ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠦᠳᠡ ᠶᠢᠨ ᠬᠤᠶᠢᠨ᠎ᠠ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠬᠤᠷᠢᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ | ᠴᠡᠷᠢᠭ ᠢᠶᠠᠨ ᠬᠦᠴᠦᠷᠬᠡᠭᠵᠢᠭᠦᠯᠬᠦ ᠬᠡᠷᠡᠭᠳᠠᠢ᠂ ᠴᠡᠷᠢᠭ ᠬᠦᠴᠦᠷᠬᠡᠭᠵᠢᠪᠡᠯ ᠤᠯᠤᠰ ᠰᠠᠶ᠋ᠢ ᠠᠮᠤᠷ ᠲᠦᠪᠰᠢᠨ ᠪᠠᠶᠢᠵᠤ | ᠴᠢᠳᠠᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠᠶᠢ ᠪᠡᠶᠡᠯᠡᠭᠦᠯᠬᠦ ᠳᠤ ᠡᠷᠬᠡᠪᠰᠢ ᠬᠥᠭᠵᠢᠯᠲᠡ ᠪᠠ | ᠠᠮᠤᠷ ᠲᠦᠪᠰᠢᠨ᠂ ᠤᠯᠤᠰ ᠢᠶᠠᠨ ᠪᠠᠶᠠᠵᠢᠭᠤᠯᠬᠤ ᠪᠠ ᠴᠡᠷᠢᠭ ᠢᠶᠠᠨ ᠬᠦᠴᠦᠷᠬᠡᠭᠵᠢᠭᠦᠯᠬᠦ ᠶᠢ ᠨᠢᠭᠡᠳᠦᠯᠲᠡᠶ | ᠲᠥᠯᠥᠪᠵᠢᠭᠦᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ | ᠠᠬᠢᠴᠠ ᠶᠢ ᠤᠯᠤᠰ ᠣᠷᠣᠨ ᠤ ᠣᠳᠣᠬᠢᠴᠢᠯᠠᠯᠲᠠ ᠶᠢᠨ ᠠᠬᠢᠴᠠ ᠯᠤᠭ᠎ᠠ ᠵᠣᠬᠢᠴᠠᠭᠤᠯᠬᠤ᠂ ᠴᠡᠷᠢᠭ ᠤᠨ ᠶᠠᠪᠤᠳᠠᠯᠤᠨ | ᠴᠢᠳᠠᠪᠤᠷᠢ ᠶᠢ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠲᠠᠢ ᠵᠣᠬᠢᠴᠠᠭᠤᠯᠬᠤ ᠶᠢ ᠪᠠᠳᠤᠯᠠᠬᠤ ᠬᠡᠷᠡᠭᠳᠠᠢ᠃ | ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ | ᠦᠵᠡᠯ ᠰᠠᠨᠠᠭ᠎ᠠ ᠪᠠᠨ ᠨᠢᠭᠡᠳᠬᠡᠨ ᠢᠲᠡᠭᠡᠯ ᠵᠣᠷᠢᠭ ᠢᠶᠠᠨ ᠪᠠᠲᠤᠳᠬᠠᠵᠤ ᠠᠵᠢᠯ ᠤᠨ ᠡᠷᠴᠢᠮ ᠢᠶᠠᠨ ᠴᠢᠩᠭᠠᠷᠠᠭᠤᠯᠤᠨ | ᠱᠠᠯᠠᠪᠳᠠᠨ ᠠᠵᠢᠯᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠳᠠ ᠶᠢᠨ | ᠪᠦᠳᠦᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠴᠧᠨ ᠷᠦᠩ ᠳ᠋ᠢ | ᠨᠥᠬᠦᠷ ᠡᠨᠡ ᠬᠦ ᠠᠰᠠᠭᠤᠳᠠᠯ ᠤᠨ ᠲᠤᠬᠠᠶ ᠲᠠᠶᠢᠯᠤᠮᠵᠢ ᠬᠢᠭᠰᠡᠨ ᠪᠦᠭᠡᠳ ᠦᠪᠡᠷ ᠤᠨ ᠰᠠᠨᠠᠯ ᠰᠠᠨᠠᠭᠤᠯᠭ᠎ᠠ ᠪᠠᠨ | ᠶᠠᠷᠢᠵᠠᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠤᠮᠵᠢ ᠶᠢ | ᠨᠠᠷᠢᠨ ᠬᠢᠨᠠᠮᠠᠭᠠᠶ ᠰᠤᠨᠤᠰᠤᠭᠰᠠᠨ ᠪᠦᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠵᠠᠢ᠃ ᠲᠡᠷᠡ᠂ ᠪᠠᠳᠤ ᠪᠠᠬᠢ ᠤᠯᠤᠰ ᠤᠨ | ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ ᠠᠩᠬᠢ ᠶᠢ ᠪᠦᠲᠦᠭᠡᠨ ᠪᠠᠶᠢᠭᠤᠯᠬᠤ ᠪᠣᠯ ᠮᠠᠨ ᠤ ᠨᠠᠮ ᠤᠨ | ᠴᠥᠬᠦᠷᠡᠰᠢ ᠦᠭᠡᠢ ᠬᠥᠭᠡᠭᠡᠴᠡᠯᠳᠦᠬᠦ ᠬᠠᠷᠠᠯᠲᠠ ᠮᠥᠨ᠃ ᠤᠷᠲᠤ ᠬᠤᠭᠤᠴᠠᠭᠠᠨ ᠤ ᠦᠢᠯᠡᠳᠦᠯᠭᠡ ᠳᠤᠮᠳᠠ᠂ ᠮᠠᠨ ᠤ | ᠨᠠᠮ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠳᠠ ᠶᠢᠨ ᠪᠦᠲᠦᠭᠡᠨ | ᠪᠠᠶᠢᠭᠤᠯᠤᠯᠲᠠ ᠶᠢ ᠨᠠᠮ ᠪᠠ ᠤᠯᠤᠰ ᠤᠨ ᠦᠢᠯᠡᠰ ᠤᠨ ᠢᠶᠠᠨ ᠪᠦᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠰᠢᠷᠭᠠᠭᠤ ᠬᠠᠲᠠᠭᠤᠵᠢᠯᠲᠠᠶ ᠴᠢᠷᠮᠠᠶᠢᠨ᠂ ᠯᠤᠲᠤ ᠶᠡᠭᠡ ᠠᠮᠵᠢᠯᠲᠠ ᠣᠯᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠠᠩᠬᠠᠷᠤᠯ ᠢᠶᠠᠨ ᠬᠠᠨᠳᠤᠭᠤᠯᠵᠤ᠂ ᠨᠠᠮ ᠤᠨ ᠰᠢᠨ᠎ᠡ | ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠭᠤᠤᠯᠳᠠᠭᠤᠯᠤᠨ ᠠᠯᠢ ᠣᠯᠠᠨ | ᠴᠢᠬᠤᠯᠠ ᠶᠡᠭᠡ ᠴᠢᠭᠯᠡᠯᠲᠡ ᠵᠠᠷᠴᠢᠮ ᠢ ᠳᠤᠷᠠᠳᠴᠤ᠂ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠴᠡᠷᠢᠭ ᠢ ᠬᠦᠴᠦᠷᠬᠡᠭᠵᠢᠭᠦᠯᠬᠦ | ᠦᠢᠯᠡᠰ ᠤᠨ ᠰᠢᠨ᠎ᠡ ᠪᠠᠶᠢᠳᠠᠯ ᠢ ᠪᠤᠢ ᠪᠤᠯᠭᠠᠵᠠᠢ᠃ ᠡᠨᠡ ᠵᠢᠯ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ 2020 ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠪᠦᠭᠡᠳ | ᠢᠯᠡᠯᠳᠡ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ᠂ ᠲᠡᠭᠦᠨᠴᠢᠯᠡᠨ ᠮᠠᠨ ᠤ ᠴᠡᠷᠢᠭ ᠢᠶᠠᠨ | ᠳᠡᠯᠡᠬᠡᠶ ᠶᠢᠨ ᠲᠡᠷᠢᠭᠦᠨ ᠤ ᠴᠡᠷᠢᠭ ᠠᠩᠭᠢ ᠪᠣᠯᠭᠠᠨ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ | ᠡᠬᠢᠯᠡᠭᠦᠯᠦᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠡ | ᠪᠤᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠬᠢ ᠶᠢᠨ ᠣᠳᠣᠬᠢᠴᠢᠯᠠᠯᠲᠠ ᠶᠢᠨ ᠲᠤᠬᠠᠢ ᠰᠢᠨ᠎ᠡ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ | ᠲᠤᠬᠢᠷᠠᠭᠤᠯᠤᠯᠳᠠ ᠬᠢᠵᠡᠢ᠃ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ | ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ | ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠲᠠᠯᠠᠨ᠂ ᠴᠡᠷᠢᠭ ᠤᠨ | ᠶᠠᠪᠤᠳᠠᠯ ᠤᠨ ᠣᠨᠣᠯ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠴᠡᠷᠢᠭ ᠤᠨ ᠶᠠᠪᠤᠳᠠᠯ ᠤᠨ | ᠠᠵᠢᠯᠲᠠᠨ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠰᠢᠨᠴᠢᠯᠠᠯᠲᠠ ᠮᠡᠳᠡᠭᠡ | ᠵᠠᠩᠭᠢᠴᠢᠯᠠᠯᠳᠠ ᠤᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠂ ᠴᠡᠷᠢᠭ ᠢᠶᠠᠨ | ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ | ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠶ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭᠠᠳᠤᠢ ᠶᠡᠭᠡ | ᠬᠤᠪᠢᠷᠠᠯᠲᠠ ᠲᠦᠷᠬᠡᠰᠤᠨ ᠠᠬᠢᠵᠤ᠂ ᠰᠢᠨ᠎ᠡ ᠲᠢᠲᠢᠮᠯᠢᠭ ᠠᠭᠤᠰᠬᠢᠠ ᠦᠷᠪᠢᠰᠦᠯ ᠤᠨ ᠬᠢᠵᠢᠭ ᠤᠨ ᠪᠠᠶᠢᠲᠠᠯ | ᠳᠡᠯᠡᠬᠡᠶ ᠶᠢᠨ ᠪᠠᠶᠢᠷᠢᠰᠢᠯ ᠳᠤ ᠭᠦᠨᠵᠡᠭᠡᠶ ᠨᠥᠯᠥᠭᠡ ᠤᠴᠠᠷᠠᠭᠤᠯᠵᠤ᠂ ᠮᠠᠨ ᠤ ᠤᠯᠤᠰ ᠤᠨ ᠠᠮᠤᠷ ᠲᠦᠪᠰᠢᠨ ᠤ | ᠪᠠᠶᠢᠳᠠᠯ ᠤᠨ ᠲᠣᠭᠲᠠᠪᠤᠷᠢ ᠦᠭᠡᠢ ᠴᠢᠨᠠᠷ ᠲᠣᠭᠲᠠᠭᠤᠨ ᠪᠤᠰᠤ ᠴᠢᠨᠠᠷ ᠨᠡᠮᠡᠭᠳᠡᠪᠡ᠃ ᠳᠡᠯᠡᠬᠡᠢ ᠶᠢᠨ ᠰᠢᠨ᠎ᠡ ᠴᠡᠷᠢᠭ ᠤᠨ | ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠪᠢᠳᠡᠨ ᠳᠤ ᠣᠯᠳᠠᠬᠤᠶ᠎ᠠ ᠪᠡᠷᠬᠡ ᠠᠵᠠ ᠲᠣᠬᠢᠶᠠᠯ | ᠬᠠᠩᠭᠠᠬᠤ ᠶᠢᠨ ᠬᠠᠮᠲᠤ ᠬᠦᠨᠳᠤ ᠬᠡᠴᠡᠭᠦᠦ ᠥᠷᠢᠰᠥᠯᠳᠦᠭᠡᠨ ᠳᠤ ᠲᠤᠯᠭᠠᠷᠠᠭᠤᠯᠵᠠᠢ᠃ ᠡᠭᠦᠷᠭᠡᠲᠦ ᠪᠤᠳᠤᠯ ᠪᠠᠴᠢᠮ | ᠲᠤᠯᠭᠠᠮ ᠰᠡᠳᠬᠢᠯᠭᠡ ᠪᠠᠨ ᠴᠢᠩᠭᠠᠳᠬᠠᠨ᠂ ᠮᠠᠨ ᠤ ᠴᠡᠷᠢᠭ ᠤᠨ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠲᠠᠪᠠᠯᠳᠠᠳᠤ ᠬᠡᠯᠪᠡᠷᠢ ᠶᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠤᠯᠤᠰ ᠤᠨ ᠬᠥᠭᠵᠢᠯᠲᠡ ᠶᠢᠨ ᠪᠠᠶᠢᠷᠢᠰᠢᠭᠤᠯᠤᠯᠳᠠ ᠲᠠᠢ ᠵᠤᠬᠢᠴᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠮᠠᠨ ᠤ | ᠴᠡᠷᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠵᠤ᠂ ᠮᠠᠨ ᠤ | ᠴᠡᠷᠢᠭ ᠤᠨ ᠪᠦᠳᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠠᠶᠢᠲᠤᠷ ᠲᠤᠭᠤᠷᠪᠢᠨ ᠲᠣᠭᠲᠠᠭᠠᠵᠤ᠂ ᠰᠢᠨᠵᠢᠯᠡᠬᠦ ᠤᠬᠠᠭᠠᠨᠴᠢ ᠵᠠᠮ ᠱᠤᠭᠤᠮ ᠪᠤᠯᠤᠨ ᠠᠵᠢᠯ ᠤᠨ ᠵᠢᠷᠤᠭ ᠢ | ᠪᠦᠷᠢᠯᠲᠦᠭᠦᠯᠬᠦ ᠬᠡᠷᠡᠭᠳᠠᠢ᠃ ᠴᠢᠭᠯᠡᠯ ᠬᠤᠪᠢᠷᠠᠬᠤ ᠦᠭᠡᠢ᠂ ᠵᠠᠮ ᠬᠡᠯᠪᠠᠶᠢᠬᠦ ᠦᠭᠡᠢ᠂ ᠡᠷᠴᠢᠮ ᠰᠤᠯᠠᠷᠠᠬᠤ ᠦᠭᠡᠢ | ᠪᠠᠶᠢᠬᠤ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠲᠦᠷᠢᠮ ᠤᠨ ᠥᠭᠡᠷᠡᠴᠢᠯᠡᠯᠲᠡ ᠭᠢᠬᠦ | ᠭᠤᠤᠯᠳᠠᠯᠭ᠎ᠠ ᠶᠢ ᠲᠤᠪᠤᠶᠢᠯᠭᠠᠨ᠂ ᠡᠯ᠎ᠡ ᠵᠦᠢᠯ ᠤᠨ ᠥᠭᠡᠷᠡᠴᠢᠯᠡᠯᠲᠡ ᠬᠢᠬᠦ ᠠᠵᠢᠯ ᠢ ᠨᠢᠭᠡᠳᠦᠯᠲᠡᠶ ᠲᠥᠯᠥᠪᠵᠢᠬᠦᠯᠦᠨ | ᠠᠬᠢᠭᠤᠯᠵᠤ᠂ ᠳᠠᠶᠢᠴᠢᠨ ᠬᠦᠴᠦᠨ ᠢ ᠲᠠᠰᠤᠷᠠᠯᠳᠠ ᠦᠭᠡᠢ ᠴᠢᠯᠥᠭᠡᠯᠡᠨ ᠬᠥᠭᠵᠢᠭᠦᠯᠵᠦ᠂ ᠴᠡᠷᠢᠭ ᠠᠩᠬᠢ ᠶᠢᠨ | ᠠᠮᠢᠵᠢᠷᠠᠯ ᠤᠨ ᠬᠦᠴᠦᠨ ᠢ ᠴᠢᠯᠥᠭᠡᠯᠡᠨ ᠴᠢᠩᠭᠠᠳᠬᠠᠬᠤ ᠭᠡᠷᠡᠭᠲᠡᠢ᠃ ᠪᠡᠶ᠎ᠡ ᠪᠠᠨ ᠳᠠᠭᠠᠭᠠᠵᠤ ᠰᠢᠨᠡᠶᠢ ᠡᠭᠦᠳᠬᠦ | ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠢ ᠪᠠᠷᠢᠮᠲᠠᠯᠠᠵᠤ᠂ ᠰᠠᠭᠤᠷᠢ ᠰᠤᠳᠤᠯᠭᠠᠨ ᠪᠠ ᠠᠩᠬᠠᠨ ᠤ | ᠡᠭᠦᠳᠦᠯᠲᠡ ᠶᠢ ᠴᠢᠩᠭᠠᠳᠬᠠᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠶᠢ | ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠬᠤᠰᠢᠭᠤᠴᠢ ᠴᠢᠨᠠᠷᠲᠠᠶ᠂ ᠨᠤᠷᠠᠭᠠᠯᠳᠠ ᠶᠢᠨ ᠴᠢᠨᠠᠷᠲᠠᠶ | ᠮᠡᠷᠭᠡᠵᠢᠯ ᠢ ᠲᠦᠷᠬᠡᠨ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠣᠯᠤᠨ ᠵᠡᠪᠰᠡᠭ ᠲᠣᠨᠣᠭᠯᠠᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠵᠦ᠂ ᠮᠠᠨ ᠤ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠭᠤᠯᠤᠭᠳᠠᠴᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠦ᠂ ᠭᠤᠷᠪᠠ ᠶᠢ ᠨᠢᠭᠡ | ᠴᠣᠭᠴᠠᠵᠢᠭᠤᠯᠤᠭᠰᠠᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠦᠷᠢᠨᠰᠢᠭᠦᠯᠤᠨ᠂ | ᠴᠡᠷᠢᠭ ᠤᠨ ᠶᠠᠪᠤᠲᠠᠯ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ | ᠮᠣᠷᠠᠯ ᠴᠢᠳᠠᠪᠤᠷᠢ ᠬᠤᠤᠰᠯᠠᠭᠰᠠᠨ ᠥᠨᠳᠥᠷ ᠬᠡᠪ ᠪᠤᠯᠪᠠᠰᠤᠷᠠᠯ ᠲᠠᠢ᠂ ᠲᠤᠰᠬᠠᠶᠢᠵᠢᠭᠰᠠᠨ ᠰᠢᠨ᠎ᠡ ᠬᠡᠯᠪᠡᠷᠢ ᠶᠢᠨ | ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠦᠵᠢᠭᠦᠯᠵᠦ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ | ᠦᠷᠭᠡᠨ ᠢᠶᠠᠷ ᠤᠷᠢᠵᠤ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠣᠷᠣᠯᠴᠠᠭᠤᠯᠬᠤ ᠭᠡᠷᠡᠭᠲᠡᠢ᠃ | ᠬᠠᠮᠢᠶᠠᠷᠤᠯᠲᠠ ᠶᠢᠨ ᠤᠢᠢᠯᠠᠭᠠᠭᠳᠠᠬᠤᠨ ᠢᠶᠠᠨ ᠰᠢᠨᠡᠴᠢᠯᠡᠵᠦ᠂ ᠪᠠᠶᠢᠯᠳᠤᠬᠤ ᠪᠣᠳᠣᠯᠭ᠎ᠠ ᠶᠢᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠤᠨ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠵᠤ᠂ ᠪᠠᠶᠢᠯᠳᠤᠬᠤ ᠪᠤᠳᠤᠯᠭ᠎ᠠ ᠶᠢᠨ | ᠬᠠᠮᠢᠶᠠᠷᠤᠯᠲᠠ ᠶᠢᠨ ᠴᠦᠷᠬᠡᠯᠡᠭᠡ ᠵᠠᠮ ᠢ ᠰᠠᠭᠠᠳ ᠦᠭᠡᠢ ᠨᠡᠪᠲᠡᠷᠡᠭᠦᠯᠤᠨ᠂ ᠴᠡᠷᠢᠭ ᠤᠨ ᠶᠠᠪᠤᠳᠠᠯ ᠤᠨ | ᠬᠠᠮᠢᠶᠠᠷᠤᠯᠲᠠ ᠶᠢᠨ ᠬᠤᠪᠢᠰᠬᠠᠯ ᠢ ᠦᠨᠡᠨ ᠪᠣᠳᠠᠲᠠᠶ ᠪᠠᠷ ᠠᠬᠢᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ | ᠡᠷᠬᠢᠯᠳᠡ ᠶᠢᠨ ᠦᠷ᠎ᠠ ᠪᠦᠲᠦᠮᠵᠢ ᠪᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ | ᠬᠡᠷᠡᠭᠯᠡᠬᠡᠨ ᠤ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠬᠦ ᠨᠠᠮ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ | ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠬᠦᠴᠦ ᠪᠠᠨ ᠬᠠᠮᠲᠤᠳᠬᠠᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠲᠥᠪ ᠤᠨ ᠪᠠ ᠲᠥᠷᠥ ᠶᠢᠨ | ᠪᠠᠶᠢᠭᠤᠯᠭ᠎ᠠ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠢ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠨ᠂ ᠡᠭᠦᠷᠭᠡᠯᠡᠵᠦ ᠪᠠᠶᠢᠭ᠎ᠠ ᠬᠤᠯᠪᠣᠭᠳᠠᠯ ᠪᠦᠬᠦᠢ ᠠᠵᠢᠯ ᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠥᠭᠡᠷᠡᠴᠢᠯᠡᠯᠲᠡ ᠵᠡᠷᠭᠡ | ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠬᠦ ᠬᠡᠷᠡᠭᠲᠡᠢ᠃ ᠴᠡᠷᠢᠭ ᠤᠨ ᠭᠡᠷ ᠪᠦᠯᠢ ᠶᠢᠨ ᠬᠢᠨ ᠤ ᠴᠡᠷᠢᠭ ᠠᠩᠬᠢ ᠶᠢ | ᠳᠠᠭᠠᠵᠤ ᠠᠵᠢᠯᠯᠠᠬᠤ᠂ ᠦᠷ᠎ᠡ ᠬᠡᠤᠬᠡᠳ ᠨᠢ ᠰᠤᠷᠭᠠᠭᠤᠯᠢ ᠳᠤ ᠣᠷᠣᠵᠤ ᠴᠡᠴᠡᠷᠯᠢᠭ ᠲᠤ ᠤᠷᠤᠬᠤ᠂ ᠠᠰᠠᠷᠠᠨ | ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠴᠡᠷᠢᠭ ᠤᠨ ᠠᠯᠪᠠ ᠠᠴᠠ ᠬᠠᠯᠠᠭᠲᠠᠭᠰᠠᠳ ᠲᠤ | ᠪᠠᠲᠤᠯᠠᠭ᠎ᠠ ᠬᠠᠩᠭᠠᠬᠤ ᠵᠡᠷᠭᠡ ᠲᠠᠯ᠎ᠠ ᠶᠢᠨ ᠬᠦᠴᠢᠷᠳᠠᠯ ᠢ ᠢᠳᠡᠪᠬᠢᠲᠡᠶ ᠪᠠᠷ ᠰᠢᠢᠳᠪᠦᠷᠢᠯᠡᠬᠦ ᠭᠡᠷᠡᠭᠲᠡᠢ᠃ ᠴᠡᠷᠢᠭ | ᠠᠩᠬᠢ ᠶᠢᠨ ᠬᠢᠨ ᠲᠥᠪ ᠤᠨ ᠪᠠ ᠲᠦᠷᠦ ᠶᠢᠨ ᠪᠠᠶᠢᠭᠤᠯᠭ᠎ᠠ ᠯᠤᠭ᠎ᠠ ᠶᠢᠨ ᠤᠯᠤᠯᠴᠠᠭ᠎ᠠ ᠵᠤᠬᠢᠴᠠᠭᠤᠯᠭ᠎ᠠ ᠪᠠᠨ | ᠰᠠᠶᠢᠳᠦᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠲᠦᠭᠡᠨ ᠪᠠᠶᠢᠭᠤᠯᠤᠯᠲᠠ ᠶᠢ | ᠬᠠᠮᠲᠤ ᠪᠠᠷ ᠲᠦᠯᠬᠢᠨ ᠤᠷᠤᠭᠰᠢᠯᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | |