ᠰᠢᠨᠬᠤᠸᠠ ᠬᠤᠷᠢᠶᠡᠨ ᠤ ᠪᠡᠭᠡᠵᠢᠩ ᠤᠨ 8 ᠰᠠᠷ᠎ᠠ ᠶᠢᠨ 1 ᠤ ᠴᠠᠬᠢᠯᠭᠠᠨ ᠮᠡᠳᠡᠭᠡ 8 ᠰᠠᠷ᠎ᠠ ᠶᠢᠨ 1 ᠤ | ᠡᠳᠤᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠨᠧᠫᠠᠯ ᠤᠨ ᠶᠡᠷᠤᠩᠬᠡᠶᠢᠯᠡᠭᠴᠢ ᠪᠠᠨᠳᠠᠯᠢ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠥ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠬᠰᠠᠠ 65 ᠵᠢᠯ ᠤᠨ | ᠤᠢ ᠶᠢ ᠬᠠᠯᠠᠭᠤᠨ ᠢᠶᠠᠷ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠨᠧᠫᠠᠯ ᠤᠨ ᠨᠦᠬᠦᠷᠯᠡᠯ ᠦᠨᠢ ᠤᠳᠠᠭᠠᠨ | ᠲᠡᠤᠬᠡ ᠲᠠᠢ ᠶᠤᠮ᠃ ᠬᠠᠷᠢᠯᠴᠠᠭ᠎ᠠ ᠪᠠᠶᠢᠭᠤᠯᠤᠬᠰᠠᠠ 65 ᠵᠢᠯ ᠤᠨ ᠲᠤᠷᠰᠢ᠂ ᠬᠤᠶᠠᠷ ᠤᠯᠤᠰ ᠢᠮᠠᠬᠳᠠ ᠬᠠᠷᠢᠯᠴᠠᠨ | ᠬᠦᠨᠳᠦᠳᠬᠡᠨ ᠡᠷᠬᠡ ᠲᠡᠭᠰᠢ ᠪᠠᠷ ᠬᠠᠨᠳᠤᠯᠴᠠᠵᠥ᠂ ᠤᠯᠤᠰ ᠲᠦᠷᠦ ᠶᠢᠨ ᠢᠳᠡᠬᠡᠯᠴᠡᠭᠡ ᠪᠠᠨ ᠴᠢᠩᠭᠠᠳᠬᠠᠨ᠂ | ᠬᠠᠷᠢᠯᠴᠠᠨ ᠠᠰᠢᠬᠳᠠᠢ ᠬᠠᠮᠳᠤᠷᠠᠯᠴᠠᠭ᠎ᠠ ᠬᠢᠬᠦ ᠪᠠᠨ ᠬᠦᠨᠵᠡᠬᠡᠶᠢᠷᠡᠬᠦᠯᠵᠠᠢ᠃ ᠨᠢᠳᠤᠨᠤᠨ ᠪᠢᠳᠠ ᠬᠠᠷᠢᠯᠴᠠᠨ | ᠠᠶᠢᠯᠴᠢᠯᠠᠯᠳᠠ ᠬᠢᠵᠤ᠂ ᠬᠤᠶᠠᠷ ᠤᠯᠤᠰ ᠤᠨ ᠬᠠᠷᠢᠯᠴᠠᠭ᠎ᠠ ᠶᠢ ᠬᠦᠭᠵᠢᠯ ᠬᠢᠬᠡᠳ ᠴᠡᠴᠡᠭᠯᠡᠯ ᠳᠤ ᠬᠠᠨᠳᠤᠭᠤᠯᠤᠭᠰᠠᠠ | ᠦᠶ᠎ᠡ ᠶᠢᠨ ᠦᠶ᠎ᠡ ᠳᠤ ᠨᠦᠬᠦᠷᠰᠡᠭ ᠪᠠᠶᠢᠬᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ | ᠬᠠᠷᠢᠯᠴᠠᠭ᠎ᠠ ᠪᠤᠯᠭᠠᠨ ᠲᠡᠭᠡᠭᠰᠢᠯᠡᠬᠦᠯᠪᠡ᠃ ᠬᠤᠶᠠᠷ ᠤᠯᠤᠰ ᠢᠶᠠᠷ ᠢᠶᠠᠨ ᠬᠠᠳᠠᠭᠤ ᠪᠡᠷᠭᠡᠰᠢᠶᠡᠯ ᠢ ᠬᠠᠮᠳᠤ ᠪᠠᠷ | ᠲᠤᠭᠤᠯᠤᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠬᠠᠮᠳᠤ ᠪᠠᠷ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠵᠥ᠂ ᠲᠤᠮᠳᠠᠳᠤ ᠨᠧᠫᠠᠯ ᠤᠨ ᠨᠦᠬᠦᠷᠯᠡᠯ ᠤᠨ ᠰᠢᠨ᠎ᠡ ᠬᠠᠭᠤᠳᠠᠰᠤᠶᠢ ᠪᠢᠴᠢᠭᠯᠡᠪᠡ | ᠃ ᠪᠢ ᠲᠤᠮᠳᠠᠳᠤ ᠨᠧᠫᠠᠯ ᠤᠨ ᠬᠠᠷᠢᠯᠴᠠᠭ᠎ᠠ ᠶᠢᠨ ᠬᠦᠭᠵᠢᠯᠳᠡ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ᠂ | ᠲᠤᠷᠠᠳᠠᠶ᠎ᠠ ᠶᠡᠷᠤᠩᠬᠡᠶᠢᠯᠡᠭᠴᠢ ᠪᠠᠨᠳᠠᠯᠢ ᠲᠠᠢ ᠬᠠᠮᠳᠤ ᠪᠠᠷ ᠴᠢᠷᠮᠡᠶᠢᠵᠥ᠂ ᠬᠤᠶᠠᠷ ᠤᠯᠤᠰ ᠤᠨ ᠬᠠᠷᠢᠯᠴᠠᠭ᠎ᠠ ᠶᠢᠨ | ᠲᠠᠰᠤᠷᠠᠯᠳᠡ ᠦᠭᠡᠢ ᠤᠷᠤᠭᠰᠢ ᠬᠦᠭᠵᠢᠬᠦ ᠶᠢ ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ | ᠪᠤᠶᠠᠨ ᠦᠢᠯᠡᠳᠴᠦ᠂ ᠭᠠᠵᠠᠷ ᠤᠷᠤᠨ ᠤ ᠲᠤᠭᠳᠠᠭᠤᠨ ᠪᠠ ᠬᠦᠭᠵᠢᠯᠳᠡ ᠳᠤ ᠢᠳᠡᠪᠬᠢ ᠬᠦᠴᠦᠨ ᠢᠶᠠᠨ ᠡᠷᠬᠦᠨ᠎ᠡ | ᠬᠡᠵᠥ ᠵᠢᠭᠠᠵᠥ ᠭᠠᠷᠭᠠᠪᠠ᠃ | ᠪᠠᠨᠳᠠᠯᠢ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠨᠧᠫᠠᠯ ᠳᠤᠮᠳᠠᠳᠤ ᠶᠢᠨ ᠨᠦᠬᠦᠷᠯᠡᠯ ᠦᠨᠢ ᠤᠳᠠᠭᠠᠨ ᠤ | ᠲᠡᠦᠭᠡ ᠲᠠᠢ᠂ ᠬᠦᠨ ᠵᠤᠵᠠᠭᠠᠨ ᠰᠠᠭᠤᠷᠢ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ | ᠤᠯᠤᠰ ᠤᠨ ᠬᠠᠷᠢᠯᠴᠠᠭ᠎ᠠ ᠢᠯᠡᠷᠭᠡᠢ ᠦᠷᠭᠡᠵᠢᠨ ᠬᠦᠨᠵᠡᠭᠡᠶᠢᠷᠡᠵᠡᠢ᠃ ᠨᠧᠫᠠᠯ ᠤᠨ ᠬᠢᠨ ᠳᠤᠮᠳᠠᠳᠤ ᠶᠢᠨ ᠲᠠᠯ᠎ᠠ ᠶᠢᠨ | ᠳᠤᠷᠠᠳᠤᠭᠰᠠᠨ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢ ᠪᠠᠶᠢᠭᠤᠯᠬᠤ | ᠤᠢᠢᠯᠠᠭᠠᠭᠳᠠᠬᠤᠨ ᠢ ᠪᠠᠶᠠᠷᠯᠠᠨ ᠤᠬᠳᠤᠵᠦ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ | ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠨ᠎ᠠ᠃ ᠨᠧᠫᠠᠯ ᠤᠨ ᠬᠢᠨ ᠳᠤᠮᠳᠠᠳᠤ ᠶᠢᠨ ᠲᠠᠯ᠎ᠠ ᠶᠢᠨ ᠪᠦᠳᠦᠮᠵᠢᠳᠠᠢ | ᠠᠷᠭ᠎ᠠ ᠭᠡᠮᠵᠢᠶ᠎ᠠ ᠠᠪᠴᠦ ᠰᠢᠨ᠎ᠠ ᠳᠢᠲᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠬᠤᠷᠢᠬᠯᠠᠬᠰᠠᠨ ᠢ | ᠮᠠᠬᠳᠠᠨ ᠰᠠᠶᠢᠰᠢᠶᠠᠵᠦ᠂ ᠳᠤᠮᠳᠠᠳᠤ ᠶᠢᠨ ᠲᠠᠯ᠎ᠠ ᠠᠴᠠ ᠨᠧᠫᠠᠯ ᠳᠤ ᠬᠢᠵᠢᠭ ᠲᠠᠢ ᠲᠡᠮᠡᠴᠡᠬᠦ ᠳᠤ ᠦᠵᠡᠬᠦᠯᠦᠭᠰᠡᠨ | ᠨᠠᠨᠳᠢᠨ ᠳᠡᠮᠵᠢᠯᠭᠡ ᠳᠤ ᠳᠠᠯᠠᠷᠬᠠᠵᠦ ᠪᠠᠶᠢᠨ᠎ᠠ᠃ ᠨᠧᠫᠠᠯ ᠤᠨ ᠬᠢᠨ ᠳᠤᠷᠠᠳᠠᠶ᠎ᠠ ᠳᠤᠮᠳᠠᠳᠤ ᠶᠢᠨ ᠲᠠᠯ᠎ᠠ ᠲᠠᠢ | ᠬᠠᠮᠳᠤ ᠪᠠᠷ ᠴᠢᠷᠮᠠᠶᠢᠵᠦ᠂ ᠬᠤᠶᠠᠷ ᠤᠯᠤᠰ ᠤᠨ ᠤᠯᠤᠰ ᠤᠨ ᠲᠡᠷᠢᠬᠦᠨ ᠤ ᠲᠤᠭᠳᠠᠭᠰᠠᠨ ᠦᠷᠭᠡᠨ ᠳᠡᠯᠭᠡᠷ | ᠬᠠᠮᠳᠦ ᠶᠢᠨ ᠲᠠᠨᠢᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠤᠶᠠᠷ ᠤᠯᠤᠰ ᠪᠠ ᠬᠤᠶᠠᠷ ᠤᠯᠤᠰ ᠤᠨ | ᠠᠷᠠᠳ ᠲᠦᠮᠡᠨ ᠳᠤ ᠪᠤᠶᠠᠨ ᠦᠢᠯᠡᠳᠦᠨ᠎ᠠ ᠭᠡᠵᠦ ᠢᠯᠡᠳᠭᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ ᠪᠤᠯᠤᠨ | ᠨᠧᠫᠠᠯ ᠤᠨ ᠶᠡᠷᠤᠩᠭᠡᠢ ᠰᠠᠶᠢᠳ ᠤᠤᠯᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃ ᠯᠢ ᠺᠧ ᠴᠢᠶᠠᠩ | ᠪᠠᠶᠠᠷ ᠤᠨ ᠴᠠᠬᠢᠯᠭᠠᠨ ᠴᠢᠮᠡᠭᠡ ᠳᠡᠭᠡᠨ᠂ ᠡᠨᠡ ᠵᠢᠯ ᠠᠴᠠ ᠨᠠᠭᠠᠰᠢ ᠲᠤᠮᠳᠠᠳᠤ ᠨᠧᠫᠠᠯ ᠬᠤᠶᠠᠷ ᠲᠠᠯ᠎ᠡ ᠪᠠᠷ ᠢᠶᠠᠨ ᠭᠠᠷ | ᠬᠤᠯᠪᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠵᠤ᠂ ᠬᠤᠶᠠᠷ ᠤᠯᠤᠰ ᠤᠨ | ᠢᠳᠡᠭᠡᠯᠴᠡᠭᠡ ᠪᠠ ᠨᠦᠬᠦᠷᠯᠡᠯ ᠢᠶᠠᠨ ᠴᠢᠨᠠᠬᠰᠢᠳᠠ ᠴᠢᠩᠭᠠᠳᠬᠠᠪᠠ᠃ ᠲᠤᠮᠳᠠᠳᠤ ᠤᠯᠤᠰ ᠲᠤᠷᠠᠳᠠᠶ᠎ᠡ | ᠨᠧᠫᠠᠯ ᠤᠨ ᠬᠢᠨ ᠲᠠᠢ ᠬᠠᠮᠳᠤ ᠪᠠᠷ ᠡᠯ᠎ᠡ ᠬᠦᠷᠢᠶᠠᠨ ᠤ ᠪᠦᠬᠦ ᠲᠠᠯ᠎ᠡ ᠶᠢᠨ ᠬᠠᠮᠳᠤᠷᠠᠯᠴᠠᠭ᠎ᠠ ᠶᠢ ᠴᠢᠩᠭᠠᠳᠬᠠᠨ᠂ ︽ | ᠨᠢᠭᠡ ᠪᠦᠰᠡ ᠨᠢᠭᠡ ᠵᠠᠮ︾ ᠢ ᠬᠠᠮᠳᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠵᠤ᠂ ᠬᠤᠶᠠᠷ ᠤᠯᠤᠰ ᠤᠨ | ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠲᠡᠭᠳᠡᠷ ᠲᠤ ᠭᠠᠷᠬᠤ ᠶᠢ ᠠᠬᠢᠭᠤᠯᠤᠨ᠎ᠡ ᠭᠡᠵᠤ ᠬᠡᠯᠡᠪᠡ᠃ ᠤᠤᠯᠢ | ᠪᠠᠶᠠᠷ ᠤᠨ ᠴᠠᠬᠢᠯᠭᠠᠨ ᠴᠢᠮᠡᠭᠡ ᠳᠡᠭᠡᠨ᠂ ᠬᠠᠷᠢᠯᠴᠠᠭ᠎ᠠ ᠪᠠᠶᠢᠭᠤᠯᠤᠬᠰᠡᠨ ᠠᠴᠠ ᠨᠠᠭᠠᠰᠢ᠂ ᠬᠤᠶᠠᠷ ᠤᠯᠤᠰ ᠤᠨ | ᠬᠠᠷᠢᠯᠴᠠᠭ᠎ᠠ ᠦᠷᠬᠦᠯᠵᠢᠯᠡᠨ ᠡᠷᠡᠬᠦᠯ ᠲᠤᠬᠳᠠᠭᠤᠨ ᠢᠶᠠᠷ ᠬᠦᠭᠵᠢᠪᠠ᠃ ᠨᠧᠫᠠᠯ ᠤᠨ ᠬᠢᠨ ᠲᠤᠮᠳᠠᠳᠤ ᠤᠯᠤᠰ ᠤᠨ | ᠨᠧᠫᠠᠯ ᠤᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠳᠤ ᠦᠵᠡᠬᠦᠯᠦᠭᠰᠡᠨ ᠬᠠᠯᠠᠭᠤᠨ | ᠲᠠᠮᠵᠢᠯᠭᠡ ᠳᠤ ᠲᠠᠯᠠᠷᠬᠠᠵᠤ ᠪᠠᠶᠢᠨ᠎ᠡ᠂ ᠲᠤᠮᠳᠠᠳᠤ ᠤᠯᠤᠰ ᠯᠤᠭ᠎ᠠ ᠨᠢᠬᠳᠠ ᠬᠠᠮᠳᠤᠷᠠᠯᠴᠠᠨ᠂ ᠠᠵᠤ ᠠᠬᠤᠢ ᠶᠢᠨ | ᠰᠡᠷᠬᠦᠭᠡᠯᠳᠠ ᠪᠠᠨ ᠪᠡᠶᠡᠯᠡᠬᠦᠯᠵᠤ᠂ ᠬᠤᠶᠠᠷ ᠲᠠᠯ᠎ᠡ ᠶᠢᠨ ᠬᠠᠷᠢᠯᠴᠠᠭ᠎ᠠ ᠳᠤ ᠨᠡᠩ ᠶᠡᠭᠡ ᠬᠦᠭᠵᠢᠯᠳᠠ ᠲᠠᠢ ᠪᠤᠯᠬᠤ ᠶᠢ | ᠬᠦᠰᠡᠵᠤ ᠪᠠᠶᠢᠨ᠎ᠡ ᠭᠡᠵᠤ ᠢᠯᠡᠳᠭᠡᠪᠡ᠃ | |