭᠤᠯᠤᠯᠳᠠ ᠶᠢᠨ ᠬᠠᠮᠢᠶᠡᠷᠤᠯᠳᠠ᠂ ᠵᠤᠬᠢᠶᠠᠨ | ᠪᠠᠶᠢᠭᠤᠯᠤᠯᠳᠠ ᠶᠢᠨ ᠬᠢᠨᠡᠯᠳᠠ ᠲᠠᠯᠪᠢᠯᠳᠠ ᠵᠡᠷᠭᠡ ᠶᠢ ᠪᠠᠭᠳᠠᠭᠠᠬᠰᠡᠨ ᠪᠦᠷᠢᠨ ᠪᠦᠳᠦᠨ ᠵᠤᠬᠢᠶᠠᠨ ᠪᠠᠶᠢᠭᠤᠯᠤᠯᠳᠠ ᠶᠢᠨ | ᠲᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠨᠠᠮ ᠤᠨ ᠬᠤᠷᠢᠶ᠎ᠡ ︵ᠨᠠᠮ ᠤᠨ ᠤᠳᠤᠷᠢᠳᠬᠤ | ᠲᠤᠭᠤᠢᠢᠯᠠᠩ︶ ᠶᠢᠨ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠦᠷᠢᠮ ᠢ ᠲᠡᠭᠦᠯᠳᠡᠷᠵᠢᠭᠦᠯᠬᠦ ᠮᠦᠷᠳᠡᠬᠡᠨ ᠭᠡᠷᠡᠭᠵᠢᠬᠦᠯᠤᠯᠳᠠ ᠶᠢ ᠴᠢᠩᠭ᠎ᠠ ᠠᠳᠬᠤᠵᠤ᠂ | ᠨᠠᠮᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠲᠦᠷᠢᠮᠵᠢᠭᠰᠡᠨ᠂ ᠵᠢᠷᠦᠮᠵᠢᠭᠰᠡᠨ᠂ ᠰᠢᠨᠵᠢᠯᠡᠬᠦ | ᠤᠬᠠᠭᠠᠨᠴᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ |